ᠳᠤᠮᠳᠠᠳᠤ ᠤᠯᠤᠰ ᠤᠨ ᠠᠷᠠᠳ ᠤᠨ ᠤᠯᠤᠰ ᠲᠥᠷᠤ ᠶᠢᠨ ᠵᠥᠪᠯᠡᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠤᠬᠳᠠᠭᠠᠯ
ᠨᠡᠶᠢᠲᠡᠯᠡᠭᠰᠡᠨ ᠴᠠᠭ᠄
2018/1/22
      ︵2018 ᠣᠨ ᠤ 1 ᠳ᠋ᠦ᠋ᠭᠡᠷ ᠰᠠᠷ᠎ᠠ ᠶᠢᠨ 18᠎ ᠤ ᠡᠳᠦᠷ ᠤᠯᠤᠰ ᠲᠥᠷᠤ ᠶᠢᠨ ᠵᠥᠪᠯᠡᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠭᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠬᠡᠳᠤᠬᠡᠷ ᠤᠳᠠᠭ᠎ᠠ ᠶᠢᠨ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠠᠷᠠᠳ ᠤᠨ ᠤᠯᠤᠰ ᠲᠥᠷᠤ ᠶᠢᠨ ᠵᠥᠪᠯᠡᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠬᠡᠳᠤᠬᠡᠷ ᠤᠳᠠᠭ᠎ᠠ ᠶᠢᠨ ᠬᠤᠷᠠᠯ ᠠᠴᠠ᠂ ᠲᠤᠮᠳᠠᠳᠤ ᠤᠯᠤᠰ ᠤᠨ ᠠᠷᠠᠳ ᠤᠨ ᠤᠯᠤᠰ ᠲᠥᠷᠤ ᠶᠢᠨ ᠵᠥᠪᠯᠡᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠢ 2018 ᠣᠨ ᠤ 1 ᠳ᠋ᠦ᠋ᠭᠡᠷ ᠰᠡᠷ᠎ᠠ ᠶᠢᠨ 23᠎ ᠠᠴᠠ 29᠎ ᠤ ᠡᠳᠤᠷ ᠪᠤᠯᠳᠠᠯ᠎ᠠ ᠬᠥᠬᠡᠬᠤᠳᠠ ᠎ ᠳᠤ ᠬᠤᠷᠠᠯᠳᠤᠭᠤᠯᠬᠤ ᠪᠠᠷ ᠲᠤᠬᠳᠠᠭᠠᠪᠠ᠃ ᠬᠤᠷᠠᠯ ᠳᠤ ᠰᠠᠨᠠᠭᠤᠯᠬᠤ ᠭᠤᠤᠯ ᠵᠥᠪᠯᠡᠬᠦ ᠵᠥᠢᠯ᠄ ᠲᠤᠮᠳᠠᠳᠤ ᠤᠯᠤᠰ ᠎ ᠤᠨ ᠡᠪ ᠬᠠᠮᠳᠤ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠥᠷᠪᠡᠳᠤᠬᠡᠷ᠂ ᠲᠠᠪᠤᠳᠤᠭᠠᠷ ᠪᠦᠬᠦᠳᠠ ᠬᠤᠷᠠᠯ ᠎ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ︔ ︽ᠤᠯᠤᠰ ᠲᠥᠷᠤ ᠶᠢᠨ ᠵᠥᠪᠯᠡᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠤᠯᠳᠠ︾᠎ ᠶᠢ ᠰᠤᠨᠤᠰᠴᠤ ᠬᠢᠨᠠᠨ ᠵᠥᠪᠯᠠᠨ᠎ᠠ︔ ︽ᠤᠯᠤᠰ ᠲᠥᠷᠤ ᠶᠢᠨ ᠵᠥᠪᠯᠠᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠲᠠᠪᠤᠨ ᠵᠢᠯ ᠤᠨ ᠲᠤᠷᠰᠢᠬᠢ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠠᠳᠡᠬᠦᠯᠤᠯᠳᠠ︾᠎ ᠶᠢ ᠰᠤᠨᠤᠰᠴᠤ ᠬᠢᠨᠠᠨ ᠵᠥᠪᠯᠡᠨ᠎ᠠ︔ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠰᠤᠯᠨ ᠤᠷᠤᠯᠴᠠᠵᠤ᠂ ︽ᠵᠠᠰᠠᠭ ᠤᠨ ᠤᠷᠳᠤᠨ ᠤ ᠠᠵᠢᠯ ᠤᠨ ᠢᠯᠠᠳᠬᠡᠯ︾ ᠵᠢᠴᠢ ᠪᠤᠰᠤᠳ ᠬᠠᠮᠢᠶ᠎ᠠ ᠪᠥᠬᠦᠢ ᠮᠡᠳᠡᠬᠦᠯᠤᠯᠳᠠ ᠶᠢ ᠰᠤᠨᠤᠰᠴᠤ ᠶᠠᠷᠢᠯᠴᠠᠨ᠎ᠠ︔ ᠤᠯᠤᠰ ᠲᠥᠷᠤ ᠶᠢᠨ ᠵᠥᠪᠯᠠᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠷᠢᠬᠦᠯᠡᠭᠴᠢ᠂ ᠲᠠᠳ᠋ ᠲᠠᠷᠢᠬᠦᠯᠡᠭᠴᠢ᠂ ᠨᠠᠷᠢᠨ ᠪᠢᠴᠢᠭ ᠤᠨ ᠲᠠᠷᠤᠭ᠎ᠠ᠂ ᠪᠠᠶᠢᠡᠭᠭᠤ ᠶᠢᠨ ᠬᠡᠰᠢᠬᠦᠨ ᠢ ᠰᠤᠩᠭᠤᠨ᠎ᠠ︔ ᠤᠯᠤᠰ ᠲᠥᠷᠤ ᠶᠢᠨ ᠵᠥᠪᠯᠠᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠤᠯᠤᠰ ᠲᠥᠷᠤ ᠶᠢᠨ ᠰᠢᠢᠳᠪᠤᠷᠢ ︵ᠲᠥᠰᠥᠯ︶᠎ ᠶᠢ ᠬᠢᠨᠠᠨ ᠵᠦᠪᠯᠡᠵᠦ ᠪᠠᠳᠤᠯᠠᠨ᠎ᠠ︔ ︽ᠤᠯᠤᠰ ᠲᠥᠷᠤ ᠶᠢᠨ ᠵᠥᠪᠯᠠᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠠᠬᠦᠯᠤᠯᠳᠠ︾᠎ ᠶᠢᠨ ᠲᠤᠬᠠᠢ ᠤᠯᠤᠰ ᠲᠥᠷᠤ ᠶᠢᠨ ᠵᠥᠪᠯᠠᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠢᠢᠳᠪᠤᠷᠢ ︵ᠲᠥᠰᠥᠯ︶᠎ ᠶᠢ ᠬᠢᠨᠠᠨ ᠵᠦᠪᠯᠡᠵᠦ ᠪᠠᠳᠤᠯᠠᠨ᠎ᠠ︔ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠬᠰᠡᠨ ᠪᠠᠶᠢᠳᠠᠯ ᠤᠨ ᠲᠤᠬᠠᠢ ᠤᠯᠤᠰ ᠲᠥᠷᠤ ᠶᠢᠨ ᠵᠥᠪᠯᠠᠯᠬᠡᠨ ᠤ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠬᠤ ᠵᠦᠪᠯᠡᠯ ᠤᠨ ᠮᠠᠳᠠᠬᠦᠯᠤᠯᠳᠠ ︵ᠲᠥᠰᠤᠯ︶᠎ ᠶᠢ ᠬᠢᠨᠠᠨ ᠵᠦᠪᠯᠡᠵᠦ ᠪᠠᠳᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号