1 ᠳ᠋ᠣᠭᠡᠷ ᠰᠠᠷ᠎ᠠ ᠶᠢᠨ 24 ᠤ ᠡᠳᠦᠷ ᠬᠤᠷᠠᠯᠳᠤᠬᠰᠠᠨ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ 2017 ᠣᠨ ᠤ ᠡᠳ᠋ ᠤᠨ ᠵᠠᠰᠠᠭ ᠤᠨ ᠲᠦᠰᠦᠪ | ᠢ ᠬᠦᠢᠴᠡᠳᠭᠡᠭᠰᠡᠨ ᠪᠠᠶᠢᠳᠠᠯ ᠪᠠ 2018 ᠣᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠲᠤᠬᠠᠢ | ᠮᠡᠳᠡᠬᠦᠯᠦᠯᠳᠠ ᠶᠢ ᠪᠢᠴᠢᠭ ᠤᠨ ᠬᠡᠯᠪᠡᠷᠢ ᠪᠠᠷ ᠶᠡᠭᠡ ᠬᠤᠷᠠᠯ ᠳᠤ ᠲᠡᠪᠰᠢᠬᠦᠯᠦᠨ ᠬᠢᠨᠠᠨ ᠪᠠᠶᠢᠴᠠᠭᠠᠯᠭᠠᠪᠠ᠃ | ᠮᠡᠳᠡᠬᠦᠯᠦᠯᠳᠠ ᠶᠢ ᠦᠨᠳᠦᠰᠦᠯᠡᠪᠡᠯ᠂ 2017 ᠣᠨ ᠳᠤ᠂ ᠪᠦᠬᠦ ᠤᠷᠤᠨ ᠤ ᠡᠯ᠎ᠠ ᠭᠠᠵᠠᠷ ᠤᠷᠤᠨ ᠡᠯ᠎ᠠ | ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ | ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠠ ᠭᠦᠭᠵᠢᠯᠳᠠ ᠶᠢᠨ ᠣᠨᠣᠯᠵᠢᠬᠤᠨ ᠢ ᠪᠣᠢ ᠪᠣᠯᠭᠠᠨ | ᠨᠠᠶᠢᠳᠠᠪᠤᠷᠢᠵᠢᠭᠤᠯᠵᠤ᠂ ᠭᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠠ ᠪᠦᠳᠦᠮᠵᠢ ᠶᠢ ᠲᠡᠭᠡᠭᠰᠢᠯᠡᠬᠦᠯᠬᠦ ᠪᠠᠷ ᠭᠤᠤᠯ | ᠪᠤᠯᠭᠠᠵᠤ᠂ ᠬᠠᠨᠭ᠍ᠭᠠᠯᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠬᠤ ᠪᠠᠷ ᠭᠤᠤᠯ | ᠱᠤᠭᠤᠮ ᠪᠤᠯᠭᠠᠵᠤ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ | ᠲᠤᠬᠢᠷᠠᠭᠤᠯᠬᠤ᠂ ᠠᠷᠠᠳ ᠲᠤ ᠠᠰᠢᠬ ᠬᠦᠷᠳᠡᠭᠡᠬᠦ᠂ ᠲᠦᠭᠰᠢᠬᠦᠷᠢ ᠶᠢ ᠰᠡᠷᠭᠡᠶᠢᠯᠡᠬᠦ ᠵᠡᠷᠭᠡ ᠡᠯ᠎ᠠ ᠵᠦᠢᠯ ᠤᠨ ᠠᠵᠢᠯ ᠢ | ᠯᠠᠪᠳᠠᠭᠤᠨ ᠪᠠᠳᠤᠳᠠᠢ ᠰᠠᠶᠢᠳᠣᠷ ᠬᠢᠵᠦ᠂ ᠠᠵᠤ ᠠᠬᠤᠢ ᠨᠡᠶᠢᠭᠡᠮ ᠤᠨ ᠭᠦᠭᠵᠢᠯᠳᠠ ᠳᠤ ᠪᠦᠳᠦᠴᠡ ᠰᠢᠯᠢᠳᠡᠭ᠂ | ᠦᠷ᠎ᠠ ᠠᠰᠢᠭ ᠰᠠᠶᠢᠨ᠂ ᠠᠮᠢᠵᠢᠷᠠᠯ ᠤᠨ ᠬᠦᠴᠦᠨ ᠴᠢᠩᠭ᠎ᠠ᠂ ᠴᠢᠨᠠᠷ ᠴᠢᠨᠰᠠᠭ᠎ᠠ ᠰᠠᠶᠢᠨ ᠪᠠᠶᠢᠳᠠᠯ ᠢᠯᠡᠷᠡᠪᠡ᠂ ᠡᠭᠦᠨ | ᠤ ᠰᠠᠭᠤᠷᠢ ᠲᠡᠭᠡᠷ᠎ᠠ᠂ ᠪᠦᠬᠦ ᠤᠷᠤᠨ ᠵᠢᠴᠢ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠢ | ᠬᠦᠢᠴᠡᠳᠭᠡᠭᠰᠡᠨ ᠪᠠᠶᠢᠳᠠᠯ ᠶᠡᠷᠦᠩᠭᠡᠢ ᠳᠡᠭᠡᠨ ᠨᠡᠯᠢᠶᠡᠳ ᠰᠠᠶᠢᠨ ᠪᠣᠯᠪᠠ᠃ | ᠮᠡᠳᠡᠬᠦᠯᠦᠯᠳᠠ ᠶᠢ ᠦᠨᠳᠦᠰᠦᠯᠡᠪᠡᠯ᠂ 2017 ᠣᠨ ᠳᠤ ᠪᠦᠬᠦ ᠤᠷᠤᠨ ᠤ ᠡᠩ ᠤᠨ ᠤᠯᠠᠨ ᠨᠡᠶᠢᠳᠡ ᠶᠢᠨ | ᠲᠦᠰᠦᠪ ᠤᠨ ᠤᠷᠤᠯᠭ᠎ᠠ 1703.4 ᠳ᠋ᠦᠩᠰᠢᠭᠤᠷ ᠲᠦᠭᠦᠷᠢᠭ ᠲᠤ ᠬᠦᠷᠴᠦ᠂ ᠬᠠᠷᠢᠴᠠᠭᠤᠯᠵᠣ ᠪᠣᠯᠬᠤ | ᠬᠠᠷᠢᠴᠠᠯ ᠢᠶᠠᠷ ᠪᠣᠳᠣᠪᠠᠯ 14.6% ᠢᠶᠠᠷ ᠨᠡᠮᠡᠭᠳᠡᠪᠠ᠃ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ | ᠤᠨ ᠵᠠᠷᠤᠯᠭ᠎ᠠ 4523.1 ᠳ᠋ᠦᠩᠰᠢᠭᠤᠷ ᠲᠦᠭᠦᠷᠢᠭ ᠲᠤ ᠬᠦᠷᠴᠤ᠂ 0.2% ᠨᠡᠮᠡᠭᠳᠡᠵᠦ᠂ ᠲᠤᠬᠢᠷᠠᠭᠤᠯᠤᠬᠰᠠᠨ | ᠲᠦᠰᠦᠪ ᠤᠨ 91.8% ᠢ ᠪᠡᠶᠡᠯᠡᠬᠦᠯᠵᠡᠢ᠃ | 2018 ᠣᠨ ᠳᠤ᠂ ᠦᠪᠡᠷᠳᠡᠭᠡᠨ ᠵᠠᠰᠠᠬᠤ ᠤᠷᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠣ᠂ ᠦᠭᠡᠷᠡᠴᠢᠯᠡᠯᠳᠠ ᠶᠢ | ᠭᠦᠨᠵᠡᠭᠡᠶᠢᠷᠡᠬᠦᠯᠬᠦ᠂ ᠭᠦᠭᠵᠢᠯᠳᠠ ᠶᠢ ᠠᠬᠢᠭᠤᠯᠬᠤ ᠳᠤ ᠬᠦᠴᠦᠷᠭᠡᠭ ᠶᠡᠭᠡ ᠬᠦᠳᠡᠯᠭᠡᠭᠦ ᠬᠦᠴᠦᠨ ᠢ ᠪᠦᠷᠢᠯᠳᠦᠭᠦᠯᠵᠦ᠂ | ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠭᠦᠭᠵᠢᠯᠳᠠ ᠶᠢᠨ ᠦᠨᠳᠦᠰᠦᠨ ᠪᠠᠶᠢᠳᠠᠯ ᠬᠤᠪᠢᠷᠠᠬᠰᠠᠨ ᠦᠭᠡᠢ᠂ | ᠡᠳ᠋ ᠤᠨ ᠵᠠᠰᠠᠭ ᠦᠷᠭᠦᠯᠵᠢᠯᠠᠨ ᠤᠷᠤᠯᠭ᠎ᠠ ᠨᠡᠮᠡᠭᠳᠡᠬᠦ ᠳᠤ ᠮᠠᠰᠢ ᠤᠯᠠᠨ ᠠᠰᠢᠬᠳᠠᠢ ᠨᠦᠬᠦᠴᠡᠯ ᠪᠠᠶᠢᠨ᠎ᠠ᠃ | ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠳᠠ ᠬᠠᠨᠭ᠍ᠭᠠᠯᠭ᠎ᠠ ᠶᠢᠨ ᠲᠠᠯ᠎ᠠ | ᠳᠠᠬᠢ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠱᠤᠭᠤᠮ ᠪᠤᠯᠭᠠᠵᠤ᠂ ᠢᠳᠡᠪᠬᠢᠳᠡᠢ ᠡᠳ᠋ ᠤᠨ ᠵᠠᠰᠠᠭ | ᠤᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠡᠳ᠋ ᠤᠨ ᠵᠠᠰᠠᠭ ᠤᠨ ᠦᠷᠬᠦᠯᠵᠢᠯᠡᠬᠦ ᠴᠢᠨᠠᠷ ᠢ | ᠴᠢᠩᠭᠠᠷᠠᠭᠤᠯᠤᠨ᠎ᠠ︔ ᠵᠠᠷᠤᠯᠭ᠎ᠠ ᠶᠢᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠬᠦᠨᠳᠦ ᠶᠡᠭᠡ | ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ | ᠪᠤᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠶᠢ ᠬᠦᠴᠦᠯᠡᠨ ᠲᠠᠮᠵᠢᠵᠤ᠂ | ᠭᠦᠭᠵᠢᠯᠳᠠ᠂ ᠠᠷᠠᠳ ᠤᠨ ᠠᠮᠢᠳᠤᠷᠠᠯ᠂ ᠠᠮᠢ ᠠᠬᠤᠢ ᠭᠤᠷᠪᠠᠨ ᠬᠤᠷᠢᠭ᠎ᠠ ᠱᠤᠭᠤᠮ ᠢ ᠡᠷᠡᠰ ᠰᠠᠬᠢᠨ᠎ᠠ︔ ᠲᠦᠰᠦᠪ | ᠤᠨ ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠬᠦᠯᠵᠦ᠂ ᠬᠢᠷᠢ ᠪᠦᠳᠦᠮᠵᠢ ᠦᠷ᠎ᠡ ᠠᠰᠢᠭ ᠤᠨ ᠬᠠᠮᠢᠶᠠᠷᠤᠯᠳᠠ ᠶᠢ | ᠪᠦᠬᠦ ᠲᠠᠯ᠎ᠠ ᠪᠠᠷ ᠬᠡᠷᠡᠭᠵᠢᠬᠦᠯᠤᠨ᠎ᠠ︔ ᠡᠷᠭᠡ ᠬᠠᠷᠢᠭᠤᠴᠠᠯᠭ᠎ᠠ ᠲᠤᠳᠤᠷᠬᠠᠢ᠂ ᠡᠳ᠋ ᠤᠨ ᠬᠦᠴᠦᠨ ᠵᠤᠬᠢᠴᠠᠩᠭᠤᠢ᠂ | ᠤᠷᠤᠨ ᠪᠦᠰᠡ ᠲᠡᠩᠴᠡᠭᠦᠷᠢᠳᠡᠢ ᠪᠠᠶᠢᠬᠤ ᠦᠪᠡᠷᠳᠡᠭᠡᠨ ᠵᠠᠰᠠᠬᠤ ᠤᠷᠤᠨ ᠠᠴᠠ ᠳᠣᠷᠣᠭᠰᠢᠬᠢ ᠡᠳ᠋ ᠤᠨ ᠵᠠᠰᠠᠭ ᠤᠨ | ᠬᠠᠷᠢᠴᠠᠭ᠎ᠠ ᠶᠢ ᠢᠳᠡᠭ ᠢᠳᠡᠭ ᠢᠶᠠᠷ ᠪᠠᠶᠢᠭᠤᠯᠵᠤ᠂ ᠤᠷᠤᠨ ᠪᠦᠰᠡ ᠶᠢᠨ ᠵᠤᠬᠢᠴᠠᠩᠭᠤᠢ ᠭᠦᠭᠵᠢᠯᠳᠠ ᠶᠢ ᠠᠬᠢᠭᠤᠯᠵᠤ | ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠡᠩᠴᠡᠭᠦᠷᠢᠰᠢᠯ ᠢ ᠠᠬᠢᠭᠤᠯᠤᠨ᠎ᠠ᠃ | 2018 ᠣᠨ ᠳᠤ᠂ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ | 1750 ᠳ᠋ᠦᠩᠰᠢᠭᠤᠷ ᠲᠦᠭᠦᠷᠢᠭ ᠢᠶᠠᠷ ᠲᠤᠬᠢᠷᠠᠭᠤᠯᠵᠤ᠂ ᠬᠠᠷᠢᠴᠠᠭᠤᠯᠵᠣ ᠪᠣᠯᠬᠤ ᠬᠠᠷᠢᠴᠠᠯ ᠢᠶᠠᠷ ᠪᠣᠳᠣᠪᠠᠯ 6% | ᠤᠷᠴᠢᠮ ᠨᠡᠮᠡᠭᠳᠡᠬᠦᠯᠦᠨ᠎ᠠ᠂ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ | ᠵᠢᠱᠢᠯᠳᠡ ᠪᠠᠷ 4850 ᠳ᠋ᠦᠩᠰᠢᠭᠤᠷ ᠲᠦᠭᠦᠷᠢᠭ ᠲᠤ ᠬᠦᠷᠴᠦ᠂ 7% ᠠᠴᠠ ᠲᠡᠭᠡᠭᠰᠢ ᠨᠡᠮᠡᠭᠳᠡᠬᠦ ᠪᠣᠯᠣᠨ᠎ᠡ᠃ | ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠶᠡᠷᠦᠩᠭᠡᠢ ᠡᠳ᠋ | ᠤᠨ ᠵᠠᠰᠠᠭ ᠤᠨ ᠬᠦᠴᠦᠨ ᠢ 2534.4 ᠳ᠋ᠦᠩᠰᠢᠭᠤᠷ ᠲᠦᠭᠦᠷᠢᠭ ᠢᠶᠠᠷ ᠲᠤᠬᠢᠷᠠᠭᠤᠯᠵᠤ᠂ ᠶᠡᠷᠦᠩᠭᠡᠢ ᠵᠠᠷᠤᠯᠭ᠎ᠠ ᠶᠢ | 2534.4 ᠳ᠋ᠦᠩᠰᠢᠭᠤᠷ ᠲᠦᠭᠦᠷᠢᠭ ᠢᠶᠠᠷ ᠲᠤᠬᠢᠷᠠᠭᠤᠯᠵᠠᠢ᠃ | 2018 ᠣᠨ ᠤ ᠡᠳ᠋ ᠤᠨ ᠵᠠᠰᠠᠭ ᠤᠨ ᠦᠭᠡᠷᠡᠴᠢᠯᠡᠯᠳᠠ ᠭᠦᠭᠵᠢᠯᠳᠠ ᠶᠢᠨ ᠠᠵᠢᠯ ᠢ ᠦᠨᠡᠨᠬᠦ ᠰᠠᠶᠢᠳᠤᠷ | ᠬᠢᠬᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠠᠴᠠ ᠲᠤᠤᠷᠠᠬᠢ 7 ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠰᠠᠶᠢᠳᠤᠷ ᠬᠢᠬᠦ ᠪᠣᠯᠣᠨ᠎ᠠ᠄ ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ ᠰᠢᠪᠲᠤᠯᠤᠯᠲᠠ ᠶᠢᠨ | ᠲᠠᠶᠢᠯᠠᠯᠳᠤᠭᠠᠨ ᠢ ᠰᠠᠶᠢᠳᠤᠷ ᠬᠢᠬᠦ ᠶᠢ ᠲᠡᠮᠵᠢᠨ᠎ᠠ︔ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠶᠢ ᠲᠡᠮᠵᠢᠵᠦ᠂ ᠣᠨᠴᠠ ᠶᠠᠳᠠᠭᠤ | ᠬᠦᠴᠢᠷᠳᠡᠯᠳᠡᠢ ᠭᠠᠵᠠᠷ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠦᠨ | ᠬᠦᠴᠦᠯᠡᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠤᠳᠤᠭᠠᠳᠤ ᠬᠦᠳᠡᠯᠭᠡᠭᠦ ᠬᠦᠴᠦᠨ ᠢ ᠴᠢᠩᠭᠠᠷᠠᠭᠤᠯᠵᠤ᠂ | ᠡᠳ᠋ ᠤᠨ ᠵᠠᠰᠠᠭ ᠤᠨ ᠶᠠᠳᠠᠭᠤ ᠶᠢ ᠲᠡᠳᠭᠦᠭᠦ ᠪᠡᠯᠡ ᠮᠦᠡᠭᠭᠦ ᠶᠢᠨ ᠬᠠᠮᠢᠶᠠᠷᠤᠯᠳᠠ ᠶᠢ ᠴᠢᠩᠭᠠᠳᠬᠠᠨ᠎ᠠ︔ ᠪᠤᠬᠢᠷᠳᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠶᠢ ᠲᠡᠮᠵᠢᠵᠦ᠂ ᠤᠷᠴᠢᠨ ᠲᠤᠭᠤᠷᠢᠨ ᠤ | ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠲᠡᠮᠵᠢᠵᠦ᠂ ᠨᠠᠩ ᠤᠯᠠᠨ ᠰᠢᠯᠢᠳᠡᠭ ᠠᠮᠢ ᠠᠬᠤᠢ ᠶᠢᠨ | ᠪᠦᠳᠦᠭᠡᠭᠳᠡᠬᠦᠨ ᠬᠠᠨᠭ᠍ᠭᠠᠵᠤ᠂ ᠪᠤᠬᠢᠷᠳᠣᠯ ᠢ ᠰᠡᠷᠭᠡᠶᠢᠯᠡᠨ ᠵᠠᠰᠠᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ | ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠠ︔ ᠬᠠᠨᠭ᠍ᠭᠠᠯᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ | ᠦᠭᠡᠷᠡᠴᠢᠯᠡᠯᠳᠠ ᠶᠢ ᠭᠦᠨᠵᠡᠭᠡᠶᠢᠷᠡᠬᠦᠯᠬᠦ ᠶᠢ ᠲᠠᠮᠵᠢᠵᠤ᠂ ᠦᠢᠯᠡᠳᠬᠦ ᠦᠢᠯᠡᠰ ᠤᠨ ᠰᠢᠯᠢᠳᠡᠭᠵᠢᠨ ᠲᠡᠰ ᠲᠡᠪᠰᠢᠬᠦ ᠶᠢ | ᠲᠠᠮᠵᠢᠵᠤ᠂ ᠰᠢᠨ᠎ᠠ ᠬᠦᠳᠡᠯᠬᠡᠬᠦ ᠬᠦᠴᠦᠨ ᠢ ᠶᠡᠬᠡᠪᠡᠷ ᠪᠣᠶᠢᠵᠢᠭᠤᠯᠵᠣ᠂ ︽ᠭᠤᠷᠪᠠ ᠶᠢ ᠪᠠᠭᠠᠰᠬᠠᠵᠣ ᠨᠢᠭᠡ ᠶᠢ | ᠪᠠᠭᠤᠷᠠᠭᠤᠯᠵᠤ ᠨᠢᠭᠡ ᠶᠢ ᠨᠦᠬᠦᠪᠦᠷᠢᠯᠡᠬᠦ︾ ᠶᠢ ᠦᠷᠬᠦᠯᠵᠢᠯᠡᠨ ᠠᠬᠢᠭᠤᠯᠤᠨ᠎ᠠ︔ ᠬᠤᠳᠠ ᠪᠠᠯᠭᠠᠰᠤ ᠤᠷᠤᠨ | ᠪᠦᠰᠡ ᠶᠢᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠵᠤ᠂ ᠬᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠳᠡᠮᠵᠢᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ | ᠲᠡᠩᠴᠡᠬᠦᠷᠢᠰᠢᠯ ᠤᠨ ᠲᠦᠪᠰᠢᠨ ᠢ ᠲᠡᠭᠡᠭᠰᠢᠯᠡᠬᠦᠯᠵᠦ᠂ ᠤᠷᠤᠨ ᠪᠦᠰᠡ ᠶᠢ ᠵᠤᠬᠢᠴᠠᠩᠭᠤᠢ ᠪᠠᠷ ᠭᠦᠭᠵᠢᠭᠦᠯᠬᠦ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠠᠬᠢᠭᠤᠯᠤᠨ᠎ᠠ︔ ᠠᠷᠠᠳ ᠤᠨ ᠠᠮᠢᠳᠤᠷᠠᠯ ᠢ ᠪᠠᠳᠤᠯᠠᠨ | ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠵᠤ᠂ ᠪᠦᠬᠦᠨ ᠢ ᠪᠠᠳᠣᠯᠠᠬᠤ | ᠱᠤᠭᠤᠮ ᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠪᠠᠷ ᠲᠤᠬᠳᠠᠴᠠ ᠪᠠᠶᠢᠭᠤᠯᠵᠤ᠂ ᠤᠨᠤᠪᠴᠢᠳᠣ ᠴᠢᠨᠠᠷ ᠢ | ᠲᠡᠭᠡᠭᠰᠢᠯᠡᠬᠦᠯᠵᠦ᠂ ᠦᠷᠬᠦᠯᠵᠢᠯᠡᠬᠦ ᠴᠢᠨᠠᠷ ᠢ ᠬᠦᠨᠳᠦᠳᠭᠡᠨᠠ︔ ᠲᠦᠰᠦᠪ ᠢ ᠬᠦᠢᠴᠡᠳᠭᠡᠬᠦ ᠬᠠᠮᠢᠶᠠᠷᠤᠯᠳᠠ ᠶᠢ | ᠴᠢᠩᠭᠠᠳᠬᠠᠵᠤ᠂ ᠬᠠᠤᠯᠢ ᠲᠤᠬᠳᠠᠭᠠᠯ ᠶᠤᠰᠤᠭᠠᠷ ᠤᠷᠤᠯᠭ᠎ᠠ ᠶᠢ ᠵᠤᠬᠢᠶᠠᠨ ᠪᠠᠶᠢᠭᠤᠯᠵᠤ᠂ ᠲᠦᠰᠦᠪ ᠤᠨ | ᠵᠠᠷᠤᠯᠭ᠎ᠠ ᠶᠢᠨ ᠠᠬᠢᠴᠠ ᠶᠢ ᠲᠦᠷᠭᠡᠳᠭᠡᠵᠦ᠂ ᠬᠢᠷᠢ ᠪᠦᠳᠦᠮᠵᠢ ᠦᠷ᠎ᠡ ᠠᠰᠢᠭ ᠤᠨ ᠬᠠᠮᠢᠶᠠᠷᠤᠯᠳᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠬᠢᠨᠠᠯᠳᠠ ᠶᠢ ᠴᠢᠩᠭᠠᠳᠬᠠᠨ᠎ᠠ᠃ |