ᠡᠯᠪᠡᠭ ᠬᠤᠷᠢᠶᠡᠯᠳᠡ ᠶᠢᠨ ᠪᠠᠶᠠᠷ ᠪᠠᠭ᠋ᠠᠳᠤᠯ ᠢ ᠲᠠᠭᠠᠯᠳᠤᠨ᠂ ᠤᠷᠤᠭᠰᠢᠯᠠᠨ ᠲᠠᠪᠰᠢᠬᠤ ᠤᠮᠤᠬᠰᠢᠯᠳᠤ | ᠰᠡᠳᠬᠢᠯᠬᠡ ᠶᠢ ᠡᠪᠤᠷᠯᠡᠨ᠂ ᠪᠢᠳᠡ 2018 ᠤᠨ ᠤ ᠰᠢᠨ᠎ᠡ ᠵᠢᠯ ᠢᠶᠠᠨ ᠤᠬᠳᠤᠨ ᠠᠪᠬᠤ ᠪᠤᠯᠤᠯ᠎ᠠ᠃ ᠡᠨᠡᠬᠦ | ᠬᠠᠭᠤᠴᠢᠨ ᠵᠢᠯ ᠢᠶᠠᠨ ᠦᠳᠡᠵᠥ ᠰᠢᠨ᠎ᠡ ᠵᠢᠯ ᠢᠶᠠᠨ ᠤᠬᠳᠤᠵᠥ ᠪᠠᠶᠢᠭ᠎ᠠ ᠰᠠᠶᠢᠨ ᠰᠠᠶᠢᠬᠠᠨ ᠴᠠᠭ ᠮᠦᠴᠡ ᠳᠤ᠂ ᠪᠢᠳᠡ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠤᠨ᠎ᠡ ᠠᠴᠠ | ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ᠂ ᠮᠠᠨ ᠤ ᠤᠷᠤᠨ ᠳᠤ ᠰᠠᠭᠤᠭ᠎ᠠ ᠴᠡᠷᠢᠭ | ᠠᠩᠬᠢ ᠶᠢᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠳᠤ ᠴᠠᠭᠳᠠᠭ᠎ᠠ ᠶᠢᠨ ᠲᠠᠷᠤᠭ᠎ᠠ ᠪᠠᠶᠢᠯᠳᠤᠭᠴᠢ ᠪᠤᠯᠤᠨ | ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ᠂ ᠡᠯ᠎ᠡ ᠠᠷᠠᠳᠴᠢᠯᠠᠭᠰᠠᠠ ᠨᠠᠮ ᠪᠦᠯᠥᠭ᠂ ᠦᠢᠯᠡᠳᠪᠤᠷᠢ | ᠬᠤᠳᠠᠯᠳᠤᠭ᠎ᠠ ᠶᠢᠨ ᠬᠤᠯᠪᠤᠭ᠎ᠠ ᠪᠤᠯᠤᠨ ᠨᠠᠮ ᠪᠦᠯᠥᠭ ᠤᠨ ᠪᠤᠰᠤ ᠬᠦᠮᠥᠰ ᠲᠤ᠂ ᠦᠪᠤᠷ ᠮᠤᠩᠭᠤᠯ ᠤᠨ | ᠬᠦᠭᠵᠢᠯᠳᠡ ᠶᠢ ᠬᠠᠯᠠᠮᠵᠢᠯᠠᠨ ᠲᠡᠮᠵᠢᠭᠰᠡᠨ ᠤᠯᠤᠰ ᠤᠨ ᠲᠤᠳᠤᠭᠠᠳᠤ ᠭᠠᠳᠠᠭᠠᠳᠤ ᠶᠢᠨ ᠪᠤᠢ ᠪᠦᠬᠦᠢ ᠨᠠᠶᠢᠵᠠ ᠨᠠᠷ ᠲᠤ | ᠰᠢᠨ᠎ᠡ ᠵᠢᠯ ᠤᠨ ᠢᠷᠦᠭᠡᠯ ᠳᠡᠪᠰᠢᠬᠦᠯᠵᠤ ᠪᠠᠶᠢᠨ᠎ᠠ︕ | 2017 ᠤᠨ ᠪᠤᠯ ᠦᠪᠤᠷ ᠮᠤᠩᠭᠤᠯ ᠤᠨ ᠬᠦᠭᠵᠢᠯᠳᠡ ᠶᠢᠨ ᠲᠡᠤᠬᠡᠨ ᠳᠠᠬᠢ ᠲᠤᠩ ᠶᠠᠷᠤ ᠪᠤᠰᠤ ᠶᠢᠨ᠂ | ᠮᠠᠷᠳᠠᠭᠳᠠᠰᠢ ᠦᠭᠡᠢ ᠨᠢᠬᠡ ᠵᠢᠯ ᠶᠤᠮ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ | ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠦᠭᠤᠳᠤᠮᠵᠢ ᠲᠤᠤᠷ᠎ᠠ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠬᠦ ᠤᠷᠤᠨ ᠤ ᠦᠨᠳᠦᠰᠦᠳᠡᠨ ᠨᠦᠭᠦᠳ ᠤᠨ | ᠠᠷᠠᠳ ᠲᠦᠮᠡᠨ ᠢ ᠲᠠᠭᠠᠭᠤᠯᠤᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ ᠪᠦᠯᠬᠦᠮᠳᠡᠨ ᠲᠡᠮᠡᠴᠡᠵᠥ᠂ | ᠪᠡᠷᠭᠡ ᠶᠢ ᠲᠤᠭᠤᠯᠤᠨ ᠬᠦᠴᠢᠷ ᠢ ᠳᠠᠪᠠᠨ ᠡᠷᠡᠮᠡᠭᠡᠶᠢᠯᠡᠨ ᠤᠷᠤᠭᠰᠢᠯᠠᠵᠥ᠂ ᠠᠵᠥ ᠠᠬᠤᠢ ᠶᠢᠨ ᠪᠦᠳᠦᠭᠡᠨ | ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠤᠯᠤᠨ ᠨᠠᠮ ᠤᠨ ᠪᠠᠶᠢᠭᠤᠯᠤᠯᠲᠠ ᠪᠦᠷ ᠰᠢᠨ᠎ᠡ | ᠠᠬᠢᠴᠠ ᠲᠠᠢ ᠪᠤᠯᠵᠥ ᠰᠢᠨ᠎ᠡ ᠠᠮᠵᠢᠯᠳᠡ ᠤᠯᠪᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠢ ᠤᠬᠳᠤᠬᠤ | ᠪᠠ ᠤᠬᠠᠭᠤᠯᠤᠨ ᠲᠤᠤᠱᠯᠠᠭᠤᠯᠬᠤ ᠶᠢ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠬᠡ ᠪᠤᠯᠭᠠᠵᠥ᠂ ᠨᠠᠮ ᠤᠨ | ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠤᠳᠠ ᠬᠦᠳᠡᠭᠡ ᠦᠨᠳᠦᠰᠦᠨ ᠱᠠᠳᠤᠨ ᠳᠤ ᠬᠦᠷᠬᠡᠬᠦ᠂ | ᠲᠦᠮᠡᠨ ᠭᠠᠵᠠᠷ ᠤᠨ ᠲᠠᠯ᠎ᠠ ᠨᠤᠳᠤᠭ ᠲᠤ ᠤᠯᠠᠮᠵᠢᠯᠠᠬᠤ ᠶᠢ ᠠᠬᠢᠭᠤᠯᠵᠥ᠂ ᠪᠦᠬᠦ ᠤᠷᠤᠨ ᠤ ᠦᠷᠬᠡᠨ ᠤᠯᠠᠨ | ᠨᠠᠮ ᠤᠨ ᠬᠡᠰᠢᠬᠦᠨ ᠺᠠᠳ᠋ᠷ ︽ᠲᠦᠷᠪᠡᠨ ᠤᠬᠠᠮᠰᠠᠷ︾ ᠪᠤᠯᠤᠨ ︽ᠲᠦᠷᠪᠡᠨ ᠢᠳᠡᠬᠡᠯ︾ ᠢ ᠤᠯᠠᠮ ᠢᠯᠡᠬᠦᠤ ᠪᠠᠳᠤ | ᠪᠤᠢ ᠪᠤᠯᠭᠠᠵᠥ᠂ ᠨᠡᠩ ᠡᠷᠡᠰ ᠪᠠᠳᠤ ᠪᠠᠷ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶ᠎ᠡ ᠪᠠᠷ ᠨᠢᠭᠡᠳᠪᠡ᠃ | ᠪᠢᠳᠡ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠨ ᠦᠪᠡᠳᠡᠭᠰᠢ ᠶᠡᠬᠡᠪᠡᠷ | ᠪᠡᠯᠬᠡᠯᠡᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠨ ᠳᠤ ᠦᠪᠤᠷ ᠮᠤᠩᠭᠤᠯ ᠤᠨ ᠦᠨᠳᠦᠰᠦᠳᠡᠨ ᠤ | ᠪᠦᠯᠬᠦᠮᠳᠡᠯ ᠲᠡᠪᠰᠢᠯᠳᠡ ᠶᠢᠨ ᠬᠡᠷᠡᠯ ᠰᠠᠴᠤᠷᠠᠩᠭᠤᠢ ᠲᠡᠤᠬᠡᠨ ᠶᠠᠪᠤᠴᠠ ᠪᠤᠯᠤᠨ ᠠᠵᠥ ᠠᠬᠤᠢ ᠨᠡᠶᠢᠭᠡᠮ ᠤᠨ | ᠬᠦᠭᠵᠢᠯᠳᠡ ᠶᠢᠨ ᠯᠤᠳᠤ ᠶᠡᠭᠡ ᠠᠮᠵᠢᠯᠳᠡ ᠶᠢ ᠬᠦᠢᠴᠡᠳ ᠦᠵᠡᠬᠦᠯᠵᠥ᠂ ︽ᠦᠵᠡᠰᠬᠦᠯᠡᠩᠳᠤ ᠰᠠᠶᠢᠬᠠᠨ ᠦᠪᠤᠷ | ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ︾ | ᠠᠤᠭ᠎ᠠ ᠬᠦᠴᠦᠨ ᠢ ᠤᠯᠠᠮ ᠴᠢᠨᠠᠭᠰᠢᠳᠠ ᠨᠢᠬᠳᠠᠷᠠᠭᠤᠯᠪᠠ᠃ ᠪᠢᠳᠡ ᠲᠤᠭᠳᠠᠭᠤᠨ ᠤ ᠲᠤᠮᠳᠡ ᠤᠷᠤᠭᠰᠢᠯᠠᠨ | ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠨ ᠰᠢᠨ᠎ᠡ ᠬᠦᠭᠵᠢᠯᠳᠡ ᠶᠢᠨ ᠤᠨᠤᠯᠵᠢᠬᠤᠨ ᠢ | ᠲᠤᠤᠱᠯᠠᠭᠤᠯᠵᠥ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠢ | ᠠᠬᠢᠭᠤᠯᠵᠥ᠂ ᠬᠦᠭᠵᠢᠯᠳᠡ ᠶᠢᠨ ᠰᠢᠨ᠎ᠡ ᠬᠦᠳᠡᠯᠬᠡᠬᠦ ᠴᠢᠳᠠᠪᠤᠷᠢ ᠶᠢ ᠲᠦᠷᠬᠡᠨ ᠪᠤᠶᠢᠵᠢᠭᠤᠯᠵᠤ᠂ ᠪᠦᠬᠦ ᠤᠷᠤᠨ ᠤ | ᠠᠵᠥ ᠠᠬᠤᠢ ᠶᠢᠨ ᠬᠦᠭᠵᠢᠯᠳᠡ ᠨᠡᠩ ᠴᠢᠨᠠᠷ ᠰᠠᠶᠢᠲᠠᠢ᠂ ᠨᠡᠩ ᠦᠷ᠎ᠡ ᠪᠦᠳᠦᠮᠵᠢᠳᠡᠢ᠂ ᠨᠡᠩ ᠡᠷᠬᠡ ᠲᠡᠭᠰᠢ᠂ ᠨᠡᠩ | ᠦᠷᠬᠦᠯᠵᠢᠯᠡᠬᠦ ᠴᠢᠭᠯᠡᠯ ᠢᠶᠠᠷ ᠢᠳᠡᠷᠬᠡᠭ ᠠᠯᠬᠤᠮ ᠢ ᠠᠯᠬᠤᠪᠠ᠃ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠥ᠂ ᠠᠷᠠᠳ ᠤᠨ ᠠᠮᠢᠳᠤᠷᠠᠯ ᠢ | ᠰᠠᠨᠠᠭᠠᠴᠢᠯᠠᠭ᠎ᠠ ᠲᠠᠢ ᠬᠦᠴᠦᠳᠡᠢ ᠪᠠᠳᠤᠯᠠᠨ ᠰᠠᠶᠢᠵᠢᠷᠠᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠨᠡᠯᠢᠶᠡᠳ ᠲᠦᠷᠬᠡᠨ ᠨᠡᠮᠡᠭᠳᠡᠵᠥ᠂ ᠵᠢᠱᠢᠯᠳᠡ ᠪᠠᠷ 20 ᠲᠦᠮᠡᠨ ᠶᠠᠳᠠᠭᠤ ᠬᠦᠴᠢᠷᠳᠡᠯᠳᠡᠢ ᠬᠦᠮᠥᠨ | ᠲᠤᠭᠳᠠᠭᠤᠨ ᠢᠶᠠᠷ ᠶᠠᠳᠠᠭᠤ ᠠᠴᠠ ᠠᠩᠬᠢᠵᠢᠷᠡᠵᠥ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠦᠭᠵᠢᠵᠤ᠂ | ᠨᠡᠶᠢᠭᠡᠮ ᠤᠨ ᠪᠠᠳᠤᠯᠠᠪᠤᠷᠢ ᠶᠢᠨ ᠲᠦᠪᠰᠢᠨ ᠲᠤᠭᠳᠠᠭᠤᠨ ᠢᠶᠠᠷ ᠲᠡᠬᠡᠭᠰᠢᠯᠡᠵᠥ᠂ ᠨᠡᠶᠢᠭᠡᠮ ᠤᠨ ᠶᠡᠭᠡ ᠲᠠᠯ᠎ᠠ ᠡᠶ᠎ᠡ | ᠵᠤᠬᠢᠴᠠᠩᠭᠤᠢ ᠲᠤᠭᠳᠠᠭᠤᠨ ᠪᠠᠶᠢᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠲᠡᠭᠡᠭᠰᠢᠯᠡᠪᠡ᠃ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠢ ᠡᠬᠦᠷᠢᠳᠡ ᠦᠯᠦ ᠵᠤᠭᠰᠤᠬᠤ ᠰᠡᠷᠭᠡᠭ ᠴᠢᠨᠠᠷ ᠪᠤᠯᠤᠨ ᠪᠠᠳᠤ ᠢᠳᠡᠬᠡᠯ ᠲᠠᠢ ᠪᠠᠷ ᠴᠢᠩᠭ᠎ᠠ | ᠠᠳᠬᠤᠵᠤ᠂ ᠲᠦᠪ ᠤᠨ ᠲᠤᠭᠤᠷᠢᠨ ᠪᠠᠶᠢᠴᠠᠭᠠᠵᠤ ︽ᠡᠷᠭᠢᠵᠤ ᠬᠠᠷᠠᠭᠰᠠᠨ︾ ᠬᠠᠷᠢᠭᠤ ᠳᠤᠰᠬᠠᠭᠰᠠᠨ ᠰᠠᠨᠠᠯ | ᠶᠤᠰᠤᠭᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠤᠷᠳᠠᠯ ᠢ ᠵᠠᠰᠠᠵᠤ ᠰᠠᠬᠢᠯᠭ᠎ᠠ | ᠪᠠᠲᠦ ᠶᠢ ᠴᠢᠩᠳᠠᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ | ᠪᠠᠶᠢᠭᠤᠯᠤᠯᠲᠠ ᠶᠢᠨ ᠶᠠᠰᠤ ᠴᠢᠨᠠᠷ ᠲᠠᠰᠤᠷᠠᠯᠳᠠ ᠦᠭᠡᠢ ᠳᠡᠭᠡᠭᠰᠢᠯᠡᠵᠤ᠂ ᠪᠦᠬᠦ ᠤᠷᠤᠨ ᠤ ᠤᠯᠤᠰ ᠲᠦᠷᠦ ᠶᠢᠨ ᠠᠮᠢ | ᠠᠬᠤᠢ ᠦᠷᠬᠦᠯᠵᠢᠯᠡᠨ ᠰᠠᠶᠢᠵᠢᠷᠠᠵᠠᠢ᠃ | ᠡᠳᠡᠭᠡᠷ ᠠᠮᠵᠢᠯᠳᠠ ᠶᠢ ᠤᠯᠤᠭᠰᠠ ᠶᠠᠪᠤᠳᠠᠯ ᠪᠤᠯ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠳᠤᠳᠤᠨᠤ ᠬᠠᠯᠠᠮᠵᠢᠯᠠᠯ ᠤᠨ ᠦᠷ᠎ᠡ ᠳ᠋ᠦᠩ ᠮᠦᠨ᠂ ᠪᠠᠰᠠᠴᠤ | ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠡᠳᠭᠢᠯ ᠢᠶᠠᠨ ᠨᠢᠭᠡᠳᠭᠡᠨ ᠬᠦᠴᠦ ᠪᠠᠨ | ᠬᠠᠮᠳᠤᠳᠬᠠᠵᠤ᠂ ᠦᠨᠡᠨ ᠪᠤᠳᠠᠳᠠᠢ ᠠᠵᠢᠯᠯᠠᠭᠰᠠᠨ ᠤ ᠦᠷ᠎ᠠ ᠳ᠋ᠦᠩ ᠮᠦᠨ᠃ ᠡᠭᠦᠨ ᠤ ᠬᠠᠮᠲᠦ ᠪᠢᠳᠡ ᠪᠠᠰᠠ | ᠮᠠᠨ ᠤ ᠤᠷᠤᠨ ᠤ ᠬᠦᠭᠵᠢᠯᠳᠡ ᠳᠤ ᠮᠠᠰᠢ ᠤᠯᠠᠨ ᠬᠦᠴᠢᠷ ᠠᠰᠠᠭᠤᠳᠠᠯ ᠤᠷᠤᠰᠢᠵᠤ᠂ ᠤᠷᠤᠭᠰᠢᠯᠠᠯᠳᠠ ᠶᠢᠨ ᠵᠠᠮ ᠳᠤ | ᠮᠠᠰᠢ ᠤᠯᠠᠨ ᠠᠶᠤᠯ ᠲᠦᠭᠰᠢᠭᠦᠷᠢ ᠪᠤᠯᠤᠨ ᠦᠷᠢᠰᠦᠯᠳᠦᠭᠡᠨ ᠲᠤᠯᠭᠠᠷᠠᠵᠤ᠂ ᠮᠠᠨ ᠤ ᠠᠵᠢᠯ ᠳᠤ ᠪᠠᠰᠠ ᠮᠠᠰᠢ ᠤᠯᠠᠨ | ᠰᠠᠶᠢᠨ ᠬᠢᠵᠤ ᠳᠡᠶᠢᠯᠦᠭᠡᠳᠦᠢ ᠵᠦᠢᠯ ᠪᠠᠶᠢᠬᠤ ᠶᠢ ᠰᠡᠷᠬᠡᠭ ᠢᠶᠠᠷ ᠲᠠᠨᠢᠵᠤ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ | ᠲᠤᠭᠳᠠᠯ ᠬᠦᠴᠦ ᠪᠤᠯᠤᠨ ᠬᠤᠷᠴᠠ ᠰᠡᠷᠭᠡᠭ ᠤᠶᠤᠨ ᠰᠠᠨᠠᠭ᠎ᠠ ᠲᠠᠢ ᠪᠠᠶᠢᠵᠤ᠂ ᠨᠡᠩ ᠰᠢᠷᠭᠠᠭᠤ ᠴᠢᠷᠮᠠᠶᠢᠯᠭ᠎ᠠ | ᠭᠠᠷᠭᠠᠬᠤ ᠬᠡᠷᠡᠭᠲᠠᠢ᠃ | ᠰᠢᠨ᠎ᠠ ᠵᠢᠯ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠤᠭᠳᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠰᠢᠨ᠎ᠠ ᠬᠦᠭᠵᠢᠯᠳᠡ ᠶᠢᠨ | ᠤᠨᠤᠯᠵᠢᠬᠤᠨ ᠢ ᠪᠠᠷᠢᠮᠳᠠᠯᠠᠵᠤ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠳᠠᠢ | ᠲᠦᠯᠦᠪᠵᠢᠭᠦᠯᠦᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠨᠡᠮᠡᠭᠳᠡᠯ ᠢ ᠲᠤᠭᠳᠠᠭᠤᠨ ᠪᠠᠶᠢᠯᠭᠠᠬᠤ᠂ ᠦᠭᠡᠷᠡᠴᠢᠯᠡᠯᠳᠡ ᠶᠢ ᠠᠬᠢᠭᠤᠯᠬᠤ᠂ | ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠠ | ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠲᠤᠷ ᠬᠢᠵᠤ᠂ ᠬᠦᠨᠳᠤ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠰᠢᠢᠳᠪᠦᠷᠢᠯᠡᠬᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ | ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠲᠤᠯᠤᠯᠲᠠ ᠶᠢ ᠵᠠᠪᠠᠯ ᠰᠠᠶᠢᠨ ᠬᠢᠵᠤ᠂ ᠦᠭᠡᠷᠡᠴᠢᠯᠡᠯᠳᠡ | ᠨᠡᠬᠡᠬᠡᠯᠳᠡ ᠶᠢ ᠶᠡᠬᠡᠪᠡᠷ ᠠᠬᠢᠭᠤᠯᠵᠤ᠂ ᠰᠢᠨ᠎ᠠ ᠴᠠᠭ ᠦᠶ᠎ᠠ ᠳᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ ᠰᠢᠨ᠎ᠠ | ᠠᠮᠵᠢᠯᠳᠠ ᠪᠦᠳᠦᠮᠵᠢ ᠤᠯᠵᠤ ᠰᠢᠨ᠎ᠠ ᠪᠠᠶᠢᠳᠠᠯ ᠢ ᠨᠡᠭᠡᠭᠡᠨ ᠡᠭᠦᠳᠦᠨ᠎ᠡ᠃ | ᠲᠦᠮᠡᠨ ᠬᠡᠷᠡᠭ ᠮᠢᠩᠭᠠᠨ ᠶᠠᠪᠤᠳᠠᠯ ᠳᠤ ᠠᠷᠠᠳ ᠤᠨ ᠠᠮᠢᠳᠤᠷᠠᠯ ᠲᠡᠷᠢᠭᠦᠨ ᠴᠢᠬᠤᠯᠠ ᠪᠤᠯᠠᠢ᠃ ᠪᠢᠳᠡ | ᠬᠦᠭᠵᠢᠯᠳᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠠᠷᠠᠳ | ᠤᠯᠠᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠠᠴᠠ ᠭᠠᠷᠳᠠᠨ ᠬᠢᠵᠤ᠂ ᠠᠷᠠᠳ ᠲᠦᠮᠡᠨ ᠳᠤ ᠲᠠᠭᠠᠰᠢᠶᠠᠭᠳᠠᠬᠤ | ᠶᠠᠪᠤᠳᠠᠯ ᠠᠴᠠ ᠡᠬᠢᠯᠡᠨ ᠬᠢᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠶᠢ | ᠲᠠᠰᠤᠷᠠᠯᠳᠠ ᠦᠭᠡᠢ ᠠᠬᠢᠭᠤᠯᠵᠤ᠂ ᠠᠷᠠᠳ ᠲᠦᠮᠡᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠤᠨ᠎ᠠ᠃ | ᠪᠤᠳᠠᠳᠠᠢ ᠠᠵᠢᠯᠯᠠᠪᠠᠯ ᠬᠦᠰᠡᠯ ᠵᠡᠭᠦᠳᠦ ᠪᠠᠨ ᠪᠡᠶᠡᠯᠡᠭᠦᠯᠵᠤ᠂ ᠴᠢᠷᠮᠠᠶᠢᠨ ᠲᠡᠮᠡᠴᠡᠪᠡᠯ ᠢᠷᠡᠭᠡᠳᠦᠢ ᠶᠢᠨ | ᠠᠮᠵᠢᠯᠳᠠ ᠶᠢ ᠤᠯᠵᠤ ᠴᠢᠳᠠᠨ᠎ᠠ᠃ ᠪᠢᠳᠡ ᠭᠠᠷ ᠬᠤᠯᠪᠤᠨ ᠤᠷᠤᠭᠰᠢᠯᠠᠵᠤ᠂ ᠴᠦᠬᠦᠷᠡᠰᠢ ᠦᠭᠡᠢ ᠴᠢᠷᠮᠠᠶᠢᠬᠤ ᠵᠤᠷᠢᠭ | ᠰᠠᠨᠠᠭᠠᠨ ᠤ ᠳᠦᠷᠢ ᠪᠠᠶᠢᠳᠠᠯ ᠪᠤᠯᠤᠨ ᠴᠤᠴᠠᠯᠳᠠ ᠦᠭᠡᠢ ᠲᠡᠮᠡᠴᠡᠬᠦ ᠳᠦᠷᠢ ᠳᠦᠷᠬᠦ ᠪᠠᠷ ᠡᠳᠦᠷ ᠪᠦᠷᠢ ᠰᠠᠶᠢᠨ | ᠠᠵᠢᠯᠯᠠᠵᠤ᠂ ᠶᠠᠪᠤᠳᠠᠯ ᠨᠢᠭᠡᠪᠦᠷᠢ ᠶᠢ ᠯᠠᠪᠳᠠᠭᠤᠨ ᠬᠢᠵᠤ᠂ ᠡᠬᠡ ᠤᠯᠤᠰ ᠤᠨ ᠤᠮᠠᠷᠠᠳᠦ ᠶᠢᠨ ᠡᠨᠡᠬᠦ ᠦᠵᠡᠮᠵᠢ ᠶᠢᠨ | ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠵᠤ ᠴᠤᠭᠴᠠᠯᠠᠰᠤᠭᠠᠢ᠃ | ᠠᠭᠤᠤ ᠶᠡᠭᠡ ᠡᠬᠡ ᠤᠯᠤᠰ ᠮᠢᠨᠢ ᠬᠦᠭᠵᠢᠨ ᠴᠡᠴᠡᠭᠯᠡᠬᠦ ᠶᠢ ᠬᠦᠰᠡᠨ ᠵᠦᠩᠨᠡᠶ᠎ᠠ︕ | ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠵᠤᠯ ᠵᠢᠷᠭᠠᠯᠲᠠᠢ ᠠᠮᠤᠷ ᠠᠮᠤᠭᠤᠯᠠᠩ | ᠪᠠᠶᠢᠬᠤ ᠶᠢ ᠬᠦᠰᠡᠨ ᠵᠦᠡᠭᠨᠡᠶ᠎ᠡ︕ |