1 ᠳ᠋ᠦ᠋ᠭᠡᠷ ᠰᠠᠷ᠎ᠠ ᠶᠢᠨ 24 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠩᠬᠠᠳᠣᠭᠠᠷ | ᠣᠳᠠᠭ᠎ᠠ ᠶᠢᠨ ᠪᠦᠭᠦᠳᠡ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ 2017 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠤᠯᠤᠨ 2018 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠤᠨ ᠮᠡᠳᠡᠭᠦᠯᠦᠯᠳᠡ ᠶᠢ ᠪᠢᠴᠢᠭ ᠤᠨ | ᠬᠡᠯᠪᠡᠷᠢ ᠪᠠᠷ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠶᠢᠴᠠᠭᠠᠯᠭᠠᠪᠠ᠃ | ᠮᠡᠳᠡᠭᠦᠯᠦᠯᠳᠡ ᠶᠢ ᠦᠨᠳᠦᠰᠦᠯᠡᠪᠡᠯ᠂ 2017 ᠣᠨ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠪᠦᠬᠦ ᠤᠷᠤᠨ ᠲᠠᠶᠠᠭᠠᠷ ᠢᠶᠠᠨ ᠬᠦᠭᠵᠢᠯᠳᠡ ᠶᠢᠨ | ᠶᠠᠰᠤ ᠴᠢᠨᠠᠷ ᠪᠤᠯᠤᠨ ᠦᠷ᠎ᠠ ᠠᠰᠢᠭ ᠢ ᠲᠡᠭᠡᠭᠰᠢᠯᠡᠭᠦᠯᠬᠦ ᠪᠠᠷ ᠭᠤᠤᠯ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ ᠴᠢᠩᠭᠠᠳᠬᠠᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ | ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ | ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠭᠰᠡᠨ ᠢᠶᠠᠷ᠂ ᠠᠵᠤ ᠠᠬᠤᠢ ᠶᠢᠨ ᠡᠷᠭᠢᠯᠳᠡ ᠳᠤ | ᠪᠦᠳᠦᠴᠡ ᠨᠢ ᠰᠢᠯᠢᠳᠡᠭ᠂ ᠦᠷ᠎ᠠ ᠠᠰᠢᠭ ᠰᠠᠶᠢᠨ᠂ ᠠᠮᠢᠵᠢᠷᠠᠯ ᠤᠨ ᠬᠦᠴᠦᠨ ᠴᠢᠩᠭ᠎ᠠ᠂ ᠴᠢᠨᠠᠷ ᠰᠠᠶᠢᠳᠠᠢ | ᠬᠦᠭᠵᠢᠯᠳᠡ ᠶᠢᠨ ᠪᠠᠶᠢᠳᠠᠯ ᠢᠯᠡᠷᠡᠵᠦ᠂ ᠡᠯ᠎ᠠ ᠵᠦᠢᠯ ᠤᠨ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠵᠣ᠂ | ᠪᠤᠳᠠᠳᠤ ᠴᠤᠭᠴᠠ ᠶᠢᠨ ᠠᠵᠤ ᠠᠬᠤᠢ ᠶᠢᠨ ᠶᠠᠰᠤ ᠴᠢᠨᠠᠷ ᠪᠤᠯᠤᠨ ᠦᠷ᠎ᠠ ᠠᠰᠢᠭ ᠢᠯᠡᠷᠭᠡᠢ ᠲᠡᠭᠡᠭᠰᠢᠯᠡᠵᠦ᠂ ᠠᠵᠤ | ᠠᠬᠤᠢ ᠶᠢᠨ ᠠᠮᠢᠵᠢᠷᠠᠯ ᠤᠨ ᠬᠦᠴᠦᠨ ᠢᠯᠡᠷᠭᠡᠢ ᠴᠢᠩᠭᠠᠷᠠᠵᠤ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ | ᠢᠯᠡᠷᠭᠡᠢ ᠴᠢᠩᠭᠠᠳᠴᠠᠢ᠃ | ᠪᠦᠬᠦ ᠵᠢᠯ ᠳᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 4% ᠨᠡᠮᠡᠭᠳᠡᠵᠦ᠂ ᠬᠤᠳᠠ | ᠪᠠᠯᠭᠠᠰᠤ ᠪᠤᠯᠤᠨ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠪᠦᠷᠢ ᠶᠢᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠲᠤᠰᠪᠤᠷᠢ 8.2% ᠪᠤᠯᠤᠨ 8.4% ᠨᠡᠮᠡᠭᠳᠡᠵᠦ᠂ ᠵᠢᠯ ᠤᠨ | ᠡᠬᠢᠨ ᠤ ᠵᠢᠱᠢᠭᠰᠡᠨ ᠬᠠᠷᠠᠯᠳᠠ ᠪᠠᠨ ᠪᠡᠶᠡᠯᠡᠭᠦᠯᠵᠡᠢ᠃ ᠬᠤᠳᠠ ᠪᠠᠯᠭᠠᠰᠤᠨ ᠤ 26.1 ᠲᠦᠮᠡᠨ ᠬᠦᠮᠦᠨ ᠰᠢᠨ᠎ᠠ ᠪᠠᠷ | ᠠᠵᠢᠯ ᠤᠯᠵᠣ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.6% ᠪᠣᠯᠵᠠᠢ᠃ | ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠮᠦᠩᠭᠦ ᠬᠦᠮᠦᠨ ᠲᠤᠮᠳᠠᠴᠢ ᠪᠠᠷ 151 ᠲᠦᠭᠦᠷᠢᠭ | ᠥᠰᠴᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠦᠩᠭᠦ ᠶᠢᠨ ᠪᠠᠷᠢᠮᠵᠢᠶ᠎ᠠ ᠬᠦᠮᠦᠨ | ᠲᠤᠮᠳᠠᠴᠢ ᠪᠠᠷ 20 ᠲᠦᠭᠦᠷᠢᠭ ᠨᠡᠮᠡᠭᠳᠡᠨ᠂ ᠬᠤᠳᠠ ᠪᠠᠯᠭᠠᠰᠤ ᠪᠤᠯᠤᠨ ᠮᠠᠯᠵᠢᠬᠤ ᠲᠠᠷᠢᠶᠠᠯᠠᠬᠤ ᠤᠷᠤᠨ ᠤ | ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠣᠷᠢ ᠶᠢᠨ ᠪᠠᠷᠢᠮᠵᠢᠶ᠎ᠠ ᠲᠤᠰᠪᠤᠷᠢ 49 | ᠲᠦᠭᠦᠷᠢᠭ ᠪᠤᠯᠤᠨ 55 ᠲᠦᠭᠦᠷᠢᠭ ᠪᠤᠯᠵᠤ ᠨᠡᠮᠡᠭᠳᠡᠵᠡᠢ᠃ | 2018 ᠣᠨ ᠳᠤ᠂ ᠦᠪᠡᠷᠳᠡᠭᠡᠨ ᠵᠠᠰᠠᠬᠤ ᠤᠷᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠭᠦᠯᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠵᠤ᠂ ᠨᠡᠮᠡᠭᠳᠡᠯ | ᠢ ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠲᠤ ᠠᠰᠢᠭ | ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ | ᠦᠭᠡᠷᠡᠴᠢᠯᠡᠯᠳᠡ ᠨᠡᠭᠡᠭᠡᠯᠳᠡ ᠶᠢ ᠭᠦᠨᠵᠡᠭᠡᠶᠢᠷᠡᠭᠦᠯᠦᠨ᠂ ᠬᠡᠯᠪᠡᠷᠢ ᠪᠠᠨ ᠬᠤᠪᠢᠷᠠᠭᠤᠯᠤᠨᠲ᠋ᠡᠰ ᠲᠡᠪᠰᠢᠭᠦᠯᠬᠦ ᠶᠢ | ᠲᠦᠷᠭᠡᠳᠭᠡᠨ᠂ ᠶᠠᠰᠤ ᠴᠢᠨᠠᠷ ᠤᠨ ᠬᠤᠪᠢᠰᠤᠯᠳᠠ᠂ ᠦᠷ᠎ᠠ ᠠᠰᠢᠭ ᠤᠨ ᠬᠤᠪᠢᠰᠤᠯᠳᠠ᠂ ᠬᠦᠳᠡᠯᠭᠡᠬᠦ ᠬᠦᠴᠦᠨ ᠤ | ᠬᠤᠪᠢᠰᠤᠯᠳᠠ ᠶᠢ ᠬᠦᠴᠦᠯᠡᠨ ᠠᠬᠢᠭᠤᠯᠵᠤ᠂ ᠬᠦᠨᠳᠦ ᠶᠡᠭᠡ ᠲᠦᠭᠰᠢᠭᠦᠷᠢ ᠶᠢ ᠨᠠᠮᠳᠠᠭᠤᠯᠬᠤ᠂ ᠲᠦᠢᠯ ᠤᠨ | ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ | ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠵᠦ᠂ ᠬᠦᠭᠵᠢᠯᠳᠡ᠂ ᠠᠷᠠᠳ ᠤᠨ ᠠᠮᠢᠳᠤᠷᠠᠯ᠂ ᠠᠮᠢ | ᠠᠬᠤᠢ ᠭᠤᠷᠪᠠᠨ ᠬᠤᠷᠢᠭ᠎ᠠ ᠱᠤᠭᠤᠮ ᠢ ᠡᠷᠡᠰ ᠪᠠᠳᠤ ᠰᠠᠬᠢᠵᠤ᠂ ᠪᠦᠬᠦ ᠨᠡᠶᠢᠭᠡᠮ ᠤᠨ ᠠᠵᠤ ᠠᠬᠤᠢ ᠨᠡᠶᠢᠭᠡᠮ ᠤᠨ | ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ | ᠢᠯᠡᠳᠭᠡᠯ ᠳᠤ ᠳᠣᠷᠠᠳᠣᠭᠰᠠᠨ 2018 ᠣᠨ ᠤ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠭᠤᠤᠯ ᠪᠣᠯᠬᠤ ᠵᠢᠱᠢᠭᠰᠡᠨ ᠬᠠᠷᠠᠯᠳᠠ ᠪᠤᠯ᠄ ᠤᠷᠤᠨ ᠨᠤᠳᠤᠭ ᠤᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.5% ᠤᠷᠴᠢᠮ ᠨᠡᠮᠡᠭᠳᠡᠭᠦᠯᠦᠨ᠎ᠠ︔ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠠ ᠬᠠᠩᠰᠢ ᠶᠢᠨ ᠦᠰᠦᠯᠳᠡ ᠶᠢ 3% ᠤᠷᠴᠢᠮ ᠳᠤ ᠬᠢᠵᠠᠭᠠᠷᠯᠠᠵᠣ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠶᠢ ᠲᠤᠰᠪᠤᠷᠢ 7.5% | ᠤᠷᠴᠢᠮ ᠨᠡᠮᠡᠭᠳᠡᠭᠦᠯᠵᠦ᠂ ᠬᠤᠳᠠ ᠪᠠᠯᠭᠠᠰᠤᠨ ᠤ 25 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠵᠣ᠂ | ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠭᠰᠠᠨ ᠨᠤᠷᠮ᠎ᠠ ᠪᠤᠯᠤᠨ ᠬᠤᠳᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ ᠲᠤᠰᠪᠤᠷᠢ 5% ᠤᠷᠴᠢᠮ ᠪᠠ 4% ᠤᠷᠴᠢᠮ ᠤᠨ ᠲᠤᠳᠤᠷ᠎ᠠ | ᠬᠢᠵᠠᠭᠠᠷᠯᠠᠨ᠎ᠠ︔ ᠡᠨᠧᠷᠬᠢ ᠠᠷᠪᠢᠯᠠᠵᠤ ᠪᠤᠬᠢᠷᠳᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠ ᠡᠭᠦᠷᠭᠡ | ᠶᠢ ᠪᠦᠬᠦ ᠲᠠᠯ᠎ᠠ ᠪᠠᠷ ᠪᠡᠶᠡᠯᠡᠭᠦᠯᠦᠨ᠎ᠠ︔ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ | ᠶᠢ ᠪᠤᠳᠠᠳᠤ ᠠᠬᠢᠴᠠ ᠲᠠᠢ ᠪᠤᠯᠭᠠᠨ᠎ᠠ︔ ᠮᠦᠩᠭᠦᠨ ᠭᠦᠢᠯᠭᠡᠭᠡᠨ ᠡᠳ᠋ ᠤᠨ ᠵᠠᠰᠠᠭ ᠤᠨ ᠲᠦᠭᠰᠢᠭᠦᠷᠢ ᠶᠢ ᠡᠮᠬᠢ | ᠵᠢᠷᠤᠮ ᠲᠠᠢ ᠰᠡᠷᠭᠡᠶᠢᠯᠡᠨ ᠡᠵᠡᠮᠳᠡᠵᠦ᠂ ᠵᠠᠰᠠᠭ ᠤᠨ ᠤᠷᠳᠤᠨ ᠤ ᠥᠷᠢ ᠥᠭᠴᠡᠭᠡ ᠶᠢ ᠨᠠᠮᠳᠠᠭᠤᠯᠬᠤ ᠵᠢᠯ ᠤᠨ | ᠡᠭᠦᠷᠭᠡ ᠪᠠᠨ ᠪᠡᠶᠡᠯᠡᠭᠦᠯᠦᠨ᠎ᠠ᠃ | ᠲᠡᠭᠡᠷᠡᠬᠢ ᠬᠠᠷᠠᠯᠳᠠ ᠶᠢ ᠪᠡᠶᠡᠯᠡᠭᠦᠯᠬᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠭᠤᠤᠯᠳᠠᠭᠤ | ᠲᠤᠤᠷᠠᠬᠢ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄ ᠭᠤᠷᠪᠠᠨ ᠰᠢᠪᠲᠤᠯᠤᠯᠲᠠ ᠶᠢᠨ | ᠲᠠᠶᠢᠯᠠᠯᠳᠤᠭᠠᠨ ᠤ ᠪᠤᠳᠠᠳᠤ ᠦᠷ᠎ᠠ ᠪᠦᠳᠦᠮᠵᠢ ᠤᠯᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠶᠢ ᠬᠦᠯᠢᠶᠡᠰᠦᠯᠡᠵᠦ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ ᠬᠦᠴᠢᠷᠳᠡᠯ ᠲᠠᠢ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠠ︔ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠦ᠂ ᠬᠠᠩᠭᠠᠯᠭ᠎ᠠ ᠶᠢᠨ ᠰᠢᠰᠲ᠋ᠧᠮᠵᠢ ᠶᠢᠨ ᠴᠢᠨᠠᠷ ᠴᠢᠨᠰᠠᠭ᠎ᠠ ᠶᠢ ᠬᠦᠴᠦᠯᠡᠨ ᠲᠡᠭᠡᠭᠰᠢᠯᠡᠭᠦᠯᠦᠨ᠎ᠠ︔ | ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ ᠠᠬᠤᠢ ᠶᠢᠨ | ᠬᠦᠭᠵᠢᠯᠳᠡ ᠶᠢᠨ ᠬᠦᠳᠡᠯᠭᠡᠬᠦ ᠬᠦᠴᠦᠨ ᠤ ᠬᠤᠪᠢᠰᠤᠯᠳᠠ ᠶᠢ ᠬᠦᠴᠦᠯᠡᠨ ᠠᠬᠢᠭᠤᠯᠤᠨ᠎ᠠ︔ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠮᠠᠯ ᠠᠵᠤ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠰᠠᠭᠤᠳᠠᠯ ᠢ ᠬᠦᠴᠦᠯᠡᠨ ᠰᠠᠶᠢᠳᠤᠷ | ᠰᠢᠢᠳᠪᠦᠷᠢᠯᠡᠨ᠎ᠠ︔ ᠤᠷᠤᠨ ᠵᠠᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠬᠤᠳᠠ ᠪᠠᠯᠭᠠᠰᠤ ᠤᠷᠤᠨ | ᠪᠦᠰᠡ ᠶᠢᠨ ᠵᠤᠬᠢᠴᠠᠩᠭᠤᠢ ᠬᠦᠭᠵᠢᠯᠳᠡ ᠶᠢ ᠬᠦᠴᠦᠯᠡᠨ ᠠᠬᠢᠭᠤᠯᠤᠨ᠎ᠠ︔ ᠵᠠᠬ᠎ᠠ ᠲᠡᠯᠭᠡᠭᠦᠷ ᠤᠨ ᠠᠵᠤ ᠠᠬᠤᠢ ᠶᠢᠨ | ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠠᠵᠤ ᠠᠬᠤᠢ ᠶᠢᠨ ᠬᠦᠭᠵᠢᠯᠳᠡ ᠶᠢᠨ ᠦᠷ᠎ᠠ ᠠᠰᠢᠭ ᠤᠨ ᠬᠤᠪᠢᠰᠤᠯᠳᠠ ᠶᠢ | ᠬᠦᠴᠦᠯᠡᠨ ᠠᠬᠢᠭᠤᠯᠤᠨ᠎ᠠ︔ ᠤᠯᠤᠰ ᠤᠨ ᠲᠤᠳᠤᠭᠠᠳᠤ ᠶᠢᠨ ᠪᠠ ᠲᠡᠯᠡᠭᠡᠢ ᠶᠢᠨ ᠬᠤᠶᠠᠷ ᠵᠠᠬ᠎ᠠ ᠲᠡᠯᠭᠡᠭᠦᠷ ᠢ | ᠨᠢᠭᠡᠳᠦᠯᠳᠡᠢ ᠲᠦᠯᠦᠪᠵᠢᠭᠦᠯᠵᠦ᠂ ᠲᠤᠳᠤᠭᠠᠳᠣ ᠭᠠᠳᠠᠭᠠᠳᠣ ᠨᠡᠭᠡᠭᠡᠯᠳᠡ ᠶᠢᠨ ᠰᠢᠨ᠎ᠠ ᠪᠠᠶᠢᠷᠢᠰᠢᠯ ᠢ ᠬᠦᠴᠦᠯᠡᠨ | ᠪᠦᠷᠢᠯᠳᠦᠭᠦᠯᠦᠨ᠎ᠠ︔ ᠠᠷᠠᠳ ᠲᠦᠮᠡᠨ ᠢᠶᠠᠷ ᠭᠤᠤᠯ ᠪᠤᠯᠭᠠᠵᠣ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠨ | ᠰᠠᠶᠢᠵᠢᠷᠠᠭᠤᠯᠤᠨ᠎ᠠ︔ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠰᠠᠶᠢᠨ ᠰᠠᠶᠢᠬᠠᠨ | ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠬᠦᠴᠦᠯᠡᠨ ᠪᠣᠢ ᠪᠣᠯᠭᠠᠨ᠎ᠠ᠃ |