ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠠᠩᠬᠠᠳᠣᠭᠠᠷ ᠤᠳᠠᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2018/1/25
      1 ᠳ᠋ᠤᠭᠡᠷ ᠰᠠᠷ᠎ᠠ ᠶᠢᠨ 24᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠠᠩᠬᠠᠳᠣᠭᠠᠷ ᠤᠳᠠᠭ᠎ᠠ ᠶᠢᠨ ᠬᠤᠷᠠᠯ ᠬᠢᠵᠤ᠂ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠠᠵᠢᠯ ᠤᠨ ᠭᠤᠤᠯ ᠡᠬᠦᠷᠬᠡ ᠬᠠᠷᠢᠭᠤᠴᠠᠯᠭ᠎ᠠ ᠶᠢ ᠲᠤᠲᠤᠷᠬᠠᠶᠢᠯᠠᠵᠤ᠂ 2018 ᠤᠨ ᠤ ᠲᠦᠯᠦᠪᠯᠡᠭᠡ᠂ ᠲᠦᠰᠦᠪ ᠤᠨ ᠲᠦᠰᠦᠯ ᠪᠠ ᠲᠦᠯᠦᠪᠯᠡᠭᠡ᠂ ᠲᠦᠰᠦᠪ ᠤᠨ ᠮᠡᠳᠡᠭᠦᠯᠦᠯᠳᠠ ᠶᠢ ᠬᠢᠨᠠᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠠᠢ᠃ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠡᠷᠬᠢᠯᠡᠭᠴᠢ ᠬᠡᠰᠢᠭᠦᠨ ᠸᠠᠩ ᠪᠦᠸᠧ ᠬᠤᠷᠠᠯ ᠢ ᠡᠷᠬᠢᠯᠡᠪᠡ᠃ ᠬᠤᠷᠠᠯ ᠠᠴᠠ᠂ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠪᠦᠷᠢᠯᠳᠦᠭᠦᠨ ᠨᠠᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠡᠭᠭᠤ ᠶᠢᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠡᠯ᠎ᠠ ᠵᠦᠢᠯ ᠤᠨ ᠠᠵᠢᠯᠯᠠᠭ᠎ᠠ ᠳᠤ ᠢᠳᠡᠪᠬᠢᠳᠠᠢ ᠤᠷᠤᠯᠴᠠᠵᠤ᠂ ᠲᠦᠯᠦᠪᠯᠡᠭᠡ᠂ ᠲᠦᠰᠦᠪ ᠵᠢᠴᠢ ᠳᠡᠭᠦᠨ ᠢ ᠪᠡᠶᠡᠯᠡᠭᠦᠯᠵᠦ ᠭᠦᠢᠴᠡᠳᠭᠡᠭᠰᠡᠨ ᠪᠠᠶᠢᠳᠠᠯ ᠢ ᠬᠢᠨᠠᠨ ᠪᠠᠶᠢᠴᠠᠭᠠᠬᠤ᠂ ᠲᠤᠰᠬᠠᠢ ᠲᠦᠷᠦᠯ ᠤᠨ ᠠᠵᠢᠯ ᠤᠨ ᠮᠡᠳᠡᠬᠦᠯᠦᠯᠳᠠ ᠶᠢ ᠬᠢᠨᠠᠨ ᠵᠦᠪᠯᠡᠬᠦ᠂ ᠲᠤᠰᠬᠠᠢ ᠲᠦᠷᠦᠯ ᠢᠶᠠᠷ ᠠᠵᠢᠯ ᠪᠠᠶᠢᠴᠠᠭᠠᠬᠤ ᠪᠤᠯᠤᠨ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠬᠢᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠬᠡᠰᠢᠬᠦᠨ ᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号