ᠠᠶ ᠯᠢ ᠬᠤᠸᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠺᠠᠳ᠋ᠷ ᠠᠵᠢᠯᠳᠠᠨ ᠠᠵᠢᠯᠴᠢᠨ ᠢ ᠪᠣᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2018/1/2
     2017 ᠤᠨ ᠤ 12 ᠳ᠋ᠤᠭᠠᠷ ᠰᠠᠷ᠎ᠠ ᠶᠢᠨ 31᠎ ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠥᠪᠡᠷᠲᠡᠭᠡᠨ ᠵᠠᠰᠠᠬᠤ ᠣᠷᠣᠨ ᠤ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠺᠠᠳ᠋ᠷ ᠠᠵᠢᠯᠳᠠᠨ ᠠᠵᠢᠯᠴᠢᠨ ᠢ ᠪᠣᠯᠭᠤᠭᠠᠨ ᠲᠤᠬᠤᠨᠢᠭᠤᠯᠪᠠ᠃      ᠠᠶ ᠯᠢ ᠬᠤᠸᠠ ᠤᠷᠢᠳ ᠬᠤᠵᠢᠳ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠬᠤᠸᠠᠰᠢᠶᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠠᠵᠦ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠪᠦᠦ ᠱᠠᠩ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠦᠬᠡᠬᠤᠲᠠ ᠳᠠᠬᠢ ᠲᠥᠪ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠡᠷᠭᠡ 8 ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠴᠦ᠂ ᠶᠠᠭ ᠴᠠᠭ ᠨᠡᠮᠡᠨ ᠠᠵᠢᠯᠯᠠᠵᠤ ᠪᠠᠶᠢᠭᠰᠠᠨ ᠺᠠᠳ᠋ᠷ ᠠᠵᠢᠯᠳᠡᠨ ᠠᠵᠢᠯᠴᠢᠨ ᠯᠤᠭ᠎ᠠ ᠳᠣᠲᠣᠨᠣ ᠪᠠᠷ ᠶᠠᠷᠢᠯᠴᠠᠪᠠ᠃ ᠲᠡᠷᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠠᠶᠢᠳᠠᠯ ᠢ ᠠᠰᠠᠭᠤᠨ ᠯᠠᠪᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠯᠤᠭ᠎ᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠪᠠ ᠠᠷᠭ᠎ᠠ ᠶᠢ ᠰᠢᠨᠵᠢᠯᠡᠨ ᠰᠤᠳᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ 2017 ᠣᠨ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃      ᠲᠡᠷᠡ ᠬᠡᠯᠡᠭᠰᠡᠨ ᠨᠢ᠂ 2017 ᠣᠨ ᠪᠣᠯ ᠲᠦᠢᠯ ᠤᠨ ᠮᠠᠷᠲᠠᠭᠳᠠᠰᠢ ᠦᠭᠡᠢ ᠨᠢᠭᠡ ᠵᠢᠯ᠂ ᠮᠦᠨᠴᠦ ᠣᠨᠴᠠ ᠶᠡᠷᠦ ᠪᠤᠰᠤ ᠶᠢᠨ ᠨᠢᠭᠡ ᠵᠢᠯ ᠶᠤᠮ᠂ ᠪᠦᠬᠦ ᠣᠷᠣᠨ ᠤ  ᠮᠥᠩᠭᠦᠨ ᠭᠦᠢᠯᠭᠡᠭᠡᠨ ᠤ ᠪᠠᠶᠢᠭᠤᠯᠤᠮᠵᠢ ᠬᠠᠮᠲᠤᠪᠠᠷ ᠴᠢᠷᠮᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠲᠦᠯᠭᠢᠨ ᠠᠬᠢᠭᠤᠯᠬᠤ ᠵᠡᠷᠭᠡ ᠲᠠᠯ᠎ᠠ ᠪᠠᠷ ᠴᠥᠮ ᠵᠣᠬᠢᠬᠤ ᠠᠮᠵᠢᠯᠲᠠ ᠤᠯᠵᠤ᠂ ᠲᠦᠭᠰᠢᠭᠦᠷᠢ ᠶᠢᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ 2018 ᠣᠨ ᠳᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠥᠩᠭᠦᠨ ᠭᠦᠢᠯᠭᠡᠭᠡᠨ ᠬᠢᠭᠡᠳ ᠠᠵᠤ ᠠᠬᠤᠶ ᠰᠠᠶᠢᠨ ᠨᠦᠭᠦᠴᠡᠯᠳᠦᠬᠦ᠂ ᠵᠣᠬᠢᠴᠠᠯᠳᠤᠨ ᠬᠦᠭᠵᠢᠬᠦ ᠶᠢ ᠠᠬᠢᠭᠤᠯᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠬᠦᠴᠦᠲᠡᠢ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号