ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠡᠢ
ᠨᠡᠶᠢᠲᠡᠯᠡᠭᠰᠡᠨ ᠴᠠᠭ᠄
2018/1/26
      1 ᠳ᠋ᠤᠭᠡᠷ ᠰᠠᠷ᠎ᠠ ᠶᠢᠨ 25᠎ ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠤ᠂ ᠭᠡᠰᠢᠬᠦᠳ ᠠᠴᠠ ᠶᠡᠭᠡ ᠬᠤᠷᠠᠯ ᠳᠤ ᠶᠠᠷᠢᠶ᠎ᠠ ᠢᠯᠡᠳᠭᠡᠯ ᠬᠢᠵᠡᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠯᠢ ᠵᠢᠶᠠ᠂ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠸᠠᠩ ᠵᠦᠩ ᠡᠾᠧ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠯᠦᠸᠧ ᡁᠢ ᠬᠤ᠋᠂ ᠴᠡᠴᠡᠭ ᠪᠤᠯᠤᠨ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠯᠢᠥ ᠰᠢᠨ ᠯᠧ ᠬᠤᠷᠠᠯ ᠢ ᠡᠷᠬᠢᠯᠡᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠬᠤᠷᠠᠯ ᠳᠤ ᠤᠷᠤᠯᠴᠠᠵᠦ᠂ ᠠᠵᠢᠯᠲᠠᠨ ᠤ ᠶᠠᠪᠤᠳᠠᠯ ᠤᠨ ᠬᠤᠯᠪᠤᠭᠳᠠᠯ ᠪᠦᠬᠦᠢ ᠵᠦᠢᠯᠡᠰ ᠤᠨ ᠲᠤᠬᠠᠢ ᠲᠤᠲᠤᠷᠬᠠᠶᠢᠯᠠᠯᠲᠠ ᠬᠢᠵᠦ᠂ ᠬᠡᠰᠢᠬᠦᠳ ᠤᠨ ᠶᠡᠷᠢᠶ᠎ᠡ ᠢᠯᠡᠳᠭᠡᠯ ᠢ ᠰᠤᠨᠤᠰᠴᠠᠢ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠦ ᠬᠡᠰᠢᠬᠦᠳ ᠤᠨ ᠶᠠᠷᠢᠶ᠎ᠠ ᠢᠯᠡᠳᠭᠡᠯ ᠢ ᠰᠤᠨᠤᠰᠴᠠᠢ᠃      ᠸᠧᠢ ᠵᠢᠶᠦ᠋ᠨ ᠰᠤᠩᠭᠤᠭᠤᠯᠢ ᠶᠢᠨ ᠠᠷᠭ᠎ᠠ ︵ᠲᠦᠰᠦᠯ︶᠎ ᠶᠢᠨ ᠲᠤᠬᠠᠢ ᠲᠤᠲᠤᠷᠬᠠᠶᠢᠯᠠᠯᠲᠠ ᠬᠢᠪᠠ᠃      10 ᠭᠡᠰᠢᠬᠦᠨ ᠶᠡᠭᠡ ᠬᠤᠷᠠᠯ ᠳᠤ ᠶᠠᠷᠢᠶ᠎ᠠ ᠢᠯᠡᠳᠭᠡᠯ ᠬᠢᠵᠡᠢ᠃ ᠭᠡᠰᠢᠬᠦᠨ ᠠᠨ ᠷᠦᠨ ᠱᠧᠩ ᠶᠠᠷᠢᠶ᠎ᠠ ᠢᠯᠡᠳᠭᠡᠯ ᠳᠡᠭᠡᠨ᠂ ᠠᠷᠠᠳ ᠤᠨ ᠪᠡᠯᠡ ᠤᠷᠤᠭᠤᠯᠤᠯᠲᠠ ᠶᠢᠨ ᠨᠦᠭᠡᠴᠡ ᠬᠦᠴᠤᠨ ᠢ ᠭᠡᠷᠬᠢᠨ ᠬᠦᠭᠵᠢᠭᠡᠵᠤ᠂ ᠪᠤᠳᠠᠳᠦ ᠴᠤᠬᠴᠠ ᠶᠢᠨ ᠠᠵᠦ ᠠᠬᠤᠢ ᠶᠢ ᠬᠦᠭᠵᠢᠬᠦᠯᠦᠨ ᠮᠠᠨᠳᠤᠭᠤᠯᠬᠤ ᠶᠢᠨ ᠲᠤᠭᠤᠷᠢᠨ ᠳᠤ᠂ ᠠᠷᠠᠳ ᠤᠨ ᠪᠡᠯᠡ ᠤᠷᠤᠭᠤᠯᠤᠯᠲᠠ ᠶᠢ ᠬᠦᠳᠤᠯᠤᠨ ᠵᠢᠯᠤᠭᠤᠳᠴᠤ ᠪᠤᠳᠠᠳᠦ ᠴᠤᠬᠴᠠ ᠶᠢᠨ ᠠᠵᠦ ᠠᠬᠤᠢ ᠲᠡᠰᠢ ᠬᠤᠪᠢᠷᠠᠭᠤᠯᠤᠨ᠂ ᠠᠷᠠᠳ ᠤᠨ ᠪᠡᠯᠡ ᠤᠷᠤᠭᠤᠯᠤᠯᠲᠠ ᠶᠢᠨ ᠵᠠᠬ᠎ᠠ ᠳᠡᠯᠬᠡᠭᠦᠷ ᠢ ᠴᠢᠨᠠᠬᠰᠢᠲᠠ ᠦᠷᠭᠡᠳᠭᠡᠵᠤ᠂ ᠮᠦᠩᠭᠦᠨ ᠬᠦᠢᠯᠭᠡᠭᠡ ᠶᠢᠨ ᠪᠤᠳᠠᠳᠦ ᠴᠤᠬᠴᠠ ᠶᠢᠨ ᠠᠵᠦ ᠠᠬᠤᠢ ᠳᠤ ᠨᠡᠩ ᠰᠠᠶᠢᠲᠤᠷ ᠦᠢᠯᠡᠴᠢᠯᠡᠬᠦ ᠪᠠᠶᠢᠭᠤᠯᠤᠮᠵᠢ ᠲᠤᠬᠲᠠᠴᠠ ᠶᠢ ᠪᠦᠷᠢᠯᠳᠦᠬᠦᠯᠵᠦ᠂ ᠵᠠᠰᠠᠭ ᠪᠠ ᠬᠤᠳᠠᠯᠳᠤᠭᠠᠨ ᠤ ᠰᠢᠨ᠎ᠠ ᠮᠠᠶ᠋ᠢᠭ ᠤᠨ ᠬᠠᠷᠢᠴᠠᠭ᠎ᠠ ᠶᠢ ᠪᠠᠶᠢᠭᠤᠯᠵᠤ᠂ ᠪᠡᠯᠡ ᠤᠷᠤᠭᠤᠯᠤᠯᠳᠠ ᠶᠢᠨ ᠵᠢᠱᠢᠯᠳᠠ ᠶᠢ ᠲᠤᠭᠳᠠᠪᠤᠷᠢᠵᠢᠭᠤᠯᠵᠤ᠂ ᠪᠡᠯᠡ ᠤᠷᠤᠭᠤᠯᠤᠯᠲᠠ ᠶᠢᠨ ᠢᠲᠡᠭᠡᠯ ᠢ ᠬᠦᠪᠴᠢᠯᠠᠬᠦ ᠬᠡᠷᠡᠭᠲᠡᠢ ᠭᠡᠵᠤ ᠰᠠᠨᠠᠭᠤᠯᠪᠠ᠃      ᠭᠡᠰᠢᠬᠦᠨ ᠮᠠᠶᠢᠯᠠᠰᠤ᠂ ︽ᠨᠢᠭᠡ ᠪᠦᠰᠡ ᠨᠢᠭᠡ ᠵᠠᠮ︾ ᠳᠠᠭᠠᠥ ᠶᠢᠨ ᠤᠯᠤᠰ ᠤᠳ ᠯᠤᠭ᠎ᠠ ᠦᠨᠳᠦᠰᠦᠲᠡᠨ ᠤ ᠺᠢᠨᠣ᠋ ᠶᠢᠨ ᠡᠬᠢ ᠪᠠᠶᠠᠯᠢᠭ ᠢ ᠲᠤᠭᠠᠴᠢᠯᠠᠨ ᠬᠠᠮᠠᠭᠠᠯᠠᠬᠤ ᠪᠠ ᠨᠡᠭᠡᠭᠡᠨ ᠠᠰᠢᠬᠯᠠᠬᠤ ᠳᠤᠮᠲᠠᠬᠢ ᠬᠠᠮᠲᠤᠷᠠᠯᠴᠠᠭ᠎ᠠ ᠪᠠᠨ ᠴᠢᠩᠭᠠᠳᠬᠠᠵᠦ᠂ ᠤᠯᠤᠰ ᠤᠨ ᠭᠠᠳᠠᠭᠠᠳᠦ ᠳᠠᠬᠢ ᠰᠤᠶᠤᠯ ᠤᠨ ᠠᠷᠠᠯᠵᠢᠶᠠᠨ ᠤ ᠰᠠᠭᠤᠷᠢᠨ ᠳᠤ ᠲᠦᠰᠢᠭᠯᠡᠵᠦ᠂ ᠳᠤᠮᠳᠠ ᠪᠠᠭ᠎ᠠ ᠺᠢᠨᠣ᠋ ᠲᠧᠯᠸᠢᠰ ᠤᠨ ᠠᠵᠦ ᠠᠬᠤᠶᠢᠯᠠᠯ ᠤᠨ ᠢᠨᠲ᠋ᠧᠷ ᠰᠦᠯᠵᠢᠶ᠎ᠡ ᠪᠤᠯᠤᠨ ᠦᠨᠳᠦᠰᠦᠲᠡᠨ ᠤ ᠺᠢᠨᠣ᠋ ᠶᠢᠨ ᠠᠵᠦ ᠦᠢᠯᠡᠰ ᠤᠨ ᠬᠡᠯᠬᠢᠶᠡᠵᠢᠯ ᠳᠤ ᠤᠷᠤᠯᠴᠠᠵᠦ᠂ ᠠᠭᠤᠰᠤᠯᠴᠠᠨ ᠬᠦᠭᠵᠢᠬᠦ ᠶᠢ ᠠᠬᠢᠭᠤᠯᠬᠤ ᠭᠡᠷᠡᠭᠳᠡᠢ ᠭᠡᠵᠤ ᠰᠠᠨᠠᠭᠤᠯᠵᠠᠢ᠃      ᠭᠡᠰᠢᠬᠦᠨ ᠵᠠᠩ ᠪᠦᠸᠧ ᠵᠸᠥ᠂ ᠠᠮᠢᠳᠤᠷᠠᠯ ᠨᠢ ᠶᠠᠳᠠᠭᠤ ᠬᠦᠴᠢᠷᠳᠡᠯᠲᠡᠢ ᠴᠠᠭᠠᠨ ᠬᠠᠷᠠᠩ ᠡᠪᠡᠳᠴᠢᠲᠠᠳ ᠲᠤ ᠰᠦᠢᠳᠭᠡᠯ ᠬᠤᠷᠢᠶᠠᠬᠤ ᠦᠬᠡᠢ ᠪᠠᠷ ᠬᠠᠷᠠᠭ᠎ᠠ ᠤᠷᠤᠭᠤᠯᠬᠤ ᠮᠠᠰᠡ ᠵᠠᠰᠠᠯ ᠬᠢᠬᠦ ᠨᠢ ᠮᠠᠨ ᠤ ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠨᠢᠭᠡ ᠵᠦᠢᠯ ᠤᠨ ᠪᠦᠲᠦᠮᠵᠢᠲᠡᠢ ᠠᠷᠭ᠎ᠠ ᠠᠪᠴᠠᠯ ᠪᠤᠯᠤᠨ᠎ᠠ ᠭᠡᠵᠤ ᠭᠡᠯᠡᠪᠠ᠃ ᠲᠡᠷᠡ᠂ ᠨᠡᠶᠢᠭᠡᠮ ᠤᠨ  ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ︽ᠬᠠᠷᠠᠭ᠎ᠠ ᠤᠷᠤᠭᠤᠯᠬᠤ ᠠᠶᠠᠯᠠᠯ︾᠎ ᠢ ᠡᠯ᠎ᠠ ᠱᠠᠲᠦᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠤ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠲᠦᠯᠦᠪᠯᠡᠭᠡ ᠪᠤᠯᠤᠨ ᠠᠵᠢᠯ ᠤᠨ ᠬᠢᠷᠢ ᠪᠦᠲᠦᠮᠵᠢ ᠶᠢ ᠬᠢᠨᠡᠨ ᠰᠢᠯᠭᠠᠬᠤ ᠳᠤ ᠤᠷᠤᠭᠤᠯᠬᠤ ᠬᠡᠷᠡᠭᠲᠡᠢ ᠭᠡᠵᠤ ᠰᠠᠨᠠᠭᠤᠯᠪᠠ᠃      ᠭᠡᠰᠢᠬᠦᠨ ᠰᠦᠩ ᠭᠤᠸᠠᠩ ᠷᠦᠩ᠂ ᠠᠨ ᠰᠧ ᠬᠤ᠋᠂ ᠵᠦ ᠬᠤᠸᠠ᠂ ᠯᠢᠥ ᠵᠢᠶᠠᠨ ᠺᠦᠢ᠂ ᠨᠠᠷᠠᠨᠬᠤᠸᠠᠷ᠂ ᠰᠢᠥᠢ ᠺᠠᠩ ᠨᠢᠩ᠂ ᠵᠤᠤ ᠶᠦᠨ ᠫᠢᠩ ᠲᠤᠰ ᠲᠤᠰ ᠶᠡᠷᠢᠶ᠎ᠡ ᠢᠯᠡᠳᠭᠡᠯ ᠬᠢᠵᠡᠢ᠃ ᠶᠠᠷᠢᠶ᠎ᠠ ᠢᠯᠡᠳᠭᠡᠯ ᠨᠢ ᠠᠵᠢᠯ ᠤᠯᠭᠤᠯᠲᠠ ᠶᠢ ᠠᠬᠢᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠰᠢᠨ᠎ᠡ ᠡᠨᠧᠷᠬᠢ ᠶᠢᠨ ᠮᠠᠲ᠋ᠧᠷᠢᠶᠠᠯ᠂ ᠬᠡᠤᠭᠡᠳ ᠤᠨ ᠡᠪᠡᠳᠴᠢᠨ ᠤ ᠰᠠᠯᠠᠭ᠎ᠠ ᠶᠢᠨ ᠪᠠᠶᠢᠭᠤᠯᠤᠯᠲᠠ᠂ ᠠᠮᠢᠳᠤᠷᠠᠯ ᠤᠨ ᠬᠤᠭ ᠨᠤᠪᠰᠢ ᠶᠢ ᠲᠦᠷᠦᠯ ᠠᠩᠬᠢᠯᠠᠬᠤ᠂ ᠤᠯᠠᠮᠵᠢᠯᠠᠯᠲᠤ ᠬᠤᠪᠴᠠᠰᠤ ᠵᠠᠰᠠᠯ ᠤᠨ ᠠᠵᠢᠯ ᠢ ᠦᠢᠯᠡᠰᠵᠢᠬᠦᠯᠬᠦ ᠵᠡᠷᠭᠡ ᠲᠠᠯ᠎ᠠ ᠶᠢᠨ ᠠᠭᠤᠯᠭ᠎ᠠ ᠳᠤ ᠬᠤᠯᠪᠤᠬᠳᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ ᠳᠤ ᠴᠢᠬᠤᠯᠠ ᠯᠠᠪᠯᠠᠯᠲᠠ ᠶᠢᠨ ᠦᠨ᠎ᠡ ᠴᠠᠨ᠎ᠠ ᠲᠠᠢ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号