1 ᠳ᠋ᠦ᠋ᠭᠡᠷ ᠰᠠᠷ᠎ᠠ ᠶᠢᠨ 19 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ | ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠤᠨᠢᠨ | ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ 1 ᠳ᠋ᠦ᠋ᠭᠡᠷ ᠰᠠᠷ᠎ᠠ ᠶᠢᠨ | 23 ᠠᠴᠠ 29 ᠤ ᠡᠳᠦᠷ ᠪᠤᠯᠲᠠᠯ᠎ᠠ ᠬᠦᠬᠡᠬᠤᠲᠠ ᠳᠤ ᠬᠤᠷᠠᠯᠳᠤᠨ᠎ᠠ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠠᠷᠢᠬᠦᠯᠡᠭᠴᠢ ᠵᠧᠩ ᠹᠦ᠋ | ᠲᠢᠶᠠᠨ ᠵᠢᠴᠢ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠰᠤᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠵᠠᠢ᠃ | ᠬᠤᠷᠠᠯ ᠠᠴᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠪᠡᠯᠡᠳᠭᠡᠯ ᠪᠠᠶᠢᠳᠠᠯ ᠪᠤᠯᠤᠨ ᠦᠪᠡᠷᠲᠡᠭᠡᠨ ᠵᠠᠰᠠᠬᠤ | ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ 5 ᠵᠢᠯ ᠠᠴᠠ | ᠨᠠᠰᠢᠬᠢ ᠭᠤᠤᠯ ᠪᠤᠯᠬᠤ ᠠᠵᠢᠯ ᠤᠨ ᠪᠠᠶᠢᠳᠠᠯ ᠢ ᠮᠡᠳᠡᠭᠳᠡᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠦᠬᠦᠳ ᠬᠤᠷᠠᠯ ᠤᠨ ᠤᠬᠠᠭᠤᠯᠵᠦ ᠮᠡᠳᠡᠭᠡᠯᠡᠬᠦ | ᠠᠵᠢᠯ ᠤᠨ ᠲᠤᠭᠤᠷᠢᠨ ᠳᠤ ᠱᠠᠭᠠᠷᠳᠠᠯᠭ᠎ᠠ ᠳᠤᠷᠠᠳᠪᠠ᠃ | 1 ᠳ᠋ᠦ᠋ᠭᠡᠷ ᠰᠠᠷ᠎ᠠ ᠶᠢᠨ 19 ᠤ ᠦᠳᠡ ᠶᠢᠨ ᠡᠮᠦᠨ᠎ᠡ ᠲᠡᠭᠦᠰᠦᠭᠰᠡᠨ ᠦᠪᠡᠷᠲᠡᠭᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠶᠢᠨ ᠬᠤᠷᠢᠨ ᠨᠢᠭᠡᠳᠦᠬᠡᠷ ᠤᠳᠠᠭ᠎ᠠ ᠶᠢᠨ ᠬᠤᠷᠠᠯ ᠳᠤ ᠰᠢᠨ᠎ᠡ ᠨᠢᠭᠡᠨ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ | ᠤ ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠤ ᠨᠡᠷᠡᠰ ᠢ ᠵᠦᠪᠳᠡᠯᠴᠡᠨ ᠭᠠᠷᠭᠠᠵᠦ᠂ ᠡᠭᠦᠨ ᠳᠤ 29 | ᠡᠲᠡᠭᠡᠳ ᠤᠨ ᠢᠯᠭᠠᠯ ᠤᠨ 521 ᠭᠡᠰᠢᠬᠦᠨ ᠢ ᠪᠠᠭᠲᠠᠭᠠᠵᠤ᠂ ᠬᠡᠰᠢᠬᠦᠨ ᠤ ᠶᠡᠷᠦᠩᠭᠡᠢ ᠬᠡᠪᠴᠢᠶ᠎ᠡ᠂ ᠬᠠᠷᠢᠴᠠᠯ ᠪᠠ | ᠪᠦᠲᠦᠴᠡ ᠵᠡᠷᠭᠡ ᠨᠢ ᠴᠦᠮ ᠦᠷᠭᠡᠨ ᠳᠡᠯᠭᠡᠷ ᠴᠢᠨᠠᠷ ᠪᠤᠯᠤᠨ ᠲᠦᠯᠦᠭᠡᠯᠡᠬᠦ ᠴᠢᠨᠠᠷ ᠢ ᠬᠦᠢᠴᠡᠳ ᠢᠯᠡᠷᠡᠬᠦᠯᠦᠭᠰᠡᠨ | ᠪᠠᠶᠢᠨ᠎ᠠ᠃ |