| | ︵2018 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ ᠳᠤᠮᠳᠠᠳᠤ ᠤᠯᠤᠰ ᠤᠨ ᠡᠪ ᠬᠠᠮᠳᠦ ᠨᠠᠮ ᠤᠨ | ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠲᠦᠷᠪᠡᠳᠦᠭᠡᠷ ᠪᠦᠬᠦᠳᠠ ᠬᠤᠷᠠᠯ ᠠᠴᠠ ᠪᠠᠳᠤᠯᠠᠪᠠ︶ | ᠳᠤᠮᠳᠠᠳᠤ ᠤᠯᠤᠰ ᠤᠨ ᠡᠪ ᠬᠠᠮᠳᠦ ᠨᠠᠮ ᠤᠨ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠦᠷᠪᠡᠳᠦᠭᠡᠷ ᠪᠦᠬᠦᠳᠠ ᠬᠤᠷᠠᠯ | 2018 ᠣᠨ ᠤ 1 ᠳ᠋ᠦ᠋ᠭᠡᠷ ᠰᠠᠷ᠎ᠠ ᠶᠢᠨ 21 ᠠᠴᠠ 22 ᠤᠨ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠪᠠ᠃ | ᠪᠦᠬᠦᠳᠠ ᠬᠤᠷᠠᠯ ᠳᠤ ᠤᠷᠤᠯᠴᠠᠭᠰᠠᠳ ᠲᠤ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠶᠢᠨ ᠭᠡᠰᠢᠬᠦᠨ 42 ᠬᠦᠮᠦᠨ᠂ ᠰᠤᠯᠠ ᠤᠷᠤᠯᠴᠠᠭᠰᠠᠨ 162 ᠬᠦᠮᠦᠨ ᠪᠤᠢ᠃ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠦᠬᠦᠳᠠ ᠬᠤᠷᠠᠯ ᠳᠤ ᠤᠷᠤᠯᠴᠠᠭᠰᠠᠨ ᠤ ᠬᠠᠮᠳᠦ ᠶᠠᠷᠢᠶ᠎ᠠ | ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠦᠪᠡᠷᠲᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ | ᠵᠢᠴᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶ᠎ᠠ᠂ ᠦᠪᠡᠷᠲᠡᠭᠡᠨ ᠵᠠᠰᠠᠬᠤ | ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃ | ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ | ᠬᠤᠷᠠᠯ ᠢ ᠡᠷᠬᠢᠯᠡᠵᠡᠢ᠃ | ᠪᠦᠬᠦᠳᠠ ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠦ᠂ 2017 ᠣᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ | ᠠᠵᠢᠯ ᠢ ᠡᠷᠬᠢᠴᠡᠬᠦᠯᠦᠨ ᠳ᠋ᠦᠩᠨᠡᠵᠦ᠂ 2018 ᠣᠨ ᠤ ᠡᠬᠦᠷᠭᠡ ᠶᠢ ᠰᠤᠳᠤᠯᠤᠨ ᠪᠠᠶᠢᠷᠢᠯᠠᠭᠤᠯᠵᠦ᠂ ᠯᠢᠦ ᠴᠢ ᠹᠠᠨ | ᠨᠦᠬᠦᠷ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠡᠮᠦᠨ᠎ᠠ ᠠᠴᠠ ᠬᠢᠭᠰᠡᠨ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠵᠦ ᠬᠠᠷᠢᠭᠤᠴᠠᠯᠭ᠎ᠠ ᠪᠠᠨ ᠲᠤᠤᠱᠳᠠᠢ ᠡᠭᠦᠷᠭᠡᠯᠡᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ | ᠬᠦᠨᠵᠡᠭᠡᠶᠢᠷᠡᠨ ᠬᠦᠭᠵᠢᠭᠦ ᠶᠢ ᠡᠷᠡᠰ ᠭᠤᠶᠢᠪᠢᠰᠢ ᠦᠭᠡᠢ ᠪᠠᠷ ᠠᠬᠢᠭᠤᠯᠣᠶ᠎ᠠ︾ ᠭᠡᠬᠦ ᠠᠵᠢᠯ ᠤᠨ ᠮᠡᠳᠡᠬᠦᠯᠦᠯᠳᠠ ᠶᠢ | ᠬᠢᠨᠡᠨ ᠵᠦᠪᠯᠡᠵᠦ ᠪᠠᠳᠤᠯᠠᠪᠠ᠃ | ᠪᠦᠬᠦᠳᠠ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠠᠷᠪᠡ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ | ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠵᠤᠤ ᠯᠧ ᠵᠢᠢ ᠨᠦᠬᠦᠷ ᠤᠨ ᠠᠵᠢᠯ ᠤᠨ | ᠮᠡᠳᠡᠬᠦᠯᠦᠯᠳᠠ ᠶᠢ ᠨᠠᠷᠢᠨ ᠬᠢᠨᠠᠮᠠᠭᠠᠢ ᠰᠤᠷᠤᠯᠴᠠᠵᠦ ᠬᠦᠨᠵᠡᠭᠡᠢ ᠡᠵᠡᠮᠰᠢᠨ᠂ ᠪᠦᠬᠦ ᠤᠷᠤᠨ ᠤ ᠡᠯ᠎ᠠ ᠱᠠᠳᠤᠨ ᠤ ᠨᠠᠮ | ᠤᠨ ᠵᠤᠬᠢᠶᠠᠨ ᠪᠠᠶᠢᠭᠤᠯᠤᠯᠳᠠ ᠨᠤᠭᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠦ᠂ ᠰᠢᠨᠳᠠᠰᠤ ᠡᠷᠴᠢᠯᠡᠨ ᠲᠠᠬᠢᠨ ᠮᠤᠷᠳᠠᠵᠦ᠂ ᠬᠡᠵᠢᠶᠡᠳᠡ ᠲᠠᠭᠤᠰᠤᠰᠢ ᠦᠭᠡᠢ ᠰᠢᠢᠳᠮᠡᠭ | ᠵᠤᠷᠢᠭ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠬᠦ ᠭᠡᠷᠡᠭᠲᠡᠢ ᠭᠡᠵᠦ ᠱᠠᠭᠠᠷᠳᠠᠪᠠ᠃ | ᠪᠦᠬᠦᠳᠠ ᠬᠤᠷᠠᠯ ᠠᠴᠠ᠂ ᠯᠢ ᠵᠢᠢ ᠾᠧᠩ ᠨᠦᠬᠦᠷ ᠤᠨ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠶᠠᠷᠢᠶ᠎ᠠ ᠨᠢ | ᠮᠠᠨ ᠤ ᠤᠷᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠠᠵᠢᠯ ᠤᠨ | ᠤᠯᠤᠬᠰᠠᠨ ᠢᠯᠡᠷᠭᠡᠢ ᠠᠮᠵᠢᠯᠳᠠ ᠶᠢ ᠬᠦᠢᠴᠡᠳ ᠨᠤᠳᠠᠯᠠᠵᠦ᠂ ᠮᠠᠨ ᠤ ᠤᠷᠤᠨ ᠤ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠳᠤ ᠲᠤᠯᠭᠠᠷᠠᠵᠦ ᠪᠠᠶᠢᠭ᠎ᠠ ᠪᠠᠶᠢᠳᠠᠯ ᠪᠠ ᠦᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠵᠠᠳᠠᠯᠵᠦ᠂ | ᠤᠳᠤᠬᠠᠨ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠭᠤᠤᠯ ᠡᠬᠦᠷᠭᠡ ᠶᠢ ᠳᠤᠳᠤᠷᠬᠠᠢ ᠳᠤᠷᠠᠳᠴᠦ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠤᠢᠢᠯᠠᠭᠠᠬᠤ ᠶᠢᠨ ᠬᠠᠮᠳᠦ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠨᠠᠮ ᠤᠨ ᠲᠦᠪ ᠬᠤᠷᠢᠶ᠎ᠠ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠤᠬᠠᠢ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ | ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠᠴᠢᠯᠠᠭᠰᠠᠨ ᠪᠠᠶᠢᠨ᠎ᠠ᠃ ᠶᠠᠷᠢᠶ᠎ᠠ ᠨᠢ ᠦᠨᠡᠨ ᠢ ᠪᠠᠷᠢᠮᠳᠠᠯᠠᠨ | ᠪᠤᠳᠠᠳᠠᠢ ᠶᠢ ᠡᠷᠬᠢᠮᠯᠡᠵᠦ᠂ ᠴᠠᠭ ᠦᠶ᠎ᠠ ᠶᠢᠨ ᠭᠡᠮ ᠠᠷᠬᠠᠬ ᠢ ᠤᠨᠤᠪᠴᠢᠳᠠᠢ ᠤᠯᠵᠦ ᠬᠦᠮᠦᠰ ᠢ ᠤᠷᠮᠠᠰᠢᠭᠤᠯᠤᠨ | ᠵᠤᠷᠢᠬᠵᠢᠭᠤᠯᠵᠦ᠂ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ ᠦᠵᠡᠯ ᠰᠠᠨᠠᠭᠠᠨ ᠤ ᠴᠢᠨᠠᠷ ᠪᠠ ᠵᠢᠯᠤᠭᠤᠳᠬᠤ | ᠴᠢᠨᠠᠷ ᠲᠠᠢ ᠪᠠᠶᠢᠵᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠤᠭᠤᠳ ᠳᠡᠭᠡᠳᠦ ᠭᠡᠮᠵᠢᠶᠡᠨ ᠤ | ᠤᠯᠤᠰ ᠲᠦᠷᠦ ᠶᠢᠨ ᠰᠠᠨᠠᠭᠠᠴᠢᠯᠠᠭ᠎ᠠ ᠪᠠᠷ ᠤᠯᠠᠮᠵᠢᠯᠠᠨ ᠰᠤᠷᠤᠯᠴᠠᠵᠦ᠂ ᠴᠢᠩᠭ᠎ᠠ ᠬᠦᠴᠦᠳᠠᠢ ᠤᠯᠤᠰ ᠲᠦᠷᠦ ᠶᠢᠨ | ᠤᠬᠠᠮᠰᠠᠷ ᠢᠶᠠᠷ ᠬᠠᠷᠭᠤᠭᠤᠯᠤᠨ ᠪᠠᠶᠢᠴᠠᠭᠠᠵᠦ᠂ ᠡᠷᠡᠰ ᠬᠠᠳᠠᠭᠤ ᠤᠯᠤᠰ ᠲᠦᠷᠦ ᠶᠢᠨ ᠡᠬᠦᠷᠭᠡᠯᠡᠯ ᠢᠶᠠᠷ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠰᠠᠨᠠᠯ ᠨᠢᠭᠡᠲᠦᠢ ᠦᠵᠡᠵᠡᠭᠡᠪᠡ᠃ | ᠪᠦᠬᠦᠳᠠ ᠬᠤᠷᠠᠯ ᠠᠴᠠ᠂ 2017 ᠣᠨ ᠳᠤ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠲᠦᠪ ᠤᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ | ᠱᠠᠭᠠᠷᠳᠠᠯᠭ᠎ᠠ ᠶᠤᠰᠤᠭᠠᠷ᠂ ᠨᠠᠮ ᠤᠨ ᠲᠦᠷᠢᠮ ᠠᠴᠠ ᠤᠯᠭᠤᠭᠰᠠᠨ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠬᠦᠢᠴᠡᠳᠭᠡᠵᠦ᠂ ᠲᠥᠪ ᠴᠢᠩᠭ᠎ᠠ ᠪᠠᠷ ᠬᠢᠨᠡᠨ ᠪᠠᠶᠢᠴᠠᠭᠠᠵᠦ ᠰᠠᠬᠢᠯᠭ᠎ᠠ ᠪᠠᠳᠤ ᠶᠢ ᠭᠡᠷᠡᠭᠵᠢᠬᠦᠯᠦᠨ ᠬᠠᠷᠢᠭᠤᠴᠠᠯᠭ᠎ᠠ | ᠲᠤᠯᠭᠠᠵᠦ᠂ ᠤᠯᠤᠰ ᠲᠦᠷᠦ ᠶᠢᠨ ᠴᠢᠳᠠᠪᠤᠷᠢ ᠰᠢᠨ᠎ᠠ ᠳᠡᠭᠡᠭᠰᠢᠯᠡᠯᠳᠠ ᠲᠠᠢ ᠪᠤᠯᠵᠦ᠂ ᠨᠠᠮ ᠤᠨ ᠳᠤᠳᠤᠭᠠᠳᠦ ᠶᠢᠨ | ᠤᠯᠤᠰ ᠲᠦᠷᠦ ᠶᠢᠨ ᠠᠮᠢᠳᠤᠷᠠᠯ ᠰᠢᠨ᠎ᠠ ᠲᠦᠷᠰᠦ ᠪᠠᠶᠢᠳᠠᠯ ᠲᠠᠢ ᠪᠤᠯᠵᠦ᠂ ᠰᠤᠷᠳᠠᠯ ᠤᠨ ᠪᠠᠶᠢᠭᠤᠯᠤᠯᠳᠠ ᠳᠤ ᠰᠢᠨ᠎ᠠ | ᠠᠬᠢᠯᠳᠠ ᠤᠯᠵᠦ᠂ ᠠᠷᠠᠳ ᠤᠨ ᠠᠮᠢᠳᠤᠷᠠᠯ ᠤᠨ ᠠᠵᠢᠯ ᠤᠨ ᠬᠢᠨᠠᠯᠳᠠ ᠳᠤ ᠰᠢᠨ᠎ᠠ ᠠᠮᠵᠢᠯᠳᠠ ᠤᠯᠵᠦ᠂ ᠲᠤᠭᠤᠷᠢᠨ | ᠪᠠᠶᠢᠴᠠᠭᠠᠬᠤ ᠰᠢᠨᠵᠢᠯᠡᠨ ᠪᠠᠶᠢᠴᠠᠭᠠᠬᠤ ᠶᠢ ᠰᠢᠨ᠎ᠠ ᠬᠦᠷᠢᠶᠡᠨ ᠳᠤ ᠬᠦᠷᠳᠡᠯ᠎ᠠ ᠦᠷᠭᠡᠳᠭᠡᠵᠦ᠂ ᠢᠯᠵᠢᠷᠡᠯ ᠢ | ᠡᠰᠡᠷᠬᠦᠴᠡᠬᠦ ᠲᠡᠮᠡᠴᠡᠯ ᠨᠢᠴᠠ ᠳᠠᠷᠤᠬᠤ ᠰᠢᠨ᠎ᠠ ᠲᠦᠷᠰᠦ ᠪᠠᠶᠢᠳᠠᠯ ᠲᠠᠢ ᠪᠤᠯᠵᠦ᠂ ᠢᠯᠵᠢᠷᠡᠯ ᠢ ᠡᠰᠡᠷᠬᠦᠴᠡᠬᠦ ᠠᠵᠢᠯ | ᠤᠨ ᠲᠤᠭᠳᠠᠴᠠ ᠶᠢᠨ ᠰᠢᠨ᠎ᠠ ᠪᠠᠶᠢᠷᠢᠰᠢᠯ ᠢ ᠴᠤᠭᠴᠠᠯᠠᠵᠦ᠂ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠰᠢᠨ᠎ᠠ | ᠳᠡᠭᠳᠡᠷ ᠲᠤ ᠭᠠᠷᠴᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠬᠦ ᠶᠢ ᠠᠬᠢᠭᠤᠯᠵᠦ᠂ ᠨᠠᠮ ᠤᠨ | ᠰᠤᠷᠳᠠᠯ ᠴᠢᠭᠡᠴᠢ ᠵᠠᠰᠠᠬ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠠᠵᠢᠯ ᠳᠤ ᠰᠢᠪᠳᠤᠯᠤᠯᠳᠠ ᠶᠢᠨ | ᠴᠢᠨᠠᠷᠳᠠᠢ ᠦᠷ᠎ᠠ ᠪᠦᠳᠦᠮᠵᠢ ᠤᠯᠵᠠᠢ ᠭᠡᠵᠦ ᠦᠵᠡᠪᠡ᠃ | ᠪᠦᠬᠦᠳᠠ ᠬᠤᠷᠠᠯ ᠠᠴᠠ᠂ ᠠᠮᠵᠢᠯᠳᠠ ᠪᠦᠳᠤᠮᠵᠢ ᠪᠠᠨ ᠬᠦᠢᠴᠡᠳ ᠨᠤᠳᠠᠯᠠᠬᠰᠠᠨ ᠤ ᠬᠠᠮᠳᠤ ᠤᠷᠤᠰᠢᠵᠤ | ᠪᠠᠶᠢᠭ᠎ᠠ ᠠᠰᠠᠭᠤᠳᠠᠯ ᠪᠤᠯᠤᠨ ᠬᠦᠷᠤᠯᠴᠡᠬᠦ ᠦᠬᠡᠢ ᠲᠠᠯ᠎ᠠ ᠳᠠᠭᠠᠨ ᠴᠦ ᠵᠦᠪ ᠢᠶᠠᠷ ᠬᠠᠨᠳᠤᠵᠤ᠂ ᠤᠳᠤᠬᠠᠨ ᠤ | ᠢᠯᠵᠢᠷᠠᠯ ᠢ ᠡᠰᠡᠷᠬᠦᠴᠡᠬᠦ ᠲᠡᠮᠡᠴᠡᠯ ᠤᠨ ᠪᠠᠶᠢᠳᠠᠯ ᠮᠦᠨᠬᠦ ᠬᠦᠨᠳᠤ ᠨᠤᠴᠢᠳᠠᠢ ᠨᠠᠷᠢᠨ ᠪᠤᠳᠤᠯᠢᠶᠠᠨᠳᠠᠢ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠡᠬᠦᠷᠬᠡ ᠮᠦᠨᠬᠦ ᠬᠠᠳᠠᠭᠤ ᠪᠡᠷᠬᠡ ᠨᠦᠰᠠᠷ ᠬᠦᠨᠳᠤ ᠪᠠᠶᠢᠬᠤ ᠶᠢ ᠰᠡᠷᠭᠡᠭ ᠢᠶᠠᠷ | ᠲᠠᠨᠢᠬᠤ ᠭᠡᠷᠡᠭᠳᠠᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠤᠭᠤᠳ 2018 | ᠣᠨ ᠤ ᠠᠵᠢᠯ ᠤᠨ ᠶᠠᠷᠤᠩᠬᠡᠢ ᠱᠠᠭᠠᠷᠳᠠᠯᠭ᠎ᠠ ᠶᠢ ᠵᠦᠪ ᠢᠶᠠᠷ ᠡᠵᠡᠮᠳᠡᠨ᠂ ᠰᠢ ᠶᠢᠨ ᠫᠢᠩ ᠤᠨ ᠰᠢᠨ᠎ᠠ ᠴᠠᠬ ᠦᠶ᠎ᠠ | ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ | ᠤ ᠲᠦᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠨᠡᠶᠢᠳᠠᠪᠤᠷᠢᠵᠢᠭᠤᠯᠵᠤ᠂ ᠤᠬ ᠰᠠᠨᠠᠭ᠎ᠠ ᠪᠠᠨ ᠦᠯᠤ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ︽ | ᠲᠦᠷᠪᠡᠨ ᠤᠬᠠᠮᠰᠠᠷ︾ ᠢᠶᠠᠨ ᠴᠢᠩᠭᠠᠷᠠᠭᠤᠯᠤᠨ ︽ᠲᠦᠷᠪᠡᠨ ᠢᠳᠡᠬᠡᠯ︾ ᠢᠶᠠᠨ ᠪᠠᠳᠤᠳᠬᠠᠵᠤ᠂ ᠨᠠᠮ ᠤᠨ ᠲᠦᠷᠢᠮ | ᠪᠤᠯᠤᠨ ᠦᠨᠳᠤᠰᠤᠨ ᠬᠠᠤᠯᠢ ᠠᠴᠠ ᠤᠯᠭᠤᠬᠰᠠᠨ ᠡᠬᠦᠷᠬᠡ ᠬᠠᠷᠢᠭᠤᠴᠠᠯᠭ᠎ᠠ ᠪᠠᠨ ᠲᠦᠪ ᠭᠤᠤᠯᠴᠢ ᠪᠠᠷ | ᠬᠦᠢᠴᠡᠳᠬᠡᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠬᠤ ᠪᠠᠷ | ᠭᠤᠤᠯᠯᠠᠭᠤᠯᠵᠤ᠂ ᠶᠠᠷᠤᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠪᠤᠯᠤᠨ ᠪᠦᠬᠦ ᠨᠠᠮ ᠤᠨ | ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠬᠤ ᠪᠠᠷ ᠭᠤᠤᠯᠯᠠᠭᠤᠯᠵᠤ᠂ ᠨᠠᠮ ᠤᠨ ᠲᠦᠪ ᠬᠤᠷᠢᠶᠠᠨ ᠤ ᠡᠷᠬᠡ | ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠬᠠᠮᠠᠭᠠᠯᠠᠬᠤ ᠪᠠᠷ ᠭᠤᠤᠯᠯᠠᠭᠤᠯᠵᠤ᠂ ᠨᠠᠮ ᠨᠢ | ᠨᠠᠮ ᠢᠶᠠᠨ ᠬᠠᠮᠢᠶᠠᠷᠴᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠨ ᠲᠤᠭᠳᠠᠭᠤᠨ ᠤ ᠲᠤᠮᠳᠠ | ᠤᠷᠤᠬᠰᠢᠯᠠᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠵᠤ᠂ ᠨᠠᠮ ᠤᠨ ᠲᠦᠷᠢᠮ ᠢ | ᠭᠡᠷᠡᠭᠵᠢᠬᠦᠯᠦᠭᠰᠡᠨ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠬᠰᠠᠨ ᠪᠠᠶᠢᠳᠠᠯ ᠳᠤ ᠬᠢᠨᠠᠯᠳᠠ ᠪᠠᠶᠢᠴᠠᠭᠠᠯᠳᠠ ᠬᠢᠵᠤ᠂ ᠨᠠᠮ ᠤᠨ ᠤᠯᠤᠰ ᠲᠦᠷᠤ ᠶᠢᠨ | ᠪᠠᠶᠢᠭᠤᠯᠤᠯᠳᠠ ᠪᠠᠷ ᠪᠦᠬᠦ ᠲᠠᠯ᠎ᠠ ᠶᠢ ᠡᠵᠡᠮᠳᠡᠨ ᠨᠠᠮ ᠤᠨ ᠡᠯ᠎ᠠ ᠵᠦᠢᠯ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ | ᠠᠬᠢᠭᠤᠯᠵᠤ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ | ᠲᠦᠪ ᠰᠤᠷᠳᠠᠯ ᠴᠢᠩᠭ᠎ᠠ ᠰᠠᠬᠢᠯᠭ᠎ᠠ ᠶᠢ ᠦᠨᠢᠳᠠ ᠪᠠᠷᠢᠮᠳᠠᠯᠠᠵᠤ᠂ ᠢᠯᠵᠢᠷᠠᠯ ᠢ ᠡᠰᠡᠷᠬᠦᠴᠡᠬᠦ ᠲᠡᠮᠡᠴᠡᠯ ᠢ ᠬᠦᠨᠵᠡᠬᠡᠢ | ᠠᠬᠢᠭᠤᠯᠵᠤ᠂ ᠨᠠᠮ ᠤᠨ ᠳᠤᠳᠤᠭᠠᠳᠤ ᠶᠢᠨ ᠤᠯᠤᠰ ᠲᠦᠷᠤ ᠶᠢᠨ ᠠᠮᠢ ᠠᠬᠤᠢ ᠶᠢ ᠴᠡᠪᠡᠷᠰᠢᠬᠦᠯᠵᠤ᠂ ᠦᠪᠡᠷ ᠤᠨ | ᠪᠡᠶ᠎ᠠ ᠳᠡᠭᠡᠨ ᠬᠢᠨᠠᠯᠳᠠ ᠲᠠᠯᠪᠢᠬᠤ ᠤᠬᠠᠮᠰᠠᠷ ᠠᠴᠠ ᠪᠠᠨ ᠬᠢᠨᠠᠯᠳᠠ ᠬᠦᠯᠢᠶᠡᠬᠦ ᠶᠢ ᠴᠢᠩᠭᠠᠳᠬᠠᠵᠤ᠂ ᠲᠦᠪ ᠭᠤᠤᠯᠴᠢ | ᠴᠡᠪᠡᠷ ᠴᠢᠬᠡᠴᠢ ᠵᠤᠷᠢᠬᠳᠠᠢ ᠡᠬᠦᠷᠬᠡᠯᠡᠬᠦ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ | ᠪᠠᠶᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ | ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠬᠡᠨ ᠪᠠᠶᠢᠭᠤᠯᠬᠤ ᠳᠤ ᠪᠠᠳᠤ ᠴᠢᠩᠭ᠎ᠠ ᠪᠠᠳᠤᠯᠠᠭ᠎ᠠ | ᠬᠠᠩᠭᠠᠬᠤ ᠭᠡᠷᠡᠭᠳᠠᠢ ᠬᠡᠵᠤ ᠵᠢᠭᠠᠵᠤ ᠭᠠᠷᠭᠠᠵᠠᠢ᠃ | ᠨᠢᠬᠡᠳᠤᠭᠡᠷ ᠲᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ | ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠤ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠬᠳᠠ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ | ᠨᠢᠬᠡᠳᠤᠯᠳᠠᠢ ᠪᠠᠶᠢᠬᠤ ᠭᠡᠷᠡᠭᠳᠠᠢ᠃ ︽ᠤᠬ ᠰᠠᠨᠠᠭ᠎ᠠ ᠪᠠᠨ ᠦᠯᠤ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ | ᠴᠡᠬᠡᠵᠢᠯᠡᠬᠦ︾ ᠭᠤᠤᠯ ᠰᠡᠳᠤᠪᠳᠤ ᠬᠦᠮᠤᠵᠢᠯ ᠢ ᠨᠠᠷᠢᠨ ᠬᠢᠨᠠᠮᠠᠭᠠᠢ ᠦᠷᠨᠢᠬᠦᠯᠵᠤ᠂ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠤᠵᠢᠯ ᠤᠨ ᠪᠠᠶᠢᠩᠭᠤᠵᠢᠯᠳᠠ ᠲᠦᠷᠢᠮᠵᠢᠯᠳᠠ ᠶᠢ | ᠯᠠᠪᠳᠠᠭᠤᠨ ᠢᠶᠠᠷ ᠠᠬᠢᠭᠤᠯᠬᠤ ᠭᠡᠷᠡᠭᠳᠠᠢ᠃ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ | ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠰᠤᠷᠤᠯᠴᠠᠨ ᠤᠢᠢᠯᠠᠭᠠᠵᠤ᠂ ᠪᠡᠶ᠎ᠠ ᠪᠠᠷ ᠢᠶᠠᠨ | ᠤᠷᠤᠯᠴᠠᠵᠤ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠨ ᠠᠵᠢᠯ ᠢᠶᠠᠨ ᠪᠡᠶᠡᠯᠡᠬᠦᠯᠵᠤ᠂ ᠶᠠᠷᠤᠩᠬᠡᠢ ᠱᠦᠵᠢ ᠰᠢ ᠶᠢᠨ | ᠫᠢᠩ ᠤᠨ ᠨᠠᠮ ᠤᠨ ᠲᠦᠪ ᠬᠤᠷᠢᠶ᠎ᠠ ᠪᠤᠯᠤᠨ ᠪᠦᠬᠦ ᠨᠠᠮ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ | ᠡᠷᠡᠰ ᠬᠠᠮᠠᠭᠠᠯᠠᠬᠤ ᠭᠡᠷᠡᠭᠳᠠᠢ᠃ | ᠬᠤᠶᠠᠲᠤᠭᠠᠷ ᠲᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠳᠠᠬᠢ ᠨᠢᠬᠡᠳᠤᠯᠳᠠᠢ | ᠵᠢᠯᠤᠭᠤᠲᠤᠯᠭ᠎ᠠ ᠶᠢᠨ ᠪᠠᠶᠢᠷᠢ ᠰᠠᠭᠤᠷᠢ ᠶᠢ ᠲᠤᠪᠤᠶᠢᠯᠭᠠᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠤᠯᠤᠰ | ᠲᠦᠷᠦ ᠶᠢᠨ ᠰᠠᠭᠤᠷᠢ ᠶᠢ ᠪᠠᠭᠢᠵᠢᠬᠦᠯᠬᠦ ᠭᠡᠷᠡᠭᠲᠡᠢ᠃ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ | ᠲᠦᠪ ᠪᠤᠯᠭᠠᠠ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠲᠤᠯᠭ᠎ᠠ ᠶᠢᠨ ᠭᠡᠷᠡᠭᠵᠢᠭᠦᠯᠦᠯᠲᠠ ᠶᠢᠨ ᠪᠠᠶᠢᠲᠠᠯ᠂ | ᠠᠷᠠᠳᠴᠢᠯᠠᠯ ᠲᠦᠪᠯᠡᠷᠡᠯ ᠤᠨ ᠲᠦᠷᠢᠮ ᠵᠡᠷᠭᠡ ᠡᠯ᠎ᠠ ᠵᠦᠢᠯ ᠤᠨ ᠲᠦᠷᠢᠮ ᠤᠨ ᠭᠡᠷᠡᠭᠵᠢᠭᠦᠯᠦᠯᠲᠠ ᠶᠢᠨ ᠪᠠᠶᠢᠲᠠᠯ ᠳᠤ | ᠬᠢᠨᠠᠯᠲᠠ ᠲᠠᠯᠪᠢᠵᠦ ᠪᠠᠶᠢᠴᠠᠭᠠᠬᠤ ᠪᠠᠨ ᠴᠢᠩᠭᠠᠳᠬᠠᠬᠤ ᠭᠡᠷᠡᠭᠲᠡᠢ᠃ ᠵᠢᠭᠠᠪᠤᠷᠢ ᠠᠪᠴᠤ ᠮᠡᠲᠡᠭᠦᠯᠬᠦ ᠲᠦᠷᠢᠮ ᠢ | ᠴᠢᠩᠭᠠᠳᠬᠠᠵᠤ᠂ ᠠᠯᠬᠤᠮ ᠢᠶᠠᠨ ᠨᠢᠭᠡᠳᠭᠡᠨ ᠵᠠᠷᠯᠢᠭ ᠴᠠᠭᠠᠵᠠ ᠶᠢ ᠲᠠᠷᠤᠢ ᠳᠤᠨᠢ ᠪᠡᠶᠡᠯᠡᠬᠦᠯᠬᠦ ᠭᠡᠷᠡᠭᠲᠡᠢ᠃ ᠨᠠᠮ ᠤᠨ | ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠤᠨ ︽ᠬᠤᠲᠠᠯ ᠬᠠᠭᠤᠷᠮᠠᠭ ᠵᠦᠢᠯ ᠳᠤ ᠴᠤᠬᠢᠯᠲᠠ ᠦᠭᠬᠦ︾ ᠶᠢ | ᠪᠠᠷᠢᠮᠲᠠᠯᠠᠵᠦ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠤᠨ ᠪᠠᠶᠢᠲᠠᠯ ᠳᠤ ᠬᠢᠨᠠᠯᠲᠠ ᠲᠠᠯᠪᠢᠵᠦ | ᠪᠠᠶᠢᠴᠠᠭᠠᠬᠤ ᠪᠠᠨ ᠴᠢᠩᠭᠠᠳᠬᠠᠬᠤ ᠭᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ | ᠲᠦᠷᠢᠮ ᠲᠤᠭᠲᠠᠭᠠᠯ ᠢ ᠴᠢᠩᠭᠠᠳᠬᠠᠵᠦ᠂ ︽ᠲᠤᠯᠤᠭ᠎ᠠ ᠪᠠᠶᠢᠵᠤ ᠮᠡᠲᠡᠬᠦ︾ ᠠᠰᠠᠭᠤᠲᠠᠯ ᠢ ᠭᠤᠤᠯᠲᠠᠯᠭ᠎ᠠ ᠲᠠᠢ | ᠰᠡᠷᠭᠡᠶᠢᠯᠡᠡ ᠰᠡᠷᠡᠮᠵᠢᠯᠡᠭᠦᠯᠵᠦ᠂ ᠨᠠᠮ ᠳᠤ ᠦᠨᠡᠡᠴᠢ ᠦᠭᠡᠢ ᠨᠤᠮᠤᠬᠠᠠ ᠪᠤᠰᠤ᠂ ᠢᠯᠡ ᠪᠠᠷ ᠲᠠᠭᠠᠵᠦ ᠲᠠᠯᠲᠠᠭᠤᠷ | ᠵᠦᠷᠢᠴᠡᠬᠦ ᠬᠤᠶᠠᠷ ᠨᠢᠭᠤᠷᠲᠠᠠ ᠪᠦᠯᠦᠭᠲᠡᠡ ᠢ ᠡᠷᠡᠰ ᠴᠡᠪᠡᠷᠯᠡᠡ ᠠᠷᠢᠯᠭᠠᠬᠤ ᠭᠡᠷᠡᠭᠲᠡᠢ᠃ ᠨᠠᠮ ᠤᠨ ᠲᠤᠲᠤᠭᠠᠲᠤ ᠶᠢᠨ | ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠴᠡᠪᠡᠷᠰᠢᠭᠦᠯᠵᠦ᠂ ︽ᠪᠤᠬᠢᠷᠲᠤᠯ ᠤᠨ ᠡᠬᠢ︾ ᠶᠢ ᠡᠷᠡᠰ | ᠤᠰᠠᠳᠬᠠᠠ ︽ᠲᠡᠵᠢᠭᠡᠯᠲᠦ ᠰᠢᠩᠭᠡᠡ︾ ᠢ ᠨᠢᠮᠪᠠᠢ ᠪᠤᠶᠢᠵᠢᠭᠤᠯᠵᠦ᠂ ︽ᠵᠦᠪ ᠲᠠᠯ᠎ᠠ ᠶᠢᠨ ᠤᠷᠮᠠᠰᠢᠭᠤᠯᠤᠨ | ᠵᠤᠷᠢᠠᠠᠵᠢᠭᠤᠯᠬᠤ︾ ᠶᠢ ᠲᠠᠰᠤᠷᠠᠯᠲᠠ ᠦᠭᠡᠢ ᠴᠢᠩᠭᠠᠳᠬᠠᠬᠤ ᠭᠡᠷᠡᠭᠲᠡᠢ᠃ ᠺᠠᠳ᠋ᠷ ᠲᠤ ᠡᠲᠦᠷ ᠲᠤᠲᠤᠮ ᠤᠨ ᠬᠢᠨᠠᠯᠲᠠ | ᠲᠠᠯᠪᠢᠬᠤ ᠪᠠᠨ ᠴᠢᠩᠭᠠᠳᠬᠠᠠ ᠬᠦᠮᠦᠨ ᠰᠢᠯᠢᠵᠦ ᠬᠦᠮᠦᠨ ᠭᠡᠷᠡᠭᠯᠡᠬᠦ ᠤᠯᠤᠰ ᠲᠦᠷᠦ ᠶᠢᠨ ᠪᠤᠭᠤᠮᠲᠠ᠂ ᠠᠷᠢᠭᠤᠨ | ᠴᠢᠭᠡᠴᠢ ᠶᠢᠨ ᠪᠤᠭᠤᠮᠲᠠ᠂ ᠲᠦᠷᠢ ᠲᠦᠷᠬᠦ ᠶᠢᠨ ᠪᠤᠭᠤᠮᠲᠠ ᠶᠢ ᠴᠢᠩᠭ᠎ᠠ ᠰᠠᠬᠢᠵᠤ᠂ ᠵᠦᠪ ᠤᠨᠤᠪᠴᠢᠳᠠᠢ ᠪᠠᠷ | ᠬᠦᠮᠦᠨ ᠰᠢᠯᠢᠵᠦ ᠬᠦᠮᠦᠨ ᠭᠡᠷᠡᠭᠯᠡᠬᠦ ᠤᠲᠤᠷᠢᠲᠤᠮᠵᠢ ᠶᠢ ᠪᠤᠢ ᠪᠤᠯᠭᠠᠬᠤ ᠬᠡᠷᠡᠭᠲᠡᠢ᠃ | ᠭᠤᠷᠪᠠᠲᠤᠭᠠᠷ ᠲᠤ᠂ ᠤᠯᠤᠰ ᠤᠨ ᠬᠢᠨᠠᠠ ᠪᠠᠶᠢᠴᠠᠭᠠᠬᠠᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠨᠲᠦᠷ | ᠪᠠᠷᠢᠮᠵᠢᠶ᠎ᠠ ᠪᠠᠷ ᠴᠢᠨᠠᠷᠯᠢᠭ ᠪᠡᠶᠡᠯᠡᠭᠦᠯᠵᠦ᠂ ᠲᠦᠷᠢᠮ ᠤᠨ ᠲᠠᠪᠠᠭᠤᠯᠢᠭ ᠢ ᠲᠠᠰᠤᠷᠠᠯᠲᠠ ᠦᠭᠡᠢ ᠵᠠᠰᠠᠯᠲᠠ ᠶᠢᠨ | ᠠᠮᠵᠢᠯᠳᠠ ᠪᠤᠯᠭᠠᠠ ᠤᠯᠠᠷᠢᠭᠤᠯᠬᠤ ᠬᠡᠷᠡᠭᠲᠡᠢ᠃ ᠬᠠᠷᠢᠶ᠎ᠠ ᠶᠢ ᠨᠢ ᠬᠤᠪᠢᠷᠠᠭᠤᠯᠤᠨ ᠵᠤᠬᠢᠶᠠᠠ ᠪᠠᠶᠢᠭᠤᠯᠬᠤ ᠠᠵᠢᠯ ᠢ | ᠲᠦᠷᠭᠡᠡ ᠪᠦᠭᠡᠳ ᠯᠠᠪᠲᠠᠭᠤᠨ ᠰᠠᠶᠢᠲᠤᠷ ᠠᠳᠬᠤᠵᠦ᠂ ᠬᠦᠮᠦᠨ ᠬᠠᠷ᠎ᠠ ᠪᠤᠯᠤᠨ ᠠᠵᠢᠯ ᠢ ᠠᠭᠤᠰᠤᠯᠴᠠᠭᠤᠯᠬᠤ ᠶᠢ | ᠴᠢᠷᠮᠠᠶᠢᠨ ᠠᠬᠢᠭᠤᠯᠵᠦ᠂ ᠰᠢᠨᠵᠢᠯᠡᠬᠦ ᠤᠬᠠᠭᠠᠠᠴᠢ ᠪᠦᠲᠦᠮᠵᠢᠲᠠᠢ ᠬᠢᠨᠠᠠ ᠪᠠᠶᠢᠴᠠᠭᠠᠬᠤ ᠡᠷᠭᠡ ᠶᠢᠨ ᠠᠵᠢᠯᠯᠠᠭᠠᠠ ᠤ | ᠲᠤᠭᠲᠠᠴᠠ ᠶᠢ ᠪᠠᠶᠢᠭᠤᠯᠬᠤ ᠭᠡᠷᠡᠭᠲᠡᠢ᠃ ᠦᠨᠲᠦᠰᠤᠨ ᠬᠠᠤᠯᠢ ᠪᠤᠯᠤᠨ ᠤᠯᠤᠰ ᠤᠨ ᠬᠢᠨᠠᠠ ᠪᠠᠶᠢᠴᠠᠭᠠᠬᠤ ᠬᠠᠤᠯᠢ ᠶᠢ | ᠴᠢᠩᠭ᠎ᠠ ᠭᠡᠷᠡᠭᠵᠢᠭᠦᠯᠵᠦ᠂ 12 ᠵᠦᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠠ ᠶᠢ ᠪᠦᠷᠢᠠ ᠡᠯᠧᠮᠧᠨ᠋ᠲ ᠢᠶᠠᠷ | ᠲᠤᠷᠰᠢᠨ ᠭᠡᠷᠡᠭᠯᠡᠵᠦ᠂ ᠢᠯᠵᠢᠷᠠᠯ ᠢ ᠡᠰᠡᠷᠭᠦᠴᠡᠬᠦ ᠠᠵᠢᠯ ᠤᠨ ᠬᠠᠤᠯᠢᠵᠢᠯ ᠤᠨ ᠲᠦᠪᠰᠢᠨ ᠢ ᠲᠡᠭᠡᠭᠰᠢᠯᠡᠭᠦᠯᠬᠦ | ᠭᠡᠷᠡᠭᠲᠡᠢ᠃ ᠭᠤᠷᠪᠠᠠ ᠱᠠᠲᠤᠨ ᠤ ᠬᠢᠨᠠᠯᠲᠠ ᠲᠠᠯᠪᠢᠯᠲᠠ ᠶᠢᠨ ᠵᠦᠪᠯᠡᠯ ᠢ ᠢᠯᠡᠷᠬᠡᠶᠢᠯᠡᠯ ᠡᠯᠭᠦᠠ ᠵᠤᠬᠢᠶᠠᠠ ᠪᠠᠶᠢᠭᠤᠯᠬᠤ | ᠠᠵᠢᠯ ᠢ ᠪᠡᠶᠡᠯᠡᠭᠦᠯᠬᠦ ᠰᠠᠭᠤᠷᠢᠨ ᠲᠡᠭᠡᠷ᠎ᠠ᠂ ᠲᠤᠮᠢᠯᠠᠠ ᠰᠠᠭᠤᠯᠭᠠᠭᠰᠠᠠ ᠪᠠᠶᠢᠭᠤᠯᠤᠮᠵᠢ ᠳᠤ ᠬᠢᠨᠠᠠ ᠪᠠᠶᠢᠴᠠᠭᠠᠬᠤ | ᠴᠢᠲᠠᠪᠬᠢ ᠤᠯᠭᠤᠬᠤ ᠡᠷᠢᠯᠲᠠ ᠬᠠᠶᠢᠯᠳᠠ ᠬᠢᠵᠦ᠂ ᠬᠢᠨᠠᠠ ᠪᠠᠶᠢᠴᠠᠭᠠᠬᠤ ᠠᠵᠢᠯ ᠢ ᠦᠨᠲᠦᠰᠦᠨ ᠱᠠᠲᠤ ᠲᠡᠰᠢ | ᠦᠷᠬᠦᠯᠵᠢᠯᠡᠭᠦᠯᠬᠦ ᠬᠡᠷᠡᠭᠲᠡᠢ᠃ | ᠲᠦᠷᠪᠡᠲᠦᠭᠡᠷ ᠲᠤ᠂ ︽ᠲᠦᠷᠪᠡᠡ ᠰᠤᠷᠲᠠᠯ︾ ᠢ ᠵᠠᠯᠠᠷᠠᠭᠤᠯᠬᠤ ᠠᠵᠢᠯ ᠢ ᠵᠣᠭᠰᠤᠰᠢ ᠦᠬᠡᠢ ᠬᠢᠵᠦ᠂ | ᠰᠤᠷᠲᠠᠯ ᠤᠨ ᠪᠠᠶᠢᠭᠤᠯᠤᠯᠲᠠ ᠶᠢ ᠲᠦᠷᠭᠡᠡ ᠪᠦᠭᠡᠳ ᠬᠠᠯᠠᠰᠢᠷᠠᠯ ᠦᠭᠡᠢ ᠰᠠᠶᠢᠲᠤᠷ ᠠᠳᠬᠤᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢᠨ ᠤᠲᠠᠭᠠᠠ ᠲᠠᠭᠠᠭᠠᠮᠠᠭᠠᠢ ᠲᠠᠶᠢᠨ ᠢ ᠡᠷᠡᠰ ᠰᠠᠶᠢᠲᠤᠷ ᠬᠢᠵᠦ᠂ ᠲᠦᠪ ᠤᠨ ᠨᠠᠢᠮᠠᠠ | ᠲᠤᠭᠲᠠᠭᠠᠯ ᠵᠢᠴᠢ ᠭᠡᠷᠡᠭᠵᠢᠭᠦᠯᠦᠯᠲᠠ ᠶᠢᠨ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠭᠡᠷᠡᠭᠵᠢᠭᠦᠯᠦᠭᠰᠡᠡ ᠪᠠᠶᠢᠲᠠᠯ ᠳᠤ | ᠬᠢᠨᠠᠯᠲᠠ ᠲᠠᠯᠪᠢᠵᠦ ᠪᠠᠶᠢᠴᠠᠭᠠᠬᠤ ᠶᠢ ᠭᠤᠤᠯᠲᠠᠯᠭ᠎ᠠ ᠲᠠᠢ ᠡᠬᠦᠷᠭᠡ ᠪᠠ ᠪᠠᠶᠢᠩᠭᠤ ᠶᠢᠨ ᠴᠢᠨᠠᠷᠲᠠᠢ ᠠᠵᠢᠯ ᠪᠤᠯᠭᠠᠵᠦ᠂ | ᠨᠢᠬᠡ ᠨᠢᠬᠡ ᠵᠠᠩᠭᠢᠯᠠᠭ᠎ᠠ ᠶᠢᠨ ᠴᠢᠬ ᠢᠶᠠᠷ ᠰᠠᠬᠢᠵᠦ᠂ ᠨᠢᠬᠡ ᠨᠢᠬᠡ ᠠᠰᠠᠭᠤᠲᠠᠯ ᠢᠶᠠᠷ ᠰᠢᠪᠳᠤᠯᠤᠯᠳᠠ ᠭᠠᠷᠭᠠᠵᠤ᠂ ︽ | ᠲᠦᠷᠪᠡᠡ ᠰᠤᠷᠲᠠᠯ︾ ᠤᠨ ᠠᠰᠠᠭᠤᠲᠠᠯ ᠲᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠬᠡᠯᠪᠡᠷᠢᠴᠢ ᠦᠵᠡᠯ᠂ | ᠨᠤᠶᠠᠠᠴᠢ ᠰᠤᠷᠲᠠᠯ ᠤᠨ ︽ᠠᠷᠪᠠᠠ ᠵᠦᠢᠯ ᠤᠨ ᠢᠯᠡᠷᠡᠯ︾ ᠢ ᠶᠡᠷᠦᠩᠭᠡᠶᠢᠯᠡᠡ ᠴᠡᠭᠴᠡᠯᠡᠡ ᠵᠠᠰᠠᠵᠦ᠂ ᠶᠠᠲᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠵᠠᠰᠠᠭ ᠤᠨ ᠤᠷᠲᠤᠨ ᠤ ᠦᠷᠢ ᠦᠭᠴᠡᠭᠡ ᠶᠢ ᠨᠠᠮᠳᠠᠭᠠᠨ | ᠰᠢᠢᠳᠪᠤᠷᠢᠯᠡᠬᠦ᠂ ᠵᠠᠰᠠᠭ ᠤᠨ ᠤᠷᠲᠤᠨ ᠤ ᠪᠡᠯᠡ ᠮᠦᠩᠭᠦ ᠶᠢᠨ ᠬᠠᠮᠢᠶᠠᠷᠤᠯᠲᠠ᠂ ᠨᠠᠮ ᠤᠨ ᠲᠤᠲᠤᠭᠠᠲᠤ ᠶᠢᠨ ᠤᠯᠤᠰ | ᠲᠦᠷᠦ ᠶᠢᠨ ᠠᠮᠢᠲᠤᠷᠠᠯ᠂ ᠦᠨᠲᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ︽ᠲᠠᠪᠤᠠ ᠬᠦᠷᠢᠶ᠎ᠠ︾ ᠳᠤ | ᠠᠩᠬᠠᠷᠤᠯ ᠢᠶᠠᠨ ᠲᠥᠪᠯᠡᠷᠡᠭᠦᠯᠵᠦ ᠠᠵᠢᠯ ᠢᠶᠠᠨ ᠬᠠᠰᠢ ᠶᠠᠰᠢ ᠤᠳᠠᠭᠠᠨ ᠬᠢᠬᠦ᠂ ᠠᠵᠢᠯ ᠢᠶᠠᠨ ᠦᠯᠦ ᠬᠢᠬᠦ᠂ | ᠬᠠᠭᠤᠷᠮᠠᠭ ᠢᠶᠠᠷ ᠦᠢᠯᠡᠳᠬᠦ᠂ ᠲᠤᠷ᠎ᠠ ᠪᠠᠷ ᠢᠶᠠᠨ ᠦᠢᠯᠡᠳᠬᠦ ︽ᠲᠦᠷᠪᠡᠡ ᠵᠦᠢᠯ ᠤᠨ ᠢᠯᠡᠷᠡᠯ︾ ᠢ ᠴᠢᠩᠭ᠎ᠠ | ᠪᠠᠶᠢᠴᠠᠭᠠᠠ ᠰᠢᠢᠳᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠪᠠᠬᠢᠵᠢᠭᠦᠯᠤᠨ | ᠬᠦᠨᠵᠡᠭᠡᠶᠢᠷᠡᠭᠦᠯᠬᠦ ᠬᠡᠷᠡᠭᠲᠡᠢ᠃ | ᠲᠠᠪᠤᠳᠤᠭᠠᠷ ᠲᠤ᠂ ᠲᠤᠭᠤᠷᠢᠨ ᠪᠠᠶᠢᠴᠠᠭᠠᠬᠤ ᠴᠠᠬᠳᠡᠨ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠵᠤ᠂ | ᠦᠨᠳᠤᠰᠤ ᠰᠤᠷᠪᠤᠯᠵᠢ ᠶᠢ ᠨᠢ ᠬᠤᠷᠢᠭᠯᠠᠨ ᠵᠠᠰᠠᠬᠤ ᠳᠤ ᠰᠦᠷ ᠦᠵᠡᠭᠦᠯᠬᠦ ᠶᠢᠨ ᠦᠢᠯᠡᠳᠦᠯ ᠢ ᠴᠢᠩᠭᠠᠳᠬᠠᠬᠤ | ᠬᠡᠷᠡᠭᠲᠡᠢ᠃ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ︽ᠲᠦᠷᠪᠡᠨ | ᠤᠬᠠᠮᠰᠠᠷ︾ ᠢ ᠦᠢᠯᠡᠳᠦᠯᠭᠡᠵᠢᠭᠦᠯᠦᠭᠰᠡᠨ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠰᠠᠨ᠂ ᠨᠠᠮ ᠤᠨ | ᠪᠠᠶᠢᠭᠤᠯᠤᠯᠳᠡ ᠶᠢ ᠠᠬᠢᠭᠤᠯᠤᠭᠰᠠᠨ᠂ ᠪᠦᠭᠦ ᠲᠠᠯ᠎ᠡ ᠪᠠᠷ ᠨᠠᠮ ᠢ ᠴᠢᠩᠭ᠎ᠠ ᠵᠠᠰᠠᠬᠰᠠᠨ᠂ ᠨᠠᠮ ᠤᠨ ᠲᠤᠳᠤᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠬᠰᠠᠨ᠂ ᠨᠠᠮ ᠤᠨ ᠱᠤᠭᠤᠮ ᠴᠢᠭᠯᠡᠯᠳᠡ ᠲᠦᠷᠦ ᠶᠢᠨ | ᠪᠤᠳᠤᠯᠭ᠎ᠠ ᠶᠢ ᠭᠡᠷᠡᠭᠵᠢᠭᠦᠯᠦᠭᠰᠡᠨ ᠪᠠᠶᠢᠳᠠᠯ ᠳᠤ ᠬᠢᠨᠡᠯᠳᠡ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ | ᠲᠤᠭᠤᠷᠢᠨ ᠪᠠᠶᠢᠴᠠᠭᠠᠯᠳᠠ ᠶᠢ ᠪᠦᠬᠦᠨ ᠳᠤ ᠪᠦᠷᠭᠦᠭᠦᠯᠬᠦ ᠶᠠᠰᠤ ᠴᠢᠨᠠᠷ ᠢ ᠲᠡᠭᠡᠭᠰᠢᠯᠡᠭᠦᠯᠵᠤ᠂ ᠲᠤᠭᠤᠷᠢᠨ | ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠲᠤᠭᠤᠷᠢᠨ ᠪᠠᠶᠢᠴᠠᠭᠠᠬᠤ ᠦᠷ᠎ᠠ ᠪᠦᠳᠦᠭᠡᠯ ᠢ ᠣᠯᠠᠷᠢᠭᠤᠯᠤᠨ ᠠᠰᠢᠬᠯᠠᠬᠤ ᠠᠵᠢᠯ ᠢ ᠠᠬᠢᠭᠤᠯᠬᠤ ᠬᠡᠷᠡᠭᠲᠡᠢ᠃ | ᠴᠠᠬᠳᠡᠨ ᠪᠠᠶᠢᠴᠠᠭᠠᠬᠤ ᠠᠵᠢᠯ ᠢ ᠭᠦᠨᠵᠡᠭᠡᠢ ᠦᠷᠨᠢᠭᠦᠯᠵᠤ᠂ ᠲᠤᠭᠤᠷᠢᠨ ᠪᠠᠶᠢᠴᠠᠭᠠᠬᠤ ᠴᠠᠬᠳᠡᠨ ᠪᠠᠶᠢᠴᠠᠭᠠᠬᠤ ᠶᠢᠨ | ᠲᠡᠭᠡᠳᠤ ᠲᠤᠤᠷᠠᠳᠤ ᠱᠠᠳᠤ ᠪᠠᠷ ᠬᠠᠮᠳᠤᠷᠠᠨ ᠭᠦᠳᠡᠯᠦᠯᠴᠡᠭᠦ ᠲᠤᠭᠳᠠᠴᠡ ᠶᠢ ᠪᠠᠶᠢᠭᠤᠯᠵᠤ᠂ ᠠᠶᠢᠮᠠᠭ ᠬᠤᠳᠡ᠂ | ᠬᠤᠰᠢᠭᠤ ᠰᠢᠶᠠᠨ ︵ᠬᠤᠳᠡ᠂ ᠲᠤᠭᠤᠷᠢᠭ︶ ᠤ ᠲᠡᠰ ᠲᠡᠪᠰᠢᠬᠦᠯᠵᠤ ᠴᠠᠬᠳᠡᠨ ᠪᠠᠶᠢᠴᠠᠭᠠᠬᠤ᠂ ᠰᠤᠯᠪᠢᠴᠡᠭᠤᠯᠵᠤ | ᠴᠠᠬᠳᠡᠨ ᠪᠠᠶᠢᠴᠠᠭᠠᠬᠤ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢ ᠰᠦᠪᠡᠭᠴᠢᠯᠡᠨ ᠦᠷᠨᠢᠬᠦᠯᠵᠦ᠂ ᠠᠷᠠᠳ ᠤᠯᠠᠨ ᠤ | ᠳᠡᠷᠭᠡᠳᠡᠬᠢ ᠲᠦᠪ ᠪᠤᠰᠤ ᠰᠤᠷᠳᠡᠯ ᠪᠡ ᠢᠯᠵᠢᠷᠡᠯ ᠤᠨ ᠠᠰᠠᠭᠤᠳᠠᠯ ᠢ ᠡᠷᠴᠢᠮᠳᠠᠢ ᠢᠯᠡᠷᠡᠭᠦᠯᠬᠦ ᠬᠡᠷᠡᠭᠲᠡᠢ᠃ | ᠵᠢᠷᠭᠤᠳᠤᠭᠠᠷ ᠲᠤ᠂ ᠨᠠᠮ ᠤᠨ ᠰᠠᠬᠢᠯᠭ᠎ᠠ ᠪᠠᠳᠤ ᠶᠢᠨ ᠪᠠᠶᠢᠭᠤᠯᠤᠯᠳᠡ ᠶᠢ ᠪᠦᠭᠦ ᠲᠠᠯ᠎ᠡ ᠪᠠᠷ ᠴᠢᠩᠭᠠᠳᠬᠠᠵᠤ᠂ | ᠢᠯᠵᠢᠷᠡᠯ ᠢ ᠡᠰᠡᠷᠭᠦᠴᠡᠭᠦ ᠲᠡᠮᠡᠴᠡᠯ ᠤᠨ ᠨᠢᠴᠠ ᠳᠠᠷᠤᠬᠤ ᠪᠠᠶᠢᠳᠠᠯ ᠢ ᠪᠠᠳᠤᠳᠬᠠᠨ ᠭᠦᠭᠵᠢᠭᠦᠯᠬᠦ ᠬᠡᠷᠡᠭᠲᠡᠢ᠃ | ᠰᠠᠬᠢᠯᠭ᠎ᠠ ᠪᠠᠳᠤ ᠶᠢᠨ ᠬᠦᠮᠤᠵᠢᠯ ᠤᠨ ᠬᠠᠨᠳᠤᠯᠭᠠᠳᠤ ᠴᠢᠨᠠᠷ ᠢ ᠴᠢᠩᠭᠠᠳᠬᠠᠵᠤ᠂ ᠰᠠᠬᠢᠯᠭ᠎ᠠ ᠪᠠᠳᠤ ᠶᠢᠨ ᠰᠤᠷᠭᠠᠨ | ᠬᠦᠮᠤᠵᠢᠯ ᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠬᠢᠨᠡᠯᠳᠡ ᠲᠠᠯᠪᠢᠵᠤ ᠰᠠᠬᠢᠯᠭ᠎ᠠ ᠪᠠᠳᠤ ᠭᠡᠷᠡᠭᠵᠢᠭᠦᠯᠭᠦ ︽ | ᠲᠦᠷᠪᠡᠨ ᠵᠦᠢᠯ ᠤᠨ ᠬᠡᠯᠪᠡᠷᠢ︾ ᠶᠢ ᠭᠦᠨᠵᠡᠭᠡᠢ ᠭᠡᠷᠡᠭᠯᠡᠵᠤ᠂ ᠡᠳᠤᠷ ᠲᠤᠳᠤᠮ ᠤᠨ ᠬᠢᠨᠡᠯᠳᠡ ᠲᠠᠯᠪᠢᠬᠤ ᠳᠡᠭᠡᠷ᠎ᠡ | ᠬᠦᠴᠦ ᠲᠠᠯᠪᠢᠵᠤ᠂ ᠵᠠᠬᠢᠳᠡᠯ ᠢᠶᠠᠷ ᠠᠰᠠᠭᠤᠬᠤ ᠠᠵᠢᠯ ᠤᠨ ᠲᠤᠭᠳᠠᠴᠡ ᠶᠢ ᠲᠡᠭᠦᠯᠳᠡᠷᠵᠢᠭᠦᠯᠬᠦ ᠬᠡᠷᠡᠭᠲᠡᠢ᠃ ᠨᠠᠮ ᠤᠨ | ᠠᠷᠪᠡ ᠶᠢᠰᠦᠳᠦᠭᠡᠷ ᠶᠡᠭᠡ ᠬᠤᠷᠠᠯ ᠠᠴᠠ ᠨᠠᠰᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠳᠠᠬᠤ ᠦᠭᠡᠢ᠂ | ᠠᠰᠠᠭᠤᠳᠠᠯ ᠤᠨ ᠰᠦᠪᠡᠭᠴᠢ ᠲᠦᠪᠯᠡᠷᠡᠵᠦ᠂ ᠠᠷᠠᠳ ᠤᠯᠠᠨ ᠤ ᠬᠠᠷᠢᠭᠤ ᠲᠤᠰᠬᠠᠯ ᠴᠢᠩᠭ᠎ᠠ ᠪᠠᠶᠢᠭ᠎ᠠ ᠶᠠᠪᠤᠳᠠᠯ ᠳᠤ | ᠠᠩᠬᠠᠷᠤᠯ ᠢᠶᠠᠨ ᠲᠦᠪᠯᠡᠷᠡᠬᠦᠯᠵᠤ᠂ ᠤᠳᠤᠬᠠᠨ ᠳᠤ ᠴᠢᠬᠤᠯᠡ ᠤᠳᠤᠷᠢᠳᠬᠤ ᠪᠠᠶᠢᠷᠢᠨ ᠳᠤ ᠪᠠᠶᠢᠬᠤ ᠮᠦᠷᠳᠡᠭᠡᠨ | ᠲᠡᠪᠰᠢᠭᠦᠯᠦᠨ ᠭᠡᠷᠡᠭᠯᠡᠭᠦ ᠪᠠᠷ ᠪᠠᠶᠢᠭ᠎ᠠ ᠤᠳᠤᠷᠢᠳᠬᠤ ᠺᠡᠳ᠋ᠷ᠂ ᠤᠯᠤᠰ ᠲᠦᠷᠦ ᠶᠢᠨ ᠢᠯᠵᠢᠷᠡᠯ ᠪᠡ ᠠᠵᠤ ᠠᠬᠤᠢ ᠶᠢᠨ | ᠢᠯᠵᠢᠷᠡᠯ ᠤᠨ ᠬᠠᠷᠢᠯᠴᠡᠨ ᠰᠤᠯᠪᠢᠴᠡᠵᠤ ᠪᠦᠷᠢᠯᠳᠦᠭᠰᠡᠨ ᠠᠰᠢᠭ ᠲᠤᠰᠡ ᠶᠢᠨ ᠪᠦᠯᠦᠭᠯᠡᠯ ᠤᠨ ᠭᠡᠷᠡᠭ ᠢ | ᠭᠤᠤᠯᠳᠠᠯᠭ᠎ᠠ ᠲᠠᠢ ᠪᠠᠶᠢᠴᠠᠭᠠᠨ ᠰᠢᠳᠭᠡᠵᠤ᠂ ᠢᠯᠵᠢᠷᠡᠬᠦ ᠠᠴᠠ ᠵᠢᠷᠦᠭᠡᠰᠢᠶᠡᠬᠦ ᠰᠦᠷ ᠬᠦᠴᠦᠳᠦ ᠪᠠᠶᠢᠳᠠᠯ ᠢ | ᠪᠠᠲᠤᠯᠠᠬᠤ ᠬᠡᠷᠡᠭᠲᠡᠢ᠃ ᠨᠡᠭᠡᠮᠵᠢᠯᠡᠨ ᠪᠠᠷᠢᠪᠴᠢᠯᠠᠬᠤ ᠪᠠ ᠤᠷᠭᠤᠨ ᠲᠤᠳᠠᠭᠠᠬᠤ ᠶᠢ ᠰᠡᠷᠭᠡᠶᠢᠯᠡᠭᠦ ᠶᠢ ᠵᠡᠷᠭᠡᠪᠡᠷ | ᠠᠳᠬᠤᠬᠤ ᠶᠢ ᠪᠠᠷᠢᠮᠳᠠᠯᠠᠵᠤ᠂ ᠲᠤᠳᠠᠭᠠᠬᠤ ᠵᠤᠷᠢᠬ ᠦᠭᠡᠢ ᠲᠤᠳᠠᠭᠠᠵᠤ ᠴᠢᠳᠠᠬᠤ ᠦᠭᠡᠢ ᠪᠠᠶᠢᠬᠤ ᠪᠦᠳᠦᠮᠵᠢᠳᠡᠢ | ᠲᠤᠭᠳᠡᠴᠡ ᠶᠢ ᠪᠠᠶᠢᠭᠤᠯᠬᠤ ᠬᠡᠷᠡᠭᠲᠡᠢ᠃ | ᠲᠤᠯᠤᠳᠤᠭᠠᠷ ᠲᠤ᠂ ︽ᠡᠴᠤᠰ ᠲᠤᠨᠢ ᠲᠤᠯᠳᠠᠯ᠎ᠡ ᠠᠳᠬᠤᠬᠤ︾ ᠵᠤᠷᠢᠭ ᠰᠠᠨᠠᠭ᠎ᠠ ᠪᠡ ᠡᠷᠴᠢ ᠵᠤᠷᠢᠭ ᠢ | ᠪᠠᠳᠤᠵᠢᠭᠤᠯᠵᠤ᠂ ᠠᠷᠠᠳ ᠤᠯᠠᠨ ᠤ ᠲᠡᠷᠭᠡᠳᠡ ᠡᠭᠦᠰᠦᠭᠰᠡᠨ ᠢᠯᠵᠢᠷᠡᠯ ᠤᠨ ᠠᠰᠠᠭᠤᠳᠠᠯ ᠪᠡ ᠲᠦᠪ ᠪᠤᠰᠤ | ᠰᠤᠷᠳᠡᠯ ᠢ ᠡᠷᠡᠰ ᠵᠠᠯᠬᠠᠭᠠᠨ ᠰᠢᠳᠬᠡᠬᠦ ᠬᠡᠷᠡᠭᠲᠡᠢ᠃ ᠶᠠᠳᠠᠭᠤ ᠶᠢ ᠲᠡᠳᠭᠦᠭᠦ ᠭᠦᠷᠢᠶᠡᠨ ᠳᠠᠬᠢ ᠢᠯᠵᠢᠷᠡᠯ ᠪᠡ ᠰᠤᠷᠳᠡᠯ | ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ᠶᠠᠳᠠᠭᠤ ᠶᠢ ᠲᠡᠳᠭᠦᠭᠦ | ᠭᠦᠷᠢᠶᠡᠨ ᠳᠠᠬᠢ ᠰᠠᠬᠢᠯᠭ᠎ᠠ ᠪᠠᠳᠤ ᠠᠴᠠ ᠵᠦᠷᠢᠴᠡᠬᠦ ᠬᠠᠤᠯᠢ ᠠᠴᠠ ᠵᠦᠷᠢᠴᠡᠭᠦ ᠠᠰᠠᠭᠤᠳᠠᠯ ᠢ ᠲᠦᠪ ᠴᠢᠩᠭ᠎ᠠ ᠪᠠᠷ | ᠵᠠᠯᠬᠠᠭᠠᠨ ᠰᠢᠳᠬᠡᠬᠦ ᠬᠡᠷᠡᠭᠲᠡᠢ᠃ ︽ᠦᠩᠬᠡᠷᠡᠬᠦ ᠭᠠᠯᠠᠭᠤᠨ ᠤ ᠦᠳᠦ ᠶᠢ ᠰᠤᠭᠤᠯᠬᠤ︾ ᠬᠡᠯᠪᠡᠷᠢ ᠶᠢᠨ | ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠳᠤᠷ ᠠᠳᠬᠤᠵᠤ᠂ ᠠᠷᠠᠳ | ᠤᠯᠠᠨ ᠤ ᠠᠰᠢᠭ ᠲᠤᠰᠡ ᠶᠢ ᠬᠤᠬᠢᠷᠠᠭᠤᠯᠤᠬᠰᠡᠨ ︽ᠢᠯᠠᠭ᠎ᠠ ᠶᠢᠨ ᠢᠯᠵᠢᠷᠡᠯ︾ ᠪᠡ ᠦᠨᠳᠤᠰᠤᠨ ᠱᠠᠳᠤᠨ ᠤ | ᠰᠢᠶᠠᠩ ᠰᠠᠯᠠᠭ᠎ᠠ ᠶᠢᠨ ᠲᠡᠰ ᠠᠴᠠ ᠲᠡᠭᠡᠭᠰᠢᠬᠢ ︽ᠪᠠᠷᠰ ᠤᠨ ᠭᠦᠨᠤᠭᠡᠯ︾ ᠢ ᠭᠤᠤᠯᠳᠠᠯᠭ᠎ᠠ ᠲᠠᠢ ᠪᠠᠶᠢᠴᠠᠭᠠᠨ | ᠰᠢᠳᠬᠡᠬᠦ ᠬᠡᠷᠡᠭᠲᠡᠢ᠃ ᠰᠤᠯᠠ ᠵᠠᠳᠠᠭᠠᠢ᠂ ᠬᠠᠷ᠎ᠠ ᠬᠠᠷᠬᠢᠰ ᠭᠦᠴᠤᠨ ᠢ ᠦᠮᠦᠭᠯᠡᠭᠦ᠂ ᠴᠢᠨᠠᠭᠰᠢᠯᠠᠪᠡᠯ ︽ | ᠬᠠᠮᠠᠭᠠᠯᠠᠯᠳᠡ ᠶᠢᠨ ᠰᠢᠭᠦᠷ︾ ᠪᠤᠯᠤᠭᠰᠠᠨ ᠨᠠᠮ ᠤᠨ ᠬᠡᠰᠢᠭᠦᠨ ᠺᠡᠳ᠋ᠷ ᠢ ᠴᠢᠩᠭ᠎ᠠ ᠵᠠᠯᠬᠠᠭᠠᠨ ᠰᠢᠳᠬᠡᠬᠦ ᠬᠡᠷᠡᠭᠲᠡᠢ᠃ | ᠦᠨᠳᠤᠰᠤᠨ ᠱᠠᠳᠤᠨ ᠤ ᠨᠠᠮ ᠤᠨ ᠵᠤᠬᠢᠶᠡᠨ ᠪᠠᠶᠢᠭᠤᠯᠤᠯᠳᠡ ᠶᠢᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ | ᠲᠤᠰᠬᠤᠨ ᠤ ᠶᠠᠪᠤᠳᠠᠯ ᠢ ᠢᠯᠡ ᠪᠤᠯᠭᠠᠬᠤ ᠭᠤᠤᠯ ᠴᠤᠭᠴᠡ ᠶᠢᠨ ᠬᠠᠷᠢᠭᠤᠴᠠᠯᠭ᠎ᠠ ᠶᠢ ᠱᠠᠯᠠᠪᠳᠠᠭᠤᠯᠤᠨ ᠠᠬᠢᠭᠤᠯᠵᠤ᠂ | ︽ᠭᠤᠷᠪᠡᠨ ᠶᠠᠪᠤᠳᠠᠯ︾ ᠢ ᠢᠯᠠ ᠪᠤᠯᠭᠠᠬᠤ ᠦᠭᠡᠢ᠂ ᠬᠠᠭᠤᠷᠮᠠᠭ ᠢᠶᠠᠷ ᠢᠯᠡ ᠪᠤᠯᠭᠠᠬᠤ᠂ ᠲᠤᠤᠱᠳᠠᠢ ᠢᠯᠡ | ᠪᠤᠯᠭᠠᠬᠤ ᠦᠭᠡᠢ ᠶᠢᠨ ᠠᠷᠤ ᠳᠠᠬᠢ ᠢᠯᠵᠢᠷᠡᠯ ᠪᠡ ᠰᠤᠷᠳᠡᠯ ᠤᠨ ᠠᠰᠠᠭᠤᠳᠠᠯ ᠢ ᠲᠦᠪ ᠴᠢᠩᠭ᠎ᠠ ᠪᠠᠷ ᠪᠠᠶᠢᠴᠠᠭᠠᠨ | ᠰᠢᠳᠬᠡᠬᠦ ᠬᠡᠷᠡᠭᠲᠡᠢ᠃ | ᠨᠠᠢᠮᠠᠳᠤᠭᠠᠷ ᠲᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ | ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠬᠡᠮᠵᠢᠯᠡᠬᠦ ᠪᠠᠷ ᠬᠠᠷᠢᠭᠤᠴᠠᠯᠭ᠎ᠠ ᠶᠢᠨ ᠨᠠᠷᠢᠯᠢᠭᠵᠢᠭᠤᠯᠤᠯᠲᠠ | ᠨᠠᠶᠢᠳᠠᠪᠤᠷᠢᠵᠢᠭᠤᠯᠤᠯᠲᠠ ᠶᠢ ᠭᠡᠳᠡᠷᠭᠦ ᠲᠣᠯᠭᠠᠬᠤ ᠬᠡᠷᠡᠭᠲᠡᠢ᠃ ᠱᠠᠯᠠᠪᠳᠠᠭᠤᠯᠤᠨ ᠵᠢᠯᠤᠭᠤᠳᠬᠤ ᠬᠠᠷᠢᠭᠤᠴᠠᠯᠭ᠎ᠠ | ᠨᠡᠬᠡᠮᠵᠢᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ︽ᠬᠤᠶᠠᠷ ᠬᠠᠷᠢᠭᠤᠴᠠᠯᠭ᠎ᠠ︾ ᠶᠢ ᠳᠠᠮᠵᠢᠭᠤᠯᠤᠨ | ᠠᠬᠢᠭᠤᠯᠬᠤ ᠲᠤᠭᠲᠠᠴᠠ ᠶᠢ ᠴᠢᠩᠭᠠᠳᠬᠠᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠲᠤᠭᠤᠢᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠲᠤᠭᠤᠢᠢᠯᠠᠩ︶ | ᠤᠬᠠᠮᠰᠠᠷ ᠠᠴᠠ ᠪᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠡᠭᠦᠷᠭᠡᠯᠡᠬᠦ ᠬᠡᠷᠡᠭᠲᠡᠢ᠃ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠤᠷᠠᠳᠦ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠭ ᠤᠨ ᠪᠠᠶᠢᠭᠤᠯᠤᠯᠲᠠ᠂ ᠡᠳᠦᠷ ᠳᠤᠲᠤᠮ ᠤᠨ ᠬᠢᠨᠠᠯᠳᠠ᠂ | ᠠᠰᠠᠭᠤᠳᠠᠯ ᠢ ᠰᠢᠢᠳᠪᠦᠷᠢᠯᠡᠬᠦ ᠰᠦᠪᠡᠭᠴᠢ ᠵᠡᠷᠭᠡ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠳᠤᠤᠷᠠᠳᠦ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠬᠤᠷᠢᠶ᠎ᠠ ᠶᠢ ᠬᠠᠮᠵᠢᠨ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠬᠦ ᠶᠢ ᠱᠠᠯᠠᠪᠳᠠᠭᠤᠯᠬᠤ ᠭᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠡᠨ ᠪᠠᠶᠢᠴᠠᠭᠠᠬᠤ ᠲᠠᠰᠤᠭ ᠠᠴᠠ ᠲᠤᠮᠢᠯᠠᠨ ᠰᠠᠭᠤᠯᠭᠠᠬᠤ ᠰᠠᠬᠢᠯᠭ᠎ᠠ ᠪᠠᠲᠤ | ᠪᠠᠶᠢᠴᠠᠭᠠᠬᠤ ᠲᠤᠭᠤᠢᠢᠯᠠᠩ ᠤᠨ ᠠᠵᠢᠯ ᠢ ᠵᠢᠯᠤᠭᠤᠳᠬᠤ ᠬᠠᠷᠢᠯᠴᠠᠬᠤ ᠲᠤᠭᠲᠠᠴᠠ ᠶᠢ ᠪᠦᠷᠢᠨᠰᠢᠬᠦᠯᠵᠤ᠂ ᠲᠤᠮᠢᠯᠠᠨ | ᠰᠠᠭᠤᠯᠭᠠᠵᠤ ᠬᠢᠨᠠᠨ ᠪᠠᠶᠢᠴᠠᠭᠠᠬᠤ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ᠂ | ᠤᠯᠤᠰ ᠤᠨ ᠦᠮᠴᠢᠯᠡᠯ ᠤᠨ ᠠᠵᠤ ᠠᠬᠤᠢᠯᠠᠯ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠳᠠ | ᠲᠠᠯᠪᠢᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ | ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠯᠭ᠎ᠠ ᠪᠤᠯᠤᠨ ᠦᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷᠴᠤᠳ ︽ᠲᠡᠮᠦᠷ ᠢ ᠳᠠᠪᠲᠠᠬᠤ ᠳᠤ ᠦᠪᠡᠷ ᠢᠶᠠᠨ ᠵᠠᠪᠠᠯ ᠬᠠᠲᠠᠭᠤ ᠪᠠᠶᠢᠬᠤ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠦᠷᠦᠬᠦᠯᠡᠨ ᠴᠢᠩᠭᠠᠳᠬᠠᠵᠤ᠂ ᠬᠢᠨᠠᠯᠲᠠ | ᠲᠠᠯᠪᠢᠬᠤ ᠰᠠᠬᠢᠯᠭ᠎ᠠ ᠪᠠᠲᠤ ᠶᠢ ᠠᠳᠬᠤᠬᠤ ᠴᠢᠳᠠᠪᠦᠷᠢ ᠪᠠᠨ ᠬᠦᠴᠦ ᠲᠠᠯᠪᠢᠨ ᠳᠡᠭᠡᠭᠰᠢᠯᠡᠭᠦᠯᠵᠦ᠂ ᠰᠢᠯᠢᠳᠡᠭ ᠢ ᠨᠢ | ᠰᠤᠩᠭᠤᠨ ᠰᠠᠶᠢᠨ ᠢ ᠨᠢ ᠲᠤᠬᠢᠷᠠᠭᠤᠯᠵᠤ ᠪᠠᠶᠢᠭᠠᠳ ᠺᠠᠳ᠋ᠷᠴᠤᠳ ᠤᠨ ᠡᠩᠨᠡᠭᠡ ᠶᠢ ᠰᠠᠶᠢᠲᠤᠷ ᠬᠠᠮᠢᠶᠠᠷᠴᠤ᠂ ᠮᠡᠳᠡᠭᠡ | ᠵᠠᠩᠬᠢᠵᠢᠯᠲᠠ ᠶᠢᠨ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠳᠤᠲᠤᠭᠠᠳᠤ ᠶᠢᠨ | ᠬᠢᠨᠠᠯᠲᠠ ᠲᠠᠯᠪᠢᠬᠤ ᠬᠢᠵᠠᠭᠠᠷᠯᠠᠬᠤ ᠲᠤᠭᠲᠠᠴᠠ ᠳᠦᠷᠢᠮ ᠢ ᠰᠦᠪᠡᠭᠴᠢᠯᠡᠨ ᠲᠡᠭᠦᠯᠳᠡᠷᠵᠢᠭᠦᠯᠵᠦ᠂ ᠦᠨᠳᠦᠷ ᠬᠡᠪ | ᠪᠤᠯᠪᠠᠰᠤᠷᠠᠯ ᠲᠠᠢ ᠲᠤᠰᠬᠠᠢᠢᠵᠢᠭᠰᠠᠨ᠂ ᠤᠯᠤᠰ ᠲᠦᠷᠦᠴᠢ ᠴᠢᠨᠠᠷ ᠢᠶᠠᠷ ᠴᠢᠩᠭ᠎ᠠ᠂ ᠴᠢᠳᠠᠪᠤᠷᠢ ᠬᠡᠳᠦ᠋ᠢᠳᠦᠭᠰᠡᠨ᠂ | ᠬᠠᠷᠢᠭᠤᠴᠠᠯᠭ᠎ᠠ ᠪᠠᠨ ᠪᠤᠳᠠᠲᠠᠢ ᠭᠦᠢᠴᠡᠳᠭᠡᠭᠰᠡᠨ᠂ ᠬᠡᠪ ᠰᠤᠷᠲᠠᠯ ᠰᠢᠯᠢᠳᠡᠭ᠂ ᠦᠪᠡᠷ ᠤᠨ ᠪᠡᠶ᠎ᠡ ᠠᠷᠢᠭᠤᠨ ᠴᠢᠭᠡᠴᠢ | ᠪᠠᠶᠢᠳᠠᠭ ᠰᠠᠬᠢᠯᠭ᠎ᠠ ᠪᠠᠲᠤ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠵᠤ᠂ ᠨᠠᠮ ᠤᠨ ᠳᠤᠲᠤᠭᠠᠳᠤᠬᠢ ᠤᠯᠤᠰ | ᠲᠦᠷᠦ ᠶᠢᠨ ᠠᠮᠢ ᠠᠬᠤᠢ ᠶᠢᠨ ︽ᠤᠢ ᠶᠢᠨ ᠬᠠᠮᠠᠭᠠᠯᠠᠭᠴᠢ︾ ᠶᠢᠨ ᠡᠬᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ | ᠨᠠᠮ ᠤᠨ ᠲᠦᠷᠦ ᠪᠠᠷᠢᠬᠤ ᠠᠮᠦᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠪᠦᠬᠦᠳᠡ ᠬᠤᠷᠠᠯ ᠠᠴᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ | ᠶᠢᠨ ᠲᠤᠭᠤᠷᠢᠨ ᠳᠤ ᠨᠢᠭᠲᠠᠷᠠᠨ ᠪᠦᠯᠬᠦᠮᠳᠡᠵᠤ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠤᠭ | ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠰᠢᠳᠤᠷᠭᠤ ᠰᠡᠳᠬᠢᠯ᠂ ᠲᠦᠪ | ᠶᠤᠰᠤ ᠶᠢ ᠪᠠᠳᠤ ᠰᠠᠬᠢᠨ ᠰᠢᠨᠤᠯ ᠦᠭᠡᠢ ᠪᠤᠯᠪᠠᠰᠤ ᠵᠤᠷᠢᠭ ᠪᠠᠳᠤ ᠪᠤᠯᠤᠮᠤᠢ ᠭᠡᠬᠦ ᠴᠢᠭᠡᠴᠢ ᠤᠪᠤᠷ᠂ ᠭᠤᠶᠠᠴᠢ ᠦᠭᠡᠢ | ᠡᠷᠡᠮᠡᠭᠡᠢ ᠵᠤᠷᠢᠭ᠂ ᠴᠢᠳᠠᠮᠠᠭᠠᠢ ᠪᠠᠷ ᠬᠢᠵᠦ ᠪᠦᠳᠦᠬᠡᠬᠦ ᠡᠭᠦᠷᠭᠡᠯᠡᠯ ᠢᠶᠠᠷ ᠰᠢᠨ᠎ᠡ ᠴᠠᠭ ᠦᠶ᠎ᠡ ᠶᠢ ᠤᠭᠲᠤᠵᠤ ᠰᠢᠨ᠎ᠡ | ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠠᠯᠡᠭᠦᠯᠬᠦ ᠰᠢᠢᠳᠪᠦᠷᠢᠲᠦ ᠢᠯᠡᠯᠲᠡ ᠶᠢ ᠤᠯᠬᠤ᠂ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢᠶᠠᠨ | ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠰᠦᠭᠡᠢ ᠭᠡᠵᠤ ᠤᠷᠢᠶᠠᠯᠠᠪᠠ᠃ |