2017 ᠣᠨ ᠳᠤ ᠥᠪᠥᠷ ᠮᠣᠩᠭᠤᠯ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠢ 2461 ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2018/1/2
     2017 ᠣᠨ ᠠᠴᠠ ᠨᠠᠰᠢ᠂ ᠮᠠᠨ ᠤ ᠣᠷᠣᠨ ᠡᠯ᠎ᠡ ᠲᠦᠷᠦᠯ ᠤᠨ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠠ ᠥᠷᠨᠢᠭᠦᠯᠵᠦ᠂ ᠡᠮ ᠤᠨ ᠵᠦᠢᠯ ᠢ ᠦᠢᠯᠡᠳᠪᠦᠷᠢᠯᠡᠵᠦ ᠡᠵᠡᠩᠨᠡᠬᠦ ᠳᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠢ᠃ ᠪᠦᠬᠦ ᠵᠢᠯ ᠳᠤ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠢ 2461 ᠪᠠᠶᠢᠴᠠᠭᠠᠨ ᠰᠢᠢᠳᠪᠦᠷᠢᠯᠡᠪᠡ᠂ ᠡᠭᠦᠨ ᠳᠤ ᠡᠮ ᠤᠨ ᠵᠦᠢᠯ ᠤᠨ ᠬᠡᠷᠡᠭ 1822᠂ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠡᠷᠡᠭ 274᠂ ᠵᠠᠰᠠᠯ ᠤᠨ ᠬᠡᠷᠡᠭᠰᠡᠯ ᠤᠨ ᠬᠡᠷᠡᠭ 367 ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠠᠨ ᠲᠦᠮᠡᠨ ᠤ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠡᠮ ᠤᠨ ᠵᠦᠢᠯ ᠦᠢᠯᠡᠳᠪᠦᠷᠢᠯᠡᠬᠦ ᠪᠠ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠳᠤ ᠲᠤᠰᠬᠠᠶ ᠪᠠᠶᠢᠴᠠᠭᠠᠯᠲᠠ ᠥᠷᠨᠢᠭᠦᠯᠵᠦ᠂ 44 ᠡᠷᠦᠬᠡ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠨᠠᠶᠢᠷᠠᠭᠤᠯᠬᠤ ᠲᠠᠰᠤᠭ ᠢ ᠰᠢᠮᠳᠠᠭᠤᠯᠤᠨ ᠴᠡᠭᠴᠡᠯᠡᠨ ᠵᠠᠰᠠᠵᠤ᠂ ᠰᠢᠩᠭᠡᠨ ᠬᠠᠪᠲᠠᠭᠠᠢ ᠬᠢᠲᠠᠳ ᠡᠮ ᠴᠢᠨᠠᠵᠤ ᠦᠢᠯᠡᠳᠪᠦᠷᠢᠯᠡᠬᠦ 3 ᠠᠵᠤ ᠠᠬᠤᠶᠢᠯᠠᠯ ᠢ ᠰᠡᠷᠡᠮᠵᠢᠯᠡᠭᠦᠯᠦᠨ ᠪᠣᠯᠵᠣᠨ ᠶᠠᠷᠢᠯᠴᠠᠪᠠ᠂ ᠡᠮ ᠤᠨ ᠵᠦᠢᠯ ᠪᠥᠭᠡᠮ ᠢᠶᠠᠷ ᠬᠤᠳᠠᠯᠳᠤᠬᠤ 20 ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠵᠡᠢ᠃ ᠰᠢᠩᠭᠡᠨ ᠬᠠᠪᠲᠠᠭᠠᠢ ᠬᠢᠲᠠᠳ ᠡᠮ ᠤᠨ ᠮᠠᠲ᠋ᠧᠷᠢᠶᠠᠯ ᠬᠢᠲᠠᠳ ᠡᠮ᠂ ᠲᠦᠭᠰᠢᠭᠦᠷᠢ ᠶᠡᠬᠡᠲᠡᠶ ᠡᠮ ᠡᠮᠨᠡᠯᠭᠡ ᠶᠢᠨ ᠪᠠᠭᠠᠵᠢ ᠬᠡᠷᠡᠭᠰᠡᠯ ︵ᠵᠢᠱᠢᠶᠡᠯᠡᠪᠡᠯ ᠪᠠᠺᠲ᠋ᠧᠷᠢ ᠦᠭᠡᠢ᠂ ᠰᠢᠳᠢᠳᠦᠮᠡᠯ ᠦᠢᠯᠡᠳᠬᠦᠨ᠂ ᠳᠠᠷᠢᠯᠭ᠎ᠠ ᠳᠤ ᠬᠡᠷᠡᠭᠯᠡᠬᠦ ᠲᠤᠩᠭᠠᠯᠠᠭ ᠡᠳ᠋ ᠤᠨ ᠬᠦᠴᠢᠯ ᠤᠨ ᠨᠠᠲᠷᠢ᠂ ᠨᠢᠭᠤᠴᠠᠭᠠᠶ ᠨᠢᠳᠦᠨ ᠰᠢᠯ︶ ᠵᠡᠷᠭᠡ ᠦᠢᠯᠡᠳᠬᠦᠨ ᠢ ᠲᠤᠰᠬᠠᠶ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠬᠢᠵᠠᠭᠠᠷᠯᠠᠵᠠᠢ᠃ ᠪᠥᠬᠦ ᠣᠷᠣᠨ ᠤ ᠰᠦᠯᠵᠢᠶᠡᠨ ᠳᠡᠭᠡᠷ᠎ᠡ ᠡᠮ ᠡᠮᠨᠡᠯᠭᠡ ᠶᠢᠨ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ᠬᠢᠵᠤ᠂ 36 ᠠᠵᠤ ᠠᠬᠤᠶᠢᠯᠠᠯ ᠢᠨᠲ᠋ᠧᠷ ᠰᠦᠯᠵᠢᠶᠡᠨ ᠤ ᠡᠵᠡᠩᠨᠡᠯᠲᠡ ᠪᠠ ᠮᠡᠳᠡᠭᠡ ᠵᠠᠩᠭᠢ ᠨᠡᠶᠢᠲᠡᠯᠡᠬᠦ ᠠᠵᠢᠯᠯᠠᠭ᠎ᠠ ᠬᠢᠵᠤ ᠪᠠᠶᠢᠬᠤ ᠶᠢ ᠢᠯᠡᠷᠡᠭᠦᠯᠵᠦ᠂ ᠬᠠᠤᠯᠢ ᠲᠣᠭᠲᠠᠭᠠᠯ ᠢ ᠵᠥᠷᠢᠴᠡᠭᠰᠡᠨ 24 ᠠᠵᠤ ᠠᠬᠤᠶᠢᠯᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠪᠠ ᠡᠭᠦᠳᠡ ᠶᠢ ᠨᠢ ᠬᠠᠭᠠᠯᠭᠠᠪᠠ᠃ ᠡᠭᠦᠨ ᠠᠴᠠ ᠭᠠᠳᠠᠨ᠎ᠠ᠂ ᠣᠯᠠᠨ ᠨᠡᠶᠢᠲᠡ ᠶᠢᠨ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠮᠰᠠᠷ ᠢ ᠨᠢ ᠳᠡᠭᠡᠭᠰᠢᠯᠡᠭᠦᠯᠬᠦ ᠶᠢᠨ ᠲᠤᠯᠠᠳᠠ᠂ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠥᠷᠳᠡᠭᠡ 3016᠎ ᠶᠢ ᠪᠠᠶᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号