ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢ ᠬᠡᠷᠡᠭᠵᠢᠭᠦᠯᠬᠦ ᠨᠠᠷᠢᠨ ᠳᠦᠷᠢᠮ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠬᠡᠷᠡᠭᠵᠢᠭᠦᠯᠬᠦ ᠠᠷᠭ᠎ᠠ﹀᠎ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠎ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2018/1/19
     ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠨᠠᠷᠢᠨ ᠳᠦᠷᠢᠮ︾ ᠭᠡᠵᠦ ᠲᠣᠪᠴᠢᠯᠠᠨ᠎ᠠ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠭᠠᠶᠢᠯᠢ ᠲᠤᠰᠢᠶᠠᠭᠴᠢ ᠪᠠ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠪᠠᠶᠢᠭᠤᠯᠭ᠎ᠠ ᠶᠢ ᠬᠠᠪᠰᠤᠷᠤᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠨᠠᠷᠢᠨ ᠳᠦᠷᠢᠮ︾ ᠪᠠ ︽ᠠᠷᠭ᠎ᠠ︾᠎ ᠶᠢ ᠨᠡᠩ ᠰᠠᠶᠢᠨ ᠣᠶᠢᠯᠠᠭᠠᠭᠤᠯᠬᠤ ᠪᠠ ᠬᠡᠷᠡᠭᠵᠢᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠳᠣᠣᠷᠠᠬᠢ ᠮᠡᠲᠦ ᠲᠠᠶᠢᠯᠤᠮᠵᠢ ᠬᠢᠪᠡ᠄      ᠨᠢᠭᠡ᠂ ᠲᠤᠰ ᠤᠳᠠᠭ᠎ᠠ ︽ᠨᠠᠷᠢᠨ ᠳᠦᠷᠢᠮ︾ ᠪᠠ ︽ᠠᠷᠭ᠎ᠠ︾᠎ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠨᠢ ᠶᠠᠮᠠᠷ ᠪᠣᠢ︖      ᠵᠠᠰᠠᠪᠤᠷᠢ ᠣᠷᠣᠭᠤᠯᠬᠤ ᠠᠴᠠ ᠡᠮᠦᠨᠡᠬᠢ ︽ᠨᠠᠷᠢᠨ ᠳᠦᠷᠢᠮ︾᠎ ᠢ 1996 ᠣᠨ ᠳᠤ ᠲᠣᠭᠲᠠᠭᠠᠵᠤ᠂ ᠨᠢᠭᠡᠨᠲᠡ 20 ᠵᠢᠯ ᠬᠡᠷᠡᠭᠵᠢᠭᠦᠯᠪᠡ᠃ ᠠᠵᠤ ᠠᠬᠤᠢ ᠨᠡᠶᠢᠭᠡᠮ ᠤᠨ ᠬᠥᠭᠵᠢᠯᠲᠡ ᠪᠠ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠤᠤᠯ ᠤᠨ ︽ᠨᠠᠷᠢᠨ ᠳᠦᠷᠢᠮ︾᠎ ᠤᠨ ᠬᠠᠮᠢᠶ᠎ᠠ ᠪᠦᠬᠦᠢ ᠵᠤᠷᠪᠤᠰ ᠵᠦᠢᠯ ᠨᠢ ᠤᠯᠤᠰ ᠤᠨ ᠣᠳᠣ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠲᠣᠭᠲᠠᠭᠠᠯ ᠲᠠᠢ ᠳᠠᠪᠬᠤᠷᠳᠠᠬᠤ ᠪᠤᠶᠤ ᠵᠣᠬᠢᠴᠠᠯᠳᠤᠬᠤ ᠦᠭᠡᠢ ᠪᠣᠯᠵᠠᠢ᠃ ᠤᠤᠯ ᠤᠨ ︽ᠨᠠᠷᠢᠨ ᠳᠦᠷᠢᠮ︾ ᠪᠠ ︽ᠠᠷᠭ᠎ᠠ︾᠎ ᠳᠤ᠂ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢᠨ ᠲᠤᠬᠠᠢ ᠶᠢᠨ ᠬᠤᠭᠤᠴᠠᠭᠠᠨ ᠤ ᠭᠠᠶᠢᠯᠢ ᠶᠢᠨ ᠵᠣᠭᠤᠰ ᠢ ᠬᠤᠭᠤᠴᠠᠭᠠᠨ ᠤ ᠡᠬᠢᠨ ᠳᠤ ᠲᠠᠲᠠᠪᠤᠷᠢᠯᠠᠨ ᠬᠤᠷᠢᠶᠠᠵᠤ᠂ ᠭᠠᠶᠢᠯᠢ ᠲᠤᠰᠢᠶᠠᠭᠴᠢ ᠶᠢᠨ ᠪᠡᠯᠡ ᠮᠥᠩᠭᠦ ᠶᠢ ᠡᠵᠡᠯᠡᠵᠦ᠂ ᠭᠠᠶᠢᠯᠢ ᠲᠤᠰᠢᠶᠠᠭᠴᠢ ᠶᠢᠨ ᠪᠡᠯᠡ ᠮᠥᠩᠭᠦ ᠶᠢᠨ ᠳᠠᠷᠤᠭᠠᠰᠤ ᠶᠢ ᠨᠡᠮᠡᠭᠳᠡᠭᠦᠯᠵᠦ ᠪᠠᠶᠢᠵᠠᠢ᠃ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠠᠤᠯᠢ ᠶᠣᠰᠣᠭᠠᠷ ᠭᠠᠶᠢᠯᠢ ᠶᠢ ᠵᠠᠰᠠᠬᠤ ᠵᠠᠷᠴᠢᠮ ᠢ ᠨᠠᠶᠢᠳᠠᠪᠤᠷᠢᠵᠢᠭᠤᠯᠤᠨ᠂ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠶᠢ ᠵᠢᠷᠤᠮᠵᠢᠭᠤᠯᠵᠤ᠂ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠬᠥᠩᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠨᠠᠷᠢᠨ ᠳᠦᠷᠢᠮ︾ ᠪᠠ ︽ᠠᠷᠭ᠎ᠠ︾᠎ ᠳᠤ ᠵᠡᠷᠭᠡ ᠳᠤ ᠨᠢ ᠵᠠᠰᠠᠪᠤᠷᠢ ᠣᠷᠣᠭᠤᠯᠤᠭᠰᠠᠨ ᠪᠠᠶᠢᠨ᠎ᠠ᠃      ᠬᠤᠶᠠᠷ᠂ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠨᠢ ᠶᠠᠭᠤ ᠪᠣᠢ︖      ︵ᠨᠢᠭᠡ︶ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢᠨ ᠪᠣᠳᠠᠲᠠᠢ ᠲᠤᠰᠢᠶᠠᠬᠤ ᠴᠠᠭ ᠢ ︽1 ᠳ᠋ᠦ᠋ᠭᠡᠷ ᠰᠠᠷ᠎ᠠ ᠪᠠ 7 ᠳ᠋ᠤᠭᠠᠷ ᠰᠠᠷ᠎ᠠ︾ ᠪᠠᠶᠢᠭᠰᠠᠨ ᠢ ᠵᠠᠰᠠᠪᠤᠷᠢ ᠣᠷᠣᠭᠤᠯᠵᠤ ︽5 ᠳ᠋ᠤᠭᠠᠷ ᠰᠠᠷ᠎ᠠ ᠪᠠ 11 ᠳ᠋ᠦ᠋ᠭᠡᠷ ᠰᠠᠷ᠎ᠠ︾ ᠪᠣᠯᠭᠠᠪᠠ᠃      ᠤᠤᠯ ᠤᠨ ︽ᠨᠠᠷᠢᠨ ᠳᠦᠷᠢᠮ︾ ᠪᠠ ︽ᠠᠷᠭ᠎ᠠ︾᠎ ᠳᠤ᠂ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢᠨ ᠲᠤᠰᠢᠶᠠᠬᠤ ᠬᠤᠭᠤᠴᠠᠭ᠎ᠠ ᠶᠢᠨ ᠬᠢᠵᠠᠭᠠᠷ ᠢ ᠵᠢᠯ ᠪᠦᠷᠢ ᠶᠢᠨ 1 ᠳ᠋ᠦ᠋ᠭᠡᠷ ᠰᠠᠷ᠎ᠠ ᠪᠠ 7 ᠳ᠋ᠤᠭᠠᠷ ᠰᠠᠷ᠎ᠠ ᠪᠠᠷ ᠲᠣᠭᠲᠠᠭᠠᠵᠠᠢ᠃ ᠲᠤᠰ ᠵᠦᠢᠯ ᠤᠨ ᠲᠤᠰᠢᠶᠠᠬᠤ ᠬᠤᠭᠤᠴᠠᠭᠠᠨ ᠤ ᠬᠢᠵᠠᠭᠠᠷ ᠤᠨ ᠲᠣᠭᠲᠠᠭᠠᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯ᠄ ᠨᠢᠭᠡ ᠳᠤ᠂ ᠭᠠᠶᠢᠯᠢ ᠲᠤᠰᠢᠶᠠᠭᠴᠢ ᠶᠢᠨ ᠲᠤᠬᠠᠢ ᠶᠢᠨ ᠬᠤᠭᠤᠴᠠᠭᠠᠨ ᠤ ᠦᠢᠯᠡᠳᠪᠦᠷᠢᠯᠡᠯ ᠡᠵᠡᠩᠨᠡᠯᠲᠡ ᠨᠢ ᠰᠠᠶ᠋ᠢᠬᠠᠨ ᠡᠬᠢᠯᠡᠵᠦ᠂ ᠡᠵᠡᠩᠨᠡᠯᠲᠡ ᠶᠢᠨ ᠠᠰᠢᠭ ᠣᠷᠣᠯᠭ᠎ᠠ ᠨᠢ ᠬᠠᠷᠠᠬᠠᠨ ᠪᠡᠶᠡᠯᠡᠭᠳᠡᠭᠡᠳᠦᠢ ᠪᠠᠶᠢᠳᠠᠯ ᠳᠣᠣᠷ᠎ᠠ᠂ ᠲᠤᠰ ᠬᠤᠭᠤᠴᠠᠭᠠᠨ ᠤ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠲᠤᠰᠢᠶᠠᠬᠤ ᠡᠭᠦᠷᠭᠡ ᠶᠢ ᠡᠭᠦᠷᠭᠡᠯᠡᠬᠦ ᠪᠣᠯᠣᠨ᠎ᠠ᠂ ᠡᠨᠡ ᠨᠢ ᠭᠠᠶᠢᠯᠢ ᠲᠤᠰᠢᠶᠠᠭᠴᠢ ᠶᠢᠨ ᠪᠡᠯᠡ ᠮᠥᠩᠭᠦ ᠶᠢ ᠡᠵᠡᠯᠡᠵᠦ᠂ ᠦᠢᠯᠡᠳᠪᠦᠷᠢᠯᠡᠯ ᠡᠵᠡᠩᠨᠡᠯᠲᠡ ᠳᠤ ᠨᠢ ᠠᠰᠢᠭ ᠦᠭᠡᠢ᠃ ᠬᠤᠶᠠᠷ ᠲᠤ᠂ ᠭᠠᠶᠢᠯᠢ ᠲᠤᠰᠢᠶᠠᠭᠴᠢ ︽ᠨᠠᠷᠢᠨ ᠳᠦᠷᠢᠮ︾ ᠪᠠ ︽ᠠᠷᠭ᠎ᠠ︾᠎ ᠶᠢᠨ ᠲᠣᠭᠲᠠᠭᠠᠯ ᠢ ᠦᠨᠳᠦᠰᠦᠯᠡᠵᠦ᠂ ᠬᠤᠭᠤᠴᠠᠭᠠᠨ ᠤ ᠡᠬᠢᠨ ᠳᠤ ᠨᠢᠭᠡᠨᠲᠡ ᠪᠦᠬᠦᠯᠢ ᠬᠤᠭᠤᠴᠠᠭᠠᠨ ᠤ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠲᠤᠰᠢᠶᠠᠭᠰᠠᠨ ᠪᠣᠯᠬᠤᠷ᠂ ᠬᠡᠷᠪᠡ ᠳᠤᠮᠳᠠ ᠠᠴᠠ ᠨᠢ ᠭᠠᠶᠢᠯᠢ ᠲᠤᠰᠢᠶᠠᠬᠤ ᠡᠭᠦᠷᠭᠡ ᠪᠠᠨ ᠵᠣᠭᠰᠣᠭᠠᠬᠤ ᠳᠤ ᠬᠦᠷᠪᠡᠯ᠂ ᠡᠷᠬᠡᠪᠰᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠭᠠᠶᠢᠯᠢ ᠪᠤᠴᠠᠭᠠᠬᠤ ᠭᠠᠷᠳᠠᠮ ᠭᠦᠢᠴᠡᠳᠬᠡᠬᠦ ᠴᠢᠬᠤᠯᠠᠲᠠᠢ ᠪᠠᠶᠢᠵᠤ᠂ ᠲᠠᠲᠠᠪᠤᠷᠢᠯᠠᠬᠤ ᠲᠤᠰᠢᠶᠠᠬᠤ ᠬᠤᠶᠠᠷ ᠲᠠᠯ᠎ᠠ ᠶᠢᠨ ᠭᠠᠶᠢᠯᠢ ᠭᠦᠢᠴᠡᠳᠬᠡᠬᠦ ᠳᠠᠷᠤᠭᠠᠰᠤ ᠶᠢ ᠨᠡᠮᠡᠭᠳᠡᠭᠦᠯᠵᠡᠢ᠃      ᠲᠤᠰ ᠤᠳᠠᠭ᠎ᠠ ᠵᠠᠰᠠᠪᠤᠷᠢ ᠣᠷᠣᠭᠤᠯᠬᠤ ᠳᠤ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢᠨ ᠰᠡᠳᠬᠢᠮᠵᠢ ᠶᠢ ᠵᠢᠷᠤᠮᠯᠠᠵᠤ᠂ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢᠨ ᠪᠣᠳᠠᠲᠠᠢ ᠲᠤᠰᠢᠶᠠᠬᠤ ᠴᠠᠭ ᠢ ︽1 ᠳ᠋ᠦ᠋ᠭᠡᠷ ᠰᠠᠷ᠎ᠠ ᠪᠠ 7 ᠳ᠋ᠤᠭᠠᠷ ᠰᠠᠷ᠎ᠠ︾᠎ ᠠᠴᠠ ︽5 ᠳ᠋ᠤᠭᠠᠷ ᠰᠠᠷ᠎ᠠ ᠪᠠ 11 ᠳ᠋ᠦ᠋ᠭᠡᠷ ᠰᠠᠷ᠎ᠠ︾ ᠪᠣᠯᠭᠠᠨ ᠥᠭᠡᠷᠡᠴᠢᠯᠡᠪᠡ᠃ ᠨᠢᠭᠡ ᠲᠠᠯ᠎ᠠ ᠪᠠᠷ᠂ ᠬᠤᠭᠤᠴᠠᠭᠠᠨ ᠤ ᠡᠴᠦᠰ ᠲᠤ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠲᠠᠲᠠᠪᠤᠷᠢᠯᠠᠨ ᠬᠤᠷᠢᠶᠠᠬᠤ ᠨᠢ᠂ ᠭᠠᠶᠢᠯᠢ ᠲᠤᠰᠢᠶᠠᠭᠴᠢ ᠶᠢᠨ ᠭᠠᠶᠢᠯᠢ ᠲᠤᠰᠢᠶᠠᠬᠤ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠵᠦ᠂ ᠠᠵᠤ ᠠᠬᠤᠶᠢᠯᠠᠯ ᠤᠨ ᠪᠡᠯᠡ ᠮᠥᠩᠭᠦ ᠶᠢᠨ ᠥᠪᠡᠷ ᠤᠨ ᠥᠷᠲᠡᠭ ᠢ ᠪᠠᠭᠤᠷᠠᠭᠤᠯᠵᠤ ᠴᠢᠳᠠᠨ᠎ᠠ︔ ᠨᠥᠭᠦᠭᠡ ᠲᠠᠯ᠎ᠠ ᠪᠠᠷ᠂ ᠭᠠᠶᠢᠯᠢ ᠲᠤᠰᠢᠶᠠᠭᠴᠢ ᠶᠢᠨ ᠳᠤᠮᠳᠠ ᠠᠴᠠ ᠨᠢ ᠭᠠᠶᠢᠯᠢ ᠲᠤᠰᠢᠶᠠᠬᠤ ᠡᠭᠦᠷᠭᠡ ᠪᠠᠨ ᠵᠣᠭᠰᠣᠭᠠᠭᠰᠠᠨ ᠠᠴᠠ ᠪᠣᠯᠵᠤ ᠡᠭᠦᠰᠦᠭᠰᠡᠨ ᠭᠠᠶᠢᠯᠢ ᠪᠤᠴᠠᠭᠠᠬᠤ ᠠᠰᠠᠭᠤᠳᠠᠯ ᠠᠴᠠ ᠵᠠᠶᠢᠯᠠᠰᠬᠢᠵᠦ᠂ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠬᠡᠬᠦ ᠳᠠᠷᠤᠭᠠᠰᠤ ᠶᠢ ᠬᠥᠩᠭᠡᠯᠡᠭᠰᠡᠨ ᠢᠶᠠᠷ ᠪᠠᠷᠠᠬᠤ ᠦᠭᠡᠢ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠭᠠᠶᠢᠯᠢ ᠪᠤᠴᠠᠭᠠᠬᠤ ᠠᠵᠢᠯ ᠤᠨ ᠬᠡᠮᠵᠢᠶ᠎ᠡ ᠶᠢ ᠴᠤ ᠪᠠᠭᠠᠰᠬᠠᠵᠠᠢ  ᠃ ᠡᠭᠦᠨ ᠤ ᠬᠠᠮᠲᠤ᠂ ᠲᠤᠬᠠᠢ ᠶᠢᠨ ᠬᠤᠭᠤᠴᠠᠭᠠᠨ  ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ  ᠶᠢᠨ ᠠᠰᠠᠭᠤᠳᠠᠯ ᠢ ᠪᠣᠳᠣᠯᠬᠢᠯᠠᠵᠤ  ᠂ ᠲᠠᠲᠠᠪᠤᠷᠢᠯᠠᠨ ᠬᠤᠷᠢᠶᠠᠬᠤ ᠬᠤᠭᠤᠴᠠᠭᠠᠨ ᠤ ᠬᠢᠵᠠᠭᠠᠷ  ᠢ  6 ᠳ᠋ᠤᠭᠠᠷ ᠰᠠᠷ᠎ᠠ ᠪᠠ 12 ᠳ᠋ᠤᠭᠠᠷ ᠰᠠᠷ᠎ᠠ ᠬᠦᠷᠲᠡᠯ᠎ᠡ ᠴᠢᠯᠦᠭᠡᠲᠡᠢ ᠲᠠᠯᠪᠢᠭᠰᠠᠨ ᠦᠭᠡᠢ᠃      ︵ᠬᠤᠶᠠᠷ︶ ᠤᠤᠯ ᠤᠨ ︽ᠨᠠᠷᠢᠨ ᠳᠦᠷᠢᠮ︾᠎ ᠤᠨ ᠬᠤᠶᠠᠳᠤᠭᠠᠷ ᠵᠤᠷᠪᠤᠰ ᠤᠨ ᠳᠥᠷᠪᠡᠳᠦᠭᠡᠷ ᠵᠦᠢᠯ ᠳᠠᠬᠢ ︽ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠲᠣᠬᠢᠷᠠᠭᠤᠯᠤᠭᠰᠠᠨ ᠰᠢᠶᠠᠨ ᠤ ᠱᠠᠲᠤᠨ ᠠᠴᠠ ᠳᠡᠭᠡᠭᠰᠢᠬᠢ ᠦᠢᠯᠡᠳᠪᠦᠷᠢ ᠠᠭᠤᠷᠬᠠᠢ ᠶᠢᠨ ᠣᠷᠣᠨ︾ ᠭᠡᠳᠡᠭ ᠢ ᠵᠠᠰᠠᠵᠤ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠨ ᠲᠣᠬᠢᠷᠠᠭᠤᠯᠤᠭᠰᠠᠨ ᠦᠢᠯᠡᠳᠪᠦᠷᠢ ᠠᠭᠤᠷᠬᠠᠢ ᠶᠢᠨ ᠣᠷᠣᠨ︾ ᠪᠣᠯᠭᠠᠪᠠ᠃      ︽ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠭᠡᠷ ᠬᠥᠷᠥᠩᠭᠡ ᠶᠢᠨ ᠭᠠᠶᠢᠯᠢ ᠶᠢᠨ ᠪᠣᠳᠠᠲᠠᠢ ᠠᠰᠠᠭᠤᠳᠠᠯ ᠤᠳ ᠤᠨ ᠲᠤᠬᠠᠢ ᠲᠠᠶᠢᠯᠤᠮᠵᠢ ᠪᠠ ᠲᠦᠷ ᠬᠡᠷᠡᠭᠵᠢᠭᠦᠯᠬᠦ ᠲᠣᠭᠲᠠᠭᠠᠯ︾ ︵ᠡᠳ᠋ ᠭᠠᠶᠢᠯᠢ ᠭᠠᠵᠠᠷ ᠦᠰᠦᠭ  ﹇1986﹈ 8 ᠳ᠋ᠤᠭᠠᠷ ᠲᠣᠭᠠᠲᠤ︶᠎ ᠤᠨ ᠨᠢᠭᠡᠳᠦᠭᠡᠷ ᠵᠤᠷᠪᠤᠰ ᠤᠨ ᠳᠥᠷᠪᠡᠳᠦᠭᠡᠷ ᠵᠦᠢᠯ ᠤᠨ ︽ᠭᠡᠷ ᠬᠥᠷᠥᠩᠭᠡ ᠶᠢᠨ ᠭᠠᠶᠢᠯᠢ ᠶᠢ ᠡᠬᠢᠯᠡᠨ ᠲᠠᠲᠠᠪᠤᠷᠢᠯᠠᠬᠤ ᠦᠢᠯᠡᠳᠪᠦᠷᠢ ᠠᠭᠤᠷᠬᠠᠢ ᠶᠢᠨ ᠣᠷᠣᠨ ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ ᠳᠠᠮᠵᠢᠬᠤ ᠬᠡᠷᠡᠭᠲᠡᠢ︾ ᠭᠡᠬᠦ ᠲᠣᠭᠲᠠᠭᠠᠯ ᠢ ᠦᠨᠳᠦᠰᠦᠯᠡᠪᠡᠯ᠂ ᠦᠢᠯᠡᠳᠪᠦᠷᠢ ᠠᠭᠤᠷᠬᠠᠢ ᠶᠢᠨ ᠣᠷᠣᠨ ᠢ ᠲᠣᠬᠢᠷᠠᠭᠤᠯᠬᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠶᠢᠨ ᠬᠢᠵᠠᠭᠠᠷᠯᠠᠯ ᠪᠠᠶᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠦᠢᠯᠡᠳᠪᠦᠷᠢ ᠠᠭᠤᠷᠬᠠᠢ ᠶᠢᠨ ᠣᠷᠣᠨ ᠢ ᠵᠥᠪᠰᠢᠶᠡᠷᠡᠨ ᠲᠣᠬᠢᠷᠠᠭᠤᠯᠬᠤ ᠦᠭᠡᠢ ᠪᠠᠶᠢᠳᠠᠭ᠃ ᠡᠶᠢᠮᠦ ᠠᠴᠠ᠂ ᠤᠤᠯ ᠤᠨ ︽ᠨᠠᠷᠢᠨ ᠳᠦᠷᠢᠮ︾᠎ ᠤᠨ ᠲᠣᠭᠲᠠᠭᠠᠯ ᠨᠢ ᠤᠯᠤᠰ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠲᠠᠢ ᠨᠢᠭᠡᠳᠦᠯ ᠦᠭᠡᠢ ᠪᠣᠯᠬᠤᠷ ᠵᠠᠰᠠᠪᠤᠷᠢ ᠣᠷᠣᠭᠤᠯᠤᠭᠰᠠᠨ ᠪᠠᠶᠢᠨ᠎ᠠ᠃      ︵ᠭᠤᠷᠪᠠ︶ ᠣᠳᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠲᠥᠷᠥ ᠶᠢᠨ ᠪᠣᠳᠣᠯᠭ᠎ᠠ ᠲᠠᠢ ᠳᠠᠪᠬᠤᠷᠳᠠᠬᠤ ᠪᠤᠶᠤ ᠵᠣᠬᠢᠴᠠᠯᠳᠤᠬᠤ ᠦᠭᠡᠢ ᠪᠣᠯᠣᠭᠰᠠᠨ ᠤᠤᠯ ᠤᠨ ︽ᠨᠠᠷᠢᠨ ᠳᠦᠷᠢᠮ︾᠎ ᠤᠨ ᠳᠥᠷᠪᠡᠳᠦᠭᠡᠷ ᠵᠤᠷᠪᠤᠰ ᠲᠤ ᠵᠢᠭᠰᠠᠭᠠᠭᠰᠠᠨ ᠭᠠᠶᠢᠯᠢ ᠠᠴᠠ ᠬᠡᠯᠲᠦᠷᠢᠭᠦᠯᠬᠦ ᠵᠦᠢᠯᠡᠰ ᠲᠤ ᠵᠠᠰᠠᠪᠤᠷᠢ ᠣᠷᠣᠭᠤᠯᠪᠠ᠃      ᠤᠤᠯ ᠤᠨ ︽ᠨᠠᠷᠢᠨ ᠳᠦᠷᠢᠮ︾᠎ ᠤᠨ ᠳᠥᠷᠪᠡᠳᠦᠭᠡᠷ ᠵᠤᠷᠪᠤᠰ ᠤᠨ ᠨᠢᠭᠡᠳᠦᠭᠡᠷ ᠵᠦᠢᠯ ᠳᠤ᠂ ᠤᠯᠤᠰ ᠤᠨ ᠥᠮᠴᠢᠯᠡᠯᠲᠥ ᠲᠠᠷᠢᠶᠠᠯᠠᠩ ᠤᠨ ᠲᠠᠯᠠᠪᠠᠢ᠂ ᠣᠢ ᠰᠢᠭᠤᠢ ᠶᠢᠨ ᠲᠠᠯᠠᠪᠠᠢ᠂ ᠮᠠᠯᠵᠢᠯ ᠤᠨ ᠲᠠᠯᠠᠪᠠᠢ᠂ ᠵᠢᠭᠠᠰᠤᠨ ᠲᠠᠯᠠᠪᠤᠷ ᠤᠨ ᠡᠵᠡᠩᠨᠡᠯᠲᠡ ᠶᠢᠨ ᠪᠤᠰᠤ ᠪᠠᠷ ᠬᠡᠷᠡᠭᠯᠡᠵᠦ ᠪᠠᠶᠢᠭ᠎ᠠ ᠭᠡᠷ ᠬᠥᠷᠥᠩᠭᠡ ᠠᠴᠠ ᠲᠠᠲᠠᠪᠤᠷᠢᠯᠠᠬᠤ ᠭᠡᠷ ᠬᠥᠷᠥᠩᠭᠡ ᠶᠢᠨ ᠭᠠᠶᠢᠯᠢ ᠶᠢ ᠬᠡᠯᠲᠦᠷᠢᠭᠦᠯᠦᠨ᠎ᠡ ᠭᠡᠵᠦ ᠲᠣᠭᠲᠠᠭᠠᠵᠠᠢ᠃ ᠣᠳᠣᠬᠠᠨ ᠳᠤ᠂ ᠮᠠᠨ ᠤ ᠣᠷᠣᠨ ᠤ ᠤᠯᠤᠰ ᠤᠨ ᠥᠮᠴᠢᠯᠡᠯᠲᠥ ᠲᠠᠷᠢᠶᠠᠯᠠᠩ ᠤᠨ ᠲᠠᠯᠠᠪᠠᠢ᠂ ᠣᠢ ᠰᠢᠭᠤᠢ ᠶᠢᠨ ᠲᠠᠯᠠᠪᠠᠢ᠂ ᠮᠠᠯᠵᠢᠯ ᠤᠨ ᠲᠠᠯᠠᠪᠠᠢ᠂ ᠵᠢᠭᠠᠰᠤᠨ ᠲᠠᠯᠠᠪᠤᠷ ᠨᠢ ᠪᠦᠷ ᠡᠳ᠋ ᠤᠨ ᠵᠠᠰᠠᠭ ᠠᠴᠠ ᠵᠠᠷᠤᠳᠠᠯ ᠰᠠᠯᠭᠠᠨ ᠥᠭᠴᠦ ᠪᠠᠶᠢᠭ᠎ᠠ ᠠᠵᠢᠯ ᠦᠢᠯᠡᠰ ᠤᠨ ᠨᠢᠭᠡᠴᠢ ᠪᠠᠶᠢᠵᠤ᠂ ᠲᠡᠭᠦᠨ ᠤ ᠡᠵᠡᠩᠨᠡᠯᠲᠡ ᠶᠢᠨ ᠪᠤᠰᠤ ᠪᠠᠷ ᠬᠡᠷᠡᠭᠯᠡᠵᠦ ᠪᠠᠶᠢᠭ᠎ᠠ ᠭᠡᠷ ᠬᠥᠷᠥᠩᠭᠡ ᠠᠴᠠ ᠳᠦᠷᠢᠮ ᠳᠠᠬᠢ ︽ᠤᠯᠤᠰ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠵᠢᠯ ᠦᠢᠯᠡᠰ ᠤᠨ ᠵᠠᠷᠤᠳᠠᠯ ᠰᠠᠯᠭᠠᠨ ᠥᠭᠴᠦ ᠪᠠᠶᠢᠭ᠎ᠠ ᠨᠢᠭᠡᠴᠢ ᠶᠢᠨ ᠥᠪᠡᠷ ᠢᠶᠠᠨ ᠬᠡᠷᠡᠭᠯᠡᠬᠦ ᠭᠡᠷ ᠬᠥᠷᠥᠩᠭᠡ︾᠎ ᠶᠢᠨ ᠲᠣᠭᠲᠠᠭᠠᠯ ᠶᠣᠰᠣᠭᠠᠷ ᠭᠡᠷ ᠬᠥᠷᠥᠩᠭᠡ ᠶᠢᠨ ᠭᠠᠶᠢᠯᠢ ᠲᠠᠶᠢᠯᠪᠤᠷᠢᠯᠠᠬᠤ ᠠᠴᠠ ᠬᠡᠯᠲᠦᠷᠢᠭᠦᠯᠵᠦ ᠪᠣᠯᠬᠤ ᠪᠥᠭᠡᠳ ᠳᠠᠪᠬᠤᠷᠳᠠᠭᠤᠯᠤᠨ ᠲᠣᠭᠲᠠᠭᠠᠬᠤ ᠴᠢᠬᠤᠯᠠ ᠦᠭᠡᠢ ᠪᠣᠯᠬᠤᠷ ᠬᠠᠰᠤᠯᠲᠠ ᠬᠢᠭᠰᠡᠨ ᠪᠠᠶᠢᠨ᠎ᠠ᠃      ᠤᠤᠯ ᠤᠨ ︽ᠨᠠᠷᠢᠨ ᠳᠦᠷᠢᠮ︾᠎ ᠤᠨ ᠳᠥᠷᠪᠡᠳᠦᠭᠡᠷ ᠵᠤᠷᠪᠤᠰ ᠤᠨ ᠬᠤᠶᠠᠳᠤᠭᠠᠷ ᠵᠦᠢᠯ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠲᠣᠭᠲᠠᠭᠠᠯᠲᠠ ᠪᠠ ᠵᠥᠪᠰᠢᠶᠡᠷᠡᠯ ᠢᠶᠠᠷ ᠳᠠᠮᠵᠢᠭᠰᠠᠨ ᠠᠶᠤᠯ ᠲᠦᠭᠰᠢᠭᠦᠷᠢ ᠎ ᠲᠠᠢ ᠪᠠ ᠬᠡᠷᠡᠭᠯᠡᠬᠦ ᠶᠢ ᠵᠣᠭᠰᠣᠭᠠᠭᠰᠠᠨ ᠭᠡᠷ ᠬᠥᠷᠥᠩᠭᠡ ᠠᠴᠠ ᠲᠠᠲᠠᠪᠤᠷᠢᠯᠠᠬᠤ ᠭᠡᠷ ᠬᠥᠷᠥᠩᠭᠡ ᠶᠢᠨ ᠭᠠᠶᠢᠯᠢ ᠶᠢ ᠬᠡᠯᠲᠦᠷᠢᠭᠦᠯᠦᠨ᠎ᠡ ᠭᠡᠵᠦ ᠲᠣᠭᠲᠠᠭᠠᠪᠠ᠃ ᠲᠤᠰ ᠵᠦᠢᠯᠡᠰ ᠲᠤ ᠨᠢᠭᠡᠨᠲᠡ ︽ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠭᠡᠷ ᠬᠥᠷᠥᠩᠭᠡ ᠶᠢᠨ ᠭᠠᠶᠢᠯᠢ ᠶᠢᠨ ᠪᠣᠳᠠᠲᠠᠢ ᠠᠰᠠᠭᠤᠳᠠᠯ ᠤᠳ ᠤᠨ ᠲᠤᠬᠠᠢ ᠲᠠᠶᠢᠯᠪᠤᠷᠢ ᠪᠠ ᠲᠥᠷᠥ ᠬᠡᠷᠡᠭᠵᠢᠭᠦᠯᠬᠦ ᠲᠣᠭᠲᠠᠭᠠᠯ︾ ︵ᠡᠳ᠋ ᠭᠠᠶᠢᠯᠢ ᠭᠠᠵᠠᠷ ᠦᠰᠦᠭ  ﹇1986﹈ 8 ᠳ᠋ᠤᠭᠠᠷ ᠲᠣᠭᠠᠲᠤ︶᠎ ᠳᠤ ᠨᠠᠷᠢᠨ ᠳᠣᠲᠣᠷᠬᠠᠢ ᠲᠣᠭᠲᠠᠭᠠᠯ ᠭᠠᠷᠭᠠᠭᠰᠠᠨ ᠮᠥᠷᠲᠡᠭᠡᠨ ᠳᠠᠪᠬᠤᠷᠳᠠᠭᠤᠯᠤᠨ ᠲᠣᠭᠲᠠᠭᠠᠬᠤ ᠴᠢᠬᠤᠯᠠ ᠦᠭᠡᠢ ᠪᠣᠯᠬᠤᠷ ᠬᠠᠰᠤᠯᠲᠠ ᠬᠢᠭᠰᠡᠨ ᠪᠠᠶᠢᠨ᠎ᠠ᠃      ᠤᠤᠯ ᠤᠨ ︽ᠨᠠᠷᠢᠨ ᠳᠦᠷᠢᠮ︾᠎ ᠤᠨ ᠳᠥᠷᠪᠡᠳᠦᠭᠡᠷ ᠵᠤᠷᠪᠤᠰ ᠤᠨ ᠭᠤᠷᠪᠠᠳᠤᠭᠠᠷ ᠵᠦᠢᠯ ᠳᠤ᠂ ᠪᠠᠷᠠᠭ᠎ᠠ ᠬᠤᠳᠠᠯᠳᠤᠬᠤ᠂ ᠪᠢᠯᠧᠲ ᠬᠤᠳᠠᠯᠳᠤᠬᠤ ᠡᠯ᠎ᠡ ᠲᠥᠷᠥᠯ ᠤᠨ ᠫᠧᠩ᠂ ᠲᠢᠩᠬᠢᠮ ᠠᠴᠠ ᠲᠠᠲᠠᠪᠤᠷᠢᠯᠠᠬᠤ ᠭᠡᠷ ᠬᠥᠷᠥᠩᠭᠡ ᠶᠢᠨ ᠭᠠᠶᠢᠯᠢ ᠶᠢ ᠬᠡᠯᠲᠦᠷᠢᠭᠦᠯᠦᠨ᠎ᠡ ᠭᠡᠵᠦ ᠲᠣᠭᠲᠠᠭᠠᠪᠠ᠃ ᠤᠯᠤᠰ ᠤᠨ ᠣᠳᠣ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠳᠤ ᠲᠤᠰ ᠲᠥᠷᠥᠯ ᠤᠨ ᠭᠠᠶᠢᠯᠢ ᠠᠴᠠ ᠬᠡᠯᠲᠦᠷᠢᠭᠦᠯᠬᠦ ᠲᠣᠭᠲᠠᠭᠠᠯ ᠪᠠᠶᠢᠬᠤ ᠦᠭᠡᠢ᠃ ᠡᠭᠦᠨ ᠢᠶᠠᠷ ᠪᠠᠷᠠᠬᠤ ᠦᠭᠡᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠬᠥᠷᠥᠩᠭᠡ ᠶᠢᠨ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾᠎ ᠢ ᠦᠨᠳᠦᠰᠦᠯᠡᠪᠡᠯ᠂ ᠭᠠᠶᠢᠯᠢ ᠠᠴᠠ ᠬᠡᠯᠲᠦᠷᠢᠭᠦᠯᠬᠦ ᠭᠡᠷ ᠬᠥᠷᠥᠩᠭᠡ ᠶᠢ ᠡᠳ᠋ ᠤᠨ ᠵᠠᠰᠠᠭ ᠤᠨ ᠶᠠᠮᠤᠨ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠭᠠᠶᠢᠯᠢ ᠠᠴᠠ ᠬᠡᠯᠲᠦᠷᠢᠭᠦᠯᠬᠦ ᠭᠡᠷ ᠬᠥᠷᠥᠩᠭᠡ ᠶᠢ ᠲᠣᠭᠲᠠᠭᠠᠬᠤ ᠡᠷᠬᠡ ᠦᠭᠡᠢ ᠪᠣᠯᠬᠤᠷ ᠬᠠᠰᠤᠯᠲᠠ ᠬᠢᠭᠰᠡᠨ ᠪᠠᠶᠢᠨ᠎ᠠ᠃      ᠤᠤᠯ ᠤᠨ ︽ᠨᠠᠷᠢᠨ ᠳᠦᠷᠢᠮ︾᠎ ᠤᠨ ᠳᠥᠷᠪᠡᠳᠦᠭᠡᠷ ᠵᠤᠷᠪᠤᠰ ᠤᠨ ᠳᠥᠷᠪᠡᠳᠦᠭᠡᠷ ᠵᠦᠢᠯ ᠳᠤ᠂ ᠵᠣᠭᠰᠣᠭᠠᠭᠳᠠᠭᠰᠠᠨ ᠪᠠ ᠦᠢᠯᠡᠳᠪᠦᠷᠢᠯᠡᠯ ᠤᠨ ᠠᠵᠢᠯᠯᠠᠭ᠎ᠠ ᠨᠢ ᠵᠣᠭᠰᠣᠭᠰᠠᠨ ᠠᠵᠤ ᠠᠬᠤᠶᠢᠯᠠᠯ ᠤᠨ ᠥᠪᠡᠷ ᠢᠶᠠᠨ ᠥᠮᠴᠢᠯᠡᠵᠦ ᠥᠪᠡᠷ ᠢᠶᠠᠨ ᠬᠡᠷᠡᠭᠯᠡᠵᠦ ᠪᠠᠶᠢᠭ᠎ᠠ ᠭᠡᠷ ᠬᠥᠷᠥᠩᠭᠡ ᠠᠴᠠ ᠲᠠᠲᠠᠪᠤᠷᠢᠯᠠᠬᠤ ᠭᠡᠷ ᠬᠥᠷᠥᠩᠭᠡ ᠶᠢᠨ ᠭᠠᠶᠢᠯᠢ ᠶᠢ ᠬᠡᠯᠲᠦᠷᠢᠭᠦᠯᠦᠨ᠎ᠡ ᠭᠡᠵᠦ ᠲᠣᠭᠲᠠᠭᠠᠪᠠ᠃ ᠲᠤᠰ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠦᠨᠳᠦᠰᠦᠯᠡᠯ ᠪᠣᠯ ︽ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠭᠡᠷ ᠬᠥᠷᠥᠩᠭᠡ ᠶᠢᠨ ᠭᠠᠶᠢᠯᠢ ᠶᠢᠨ ᠪᠣᠳᠠᠲᠠᠢ ᠠᠰᠠᠭᠤᠳᠠᠯ ᠤᠳ ᠤᠨ ᠲᠤᠬᠠᠢ ᠲᠠᠶᠢᠯᠪᠤᠷᠢ ᠪᠠ ᠲᠥᠷᠥ ᠬᠡᠷᠡᠭᠵᠢᠭᠦᠯᠬᠦ ᠲᠣᠭᠲᠠᠭᠠᠯ︾ ︵ᠡᠳ᠋ ᠭᠠᠶᠢᠯᠢ ᠭᠠᠵᠠᠷ ᠦᠰᠦᠭ  ﹇1986﹈ 8 ᠳ᠋ᠤᠭᠠᠷ ᠲᠣᠭᠠᠲᠤ︶᠎ ᠤᠨ ᠬᠤᠷᠢᠳᠤᠭᠠᠷ ᠵᠤᠷᠪᠤᠰ ᠲᠠᠬᠢ ︽ᠠᠵᠤ ᠠᠬᠤᠶᠢᠯᠠᠯ ᠦᠢᠯᠡᠳᠪᠦᠷᠢᠯᠡᠯ ᠢᠶᠠᠨ ᠵᠣᠭᠰᠣᠭᠠᠭᠰᠠᠨ ᠪᠠ ᠣᠭᠴᠣᠷᠠᠭᠳᠠᠭᠰᠠᠨ ᠤ ᠳᠠᠷᠠᠭ᠎ᠠ᠂ ᠲᠡᠭᠦᠨ ᠤ ᠤᠤᠯ ᠤᠨ ᠪᠠᠶᠢᠭᠰᠠᠨ ᠭᠡᠷ ᠬᠥᠷᠥᠩᠭᠡ ᠪᠠᠨ ᠰᠤᠯᠠ ᠲᠠᠯᠪᠢᠵᠤ ᠬᠡᠷᠡᠭᠯᠡᠬᠦ ᠦᠭᠡᠢ ᠪᠣᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠵᠥᠪᠰᠢᠶᠡᠷᠡᠯ ᠢᠶᠠᠷ ᠳᠠᠮᠵᠢᠨ ᠭᠡᠷ ᠬᠥᠷᠥᠩᠭᠡ ᠶᠢᠨ ᠭᠠᠶᠢᠯᠢ ᠶᠢ ᠲᠦᠷ ᠲᠤᠰᠢᠶᠠᠬᠤ ᠦᠭᠡᠢ ᠪᠠᠶᠢᠵᠤ ᠪᠣᠯᠣᠨ᠎ᠠ︾ ᠭᠡᠬᠦ ᠲᠣᠭᠲᠠᠭᠠᠯ ᠪᠣᠯᠣᠨ᠎ᠠ᠃ ︽ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠭᠡᠷ ᠬᠥᠷᠥᠩᠭᠡ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠬᠤᠯᠪᠣᠭᠳᠠᠯ ᠪᠦᠬᠦᠢ ᠭᠠᠶᠢᠯᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠡᠳ᠋ ᠭᠠᠶᠢᠯᠢ  ﹇2004﹈ 140 ᠳ᠋ᠦ᠋ᠭᠡᠷ ᠲᠣᠭᠠᠲᠤ︶᠎ ᠤᠨ ᠲᠣᠭᠲᠠᠭᠠᠯ ᠢ ᠦᠨᠳᠦᠰᠦᠯᠡᠪᠡᠯ᠂ ᠲᠤᠰ ᠵᠤᠷᠪᠤᠰ ᠵᠦᠢᠯ ᠢ 2004 ᠣᠨ ᠤ 8 ᠳ᠋ᠤᠭᠠᠷ ᠰᠠᠷ᠎ᠠ ᠶᠢᠨ 19᠎ ᠤ ᠡᠳᠦᠷ ᠨᠢᠭᠡᠨᠲᠡ ᠬᠦᠴᠦᠨ ᠦᠭᠡᠢ ᠪᠣᠯᠭᠠᠭᠰᠠᠨ ᠪᠣᠯᠬᠤᠷ ᠬᠠᠰᠤᠯᠲᠠ ᠬᠢᠭᠰᠡᠨ ᠪᠠᠶᠢᠨ᠎ᠠ᠃      ᠭᠤᠷᠪᠠ᠂ ᠲᠤᠰ ᠤᠳᠠᠭ᠎ᠠ ︽ᠨᠠᠷᠢᠨ ᠳᠦᠷᠢᠮ︾ ᠪᠠ ︽ᠠᠷᠭ᠎ᠠ︾᠎ ᠳᠤ ᠵᠠᠰᠠᠪᠤᠷᠢ ᠣᠷᠣᠭᠤᠯᠤᠭᠰᠠᠨ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠭᠠᠶᠢᠯᠢ ᠶᠢᠨ ᠬᠠᠤᠯᠢ ᠲᠣᠭᠲᠠᠭᠠᠯᠲᠠ ᠲᠠᠢ ᠬᠤᠯᠪᠣᠭ᠎ᠠ ᠲᠠᠢ ᠦᠦ︖      ᠲᠤᠰ ᠤᠳᠠᠭ᠎ᠠ ︽ᠨᠠᠷᠢᠨ ᠳᠦᠷᠢᠮ︾ ᠪᠠ ︽ᠠᠷᠭ᠎ᠠ︾᠎ ᠳᠤ ᠵᠠᠰᠠᠪᠤᠷᠢ ᠣᠷᠣᠭᠤᠯᠤᠭᠰᠠᠨ ᠨᠢ᠂ ᠮᠠᠨ ᠤ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠨᠠᠶᠢᠳᠠᠪᠤᠷᠢᠵᠢᠭᠤᠯᠬᠤ ᠪᠠ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠡᠭᠦᠨ ᠤ ᠵᠣᠷᠢᠯᠭ᠎ᠠ ᠨᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠤᠯᠢ ᠶᠣᠰᠣᠭᠠᠷ ᠭᠠᠶᠢᠯᠢ ᠶᠢ ᠵᠠᠰᠠᠬᠤ ᠶᠢ ᠪᠠᠲᠤᠯᠠᠵᠤ᠂ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ ᠶᠤᠮ᠃      ᠲᠤᠰ ᠤᠳᠠᠭ᠎ᠠ ᠵᠠᠰᠠᠪᠤᠷᠢ ᠣᠷᠣᠭᠤᠯᠤᠭᠰᠠᠨ ᠦᠨᠳᠦᠰᠦᠯᠡᠯ ᠨᠢ ᠣᠳᠣ ᠶᠢᠨ ᠪᠠᠶᠢᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠬᠥᠷᠥᠩᠭᠡ ᠶᠢᠨ ᠭᠠᠶᠢᠯᠢ ᠶᠢ ᠲᠦᠷ ᠬᠡᠷᠡᠭᠵᠢᠭᠦᠯᠬᠦ ᠳᠦᠷᠢᠮ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠲᠦᠷ ᠬᠡᠷᠡᠭᠵᠢᠭᠦᠯᠬᠦ ᠳᠦᠷᠢᠮ︾ ᠪᠣᠯᠣᠨ᠎ᠠ᠂ ᠵᠠᠰᠠᠪᠤᠷᠢ ᠣᠷᠣᠭᠤᠯᠤᠭᠰᠠᠨ ᠡᠲᠡᠭᠡᠳ ᠨᠢ ᠣᠳᠣ ᠶᠢᠨ ᠬᠡᠷᠡᠭᠵᠢᠭᠦᠯᠵᠦ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠭᠠᠵᠠᠷ ᠰᠢᠷᠣᠢ ᠶᠢ ᠠᠰᠢᠭᠯᠠᠬᠤ ᠭᠠᠶᠢᠯᠢ ᠶᠢ ᠬᠡᠷᠡᠭᠵᠢᠭᠦᠯᠬᠦ ᠠᠷᠭ᠎ᠠ︾  ᠪᠣᠯᠣᠨ᠎ᠠ᠂ ᠡᠯ᠎ᠡ ᠵᠦᠢᠯ ᠤᠨ ᠵᠠᠰᠠᠯᠲᠠ ᠨᠢ ᠪᠦᠷ ᠵᠥᠪᠬᠡᠨ ︽ᠨᠠᠷᠢᠨ ᠳᠦᠷᠢᠮ︾ ᠪᠠ ︽ᠠᠷᠭ᠎ᠠ︾᠎ ᠳᠤ ᠨᠢᠭᠡᠨᠲᠡ ᠪᠠᠶᠢᠬᠤ ᠵᠤᠷᠪᠤᠰ ᠵᠦᠢᠯ ᠳᠤ ᠬᠠᠨᠳᠤᠭᠤᠯᠵᠤ᠂ ᠪᠣᠳᠠᠲᠤ ᠪᠠᠶᠢᠳᠠᠯ ᠢ ᠦᠨᠳᠦᠰᠦᠯᠡᠨ ᠵᠣᠬᠢᠴᠠᠯᠳᠤ ᠴᠢᠨᠠᠷᠲᠠᠢ ᠵᠠᠰᠠᠯᠲᠠ ᠣᠷᠣᠭᠤᠯᠤᠭᠰᠠᠨ ᠠᠴᠠ ᠪᠢᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠭᠠᠶᠢᠯᠢ ᠲᠠᠲᠠᠪᠤᠷᠢ ᠶᠢᠨ ᠰᠢᠨ᠎ᠡ ᠲᠥᠷᠥ ᠶᠢᠨ ᠪᠣᠳᠣᠯᠭ᠎ᠠ ᠶᠢ ᠰᠢᠨ᠎ᠡ ᠪᠠᠷ ᠨᠡᠮᠡᠭᠰᠡᠨ ᠦᠭᠡᠢ ᠪᠤᠶᠤ ᠲᠣᠭᠲᠠᠭᠠᠭᠰᠠᠨ ᠦᠭᠡᠢ ᠪᠠᠶᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠭᠠᠶᠢᠯᠢ ᠶᠢᠨ ᠬᠠᠤᠯᠢ ᠲᠣᠭᠲᠠᠭᠠᠯᠲᠠ ᠶᠢᠨ ᠥᠭᠡᠷᠡᠴᠢᠯᠡᠯᠲᠡ ᠲᠠᠢ ᠬᠤᠯᠪᠣᠭ᠎ᠠ ᠦᠭᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ