ᠯᠢ ᠵᠢᠶᠠ ᠤᠯᠠᠭᠠᠨᠬᠠᠳᠠ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠲᠦᠯᠦᠬᠡᠯᠡᠭᠴᠢᠳ ᠲᠠᠢ ᠬᠠᠮᠳᠤᠪᠡᠷ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2018/1/26
     1 ᠳ᠋ᠤᠭᠡᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠲᠡᠬᠦᠨ ᠎ ᠤ ᠪᠠᠶᠢᠭ᠎ᠠ ᠤᠯᠠᠭᠠᠨᠬᠠᠳᠠ ᠬᠤᠳᠠ ᠶᠢᠨ ᠲᠦᠯᠦᠭᠡᠯᠡᠭᠴᠢᠳ ᠤᠨ ᠪᠦᠯᠬᠦᠮ ᠳᠡᠭᠡᠨ ᠬᠦᠷᠴᠦ᠂ ᠲᠦᠯᠦᠭᠡᠯᠡᠭᠴᠢᠳ ᠲᠠᠢ ᠬᠠᠮᠳᠤᠪᠡᠷ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠦᠪᠯᠡᠪᠡ᠃      ᠲᠦᠯᠦᠭᠡᠯᠡᠭᠴᠢᠳ ᠤᠨ ᠬᠡᠯᠡᠬᠦ ᠶᠢ ᠰᠤᠨᠤᠰᠤᠬᠰᠠᠨ ᠤ ᠲᠠᠷᠠᠭ᠎ᠠ ᠯᠢ ᠵᠢᠶᠠ᠂ ᠵᠠᠰᠠᠬ ᠤᠨ ᠤᠷᠳᠤᠨ ᠤ ᠠᠵᠢᠯ ᠎ ᠤᠨ ᠢᠯᠡᠳᠬᠡᠯ ᠳᠤ ᠠᠮᠵᠢᠯᠳᠠ ᠪᠠᠨ ᠳ᠋ᠦᠩᠨᠡᠭᠦ ᠳᠡᠭᠡᠨ ᠦᠨᠡᠨ ᠠᠴᠠ ᠵᠦᠪ ᠢ ᠡᠷᠢᠵᠦ᠂ ᠪᠠᠶᠢᠳᠠᠯ ᠢ ᠵᠠᠳᠠᠯᠤᠬᠰᠠᠨ ᠨᠢ ᠬᠦᠨᠵᠡᠬᠡᠢ ᠲᠤᠤᠱᠳᠠᠢ᠂ ᠲᠤᠷᠠᠳᠤᠬᠰᠠᠨ ᠬᠠᠷᠠᠯᠳᠠ ᠨᠢ ᠦᠨᠡᠨᠬᠦ ᠬᠡᠷᠡᠭᠵᠢᠬᠦᠯᠦᠭᠦᠰᠢᠳᠡᠢ᠂ ᠠᠵᠢᠯ ᠢᠶᠠᠨ ᠪᠠᠶᠢᠷᠢᠯᠠᠭᠤᠯᠤᠬᠰᠠᠨ ᠨᠢ ᠤᠨᠤᠪᠴᠢᠳᠠᠢ ᠪᠣᠯᠵᠣ᠂ ᠪᠤᠳᠠᠳᠤ ᠦᠷ᠎ᠠ ᠪᠦᠲᠦᠮᠵᠢ ᠶᠢ ᠡᠷᠬᠢᠮᠯᠡᠭᠰᠡᠨ᠂ ᠪᠤᠳᠠᠳᠠᠢ ᠲᠠᠢ ᠤᠶᠢᠷᠠᠳᠤᠬᠰᠠᠨ᠂ ᠠᠷᠠᠳ ᠤᠨ ᠰᠡᠳᠬᠢᠯ ᠢ ᠨᠢᠬᠳᠠᠷᠠᠭᠤᠯᠤᠬᠰᠠᠨ᠂ ᠡᠷᠴᠢ ᠵᠤᠷᠢᠬ ᠢ ᠬᠦᠪᠴᠢᠯᠡᠭᠰᠡᠨ ᠰᠠᠶᠢᠨ ᠢᠯᠡᠳᠬᠡᠯ ᠪᠤᠯᠵᠠᠢ᠃ 2017 ᠣᠨ ᠳᠤ ᠮᠠᠨ ᠤ ᠤᠷᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠨ ᠪᠡᠯᠬᠡᠯᠡᠬᠦ ᠪᠠᠷ ᠬᠦᠴᠦᠷᠭᠡᠭ ᠶᠡᠭᠡ ᠬᠦᠳᠡᠯᠬᠡᠬᠦ ᠬᠦᠴᠦᠨ ᠪᠤᠯᠭᠠᠵᠦ᠂ ᠲᠤᠭᠳᠠᠭᠤᠨ ᠤ ᠳᠣᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ᠂ ᠲᠦᠭᠰᠢᠬᠦᠷᠢ ᠶᠢ ᠰᠡᠷᠬᠡᠶᠢᠯᠡᠬᠦ ᠡᠯ᠎ᠠ ᠵᠦᠢᠯ ᠤᠨ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠬᠢᠵᠦ᠂ ᠠᠵᠦ ᠠᠬᠤᠢ ᠶᠢᠨ ᠡᠷᠬᠢᠯᠳᠡ ᠲᠤᠭᠳᠠᠭᠤᠨ ᠮᠦᠷᠳᠡᠭᠡᠨ ᠡᠵᠡᠮᠳᠡᠵᠦ ᠳᠡᠶᠢᠯᠬᠦ ᠬᠡᠪᠴᠢᠶᠡᠨ ᠳᠤ ᠣᠷᠣᠰᠢᠵᠣ᠂ ᠠᠵᠦ ᠠᠬᠤᠢ ᠶᠢᠨ ᠪᠦᠲᠦᠴᠡ ᠲᠠᠰᠤᠷᠠᠯᠳᠠ ᠦᠬᠡᠢ ᠰᠢᠯᠢᠳᠡᠭᠵᠢᠵᠦ᠂ ᠶᠠᠰᠤ ᠴᠢᠨᠠᠷ ᠦᠷ᠎ᠠ ᠠᠰᠢᠬ ᠢᠯᠡᠷᠬᠡᠢ ᠲᠡᠭᠡᠭᠰᠢᠯᠡᠵᠦ᠂ ᠬᠦᠭᠵᠢᠯᠳᠡ ᠶᠢᠨ ᠬᠦᠳᠡᠯᠬᠡᠬᠦ ᠴᠢᠳᠠᠪᠤᠷᠢ ᠢᠳᠡᠭ ᠢᠳᠡᠭ ᠢᠶᠠᠷ ᠴᠢᠩᠭᠠᠷᠠᠵᠦ᠂ ᠠᠵᠦ ᠠᠬᠤᠢ ᠨᠡᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠭᠰᠡᠨ ᠶᠡᠭᠡ ᠰᠠᠶᠢᠨ ᠪᠠᠶᠢᠳᠠᠯ ᠢ ᠪᠠᠲᠤᠯᠠᠵᠠᠢ᠃ ᠡᠶᠢᠮᠦᠷᠬᠦ ᠠᠮᠵᠢᠯᠳᠠ ᠪᠦᠲᠦᠮᠵᠢ ᠶᠢ ᠤᠯᠤᠬᠰᠠᠨ ᠨᠢ ᠮᠠᠰᠢ ᠬᠢᠯᠪᠠᠷ ᠪᠤᠰᠤ ᠪᠠᠶᠢᠵᠦ᠂ ᠬᠤᠶᠢᠰᠢᠳᠠ ᠶᠢᠨ ᠮᠠᠨ ᠤ ᠤᠷᠤᠨ ᠤ ᠰᠢᠨ᠎ᠠ ᠨᠢᠬᠡᠨ ᠡᠬᠡᠯᠵᠢ ᠶᠢᠨ ᠬᠦᠭᠵᠢᠯᠳᠡ ᠳᠤ ᠰᠠᠶᠢᠨ ᠰᠠᠶᠢᠬᠠᠨ ᠨᠦᠬᠦᠴᠡᠯ ᠢ ᠡᠬᠦᠳᠦᠨ ᠦᠭᠴᠡᠢ᠃ ᠤᠳᠤᠬᠠᠨ ᠳᠤ ᠮᠠᠨ ᠤ ᠤᠷᠤᠨ ᠤ ᠬᠦᠭᠵᠢᠯᠳᠡ ᠶᠢᠨ ᠰᠠᠭᠤᠷᠢ ᠬᠤᠪᠢᠷᠠᠭᠰᠠᠨ ᠦᠭᠡᠢ᠂ ᠬᠦᠭᠵᠢᠯᠳᠡ ᠶᠢᠨ ᠲᠠᠪᠠᠭᠤᠯᠢᠭ ᠬᠤᠪᠢᠷᠠᠭᠰᠠᠨ ᠦᠭᠡᠢ᠂ ᠬᠦᠭᠵᠢᠯᠳᠡ ᠶᠢᠨ ᠤᠷᠴᠢᠨ ᠲᠤᠭᠤᠷᠢᠨ ᠴᠦ ᠬᠤᠪᠢᠷᠠᠭᠰᠠᠨ ᠦᠭᠡᠢ᠂ ᠬᠠᠮᠤᠬ ᠤᠨ ᠵᠠᠩᠬᠢᠯᠠᠭ᠎ᠠ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠰᠢ ᠶᠢᠨ ᠫᠢᠩ ᠎ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠪᠦᠬᠦᠢ ᠨᠡᠶᠢᠬᠡᠮ ᠵᠢᠷᠤᠮ ᠤᠨ ᠠᠵᠦ ᠠᠬᠤᠢ ᠶᠢᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠᠶᠢᠬᠤ ᠪᠣᠯᠬᠤᠷ ᠦᠪᠦᠷ ᠮᠤᠩᠭᠤᠯ ᠤᠨ ᠬᠦᠭᠵᠢᠯᠳᠡ ᠶᠢᠨ ᠢᠷᠡᠬᠡᠳᠦᠢ ᠨᠡᠩ ᠰᠠᠶᠢᠨ ᠰᠠᠶᠢᠬᠠᠨ ᠪᠠᠶᠢᠬᠤ ᠨᠢ ᠯᠠᠪᠳᠠᠢ᠃ ᠪᠢᠳᠡ ᠵᠠᠪᠠᠯ ᠤᠳᠤᠬᠠᠨ ᠤ ᠪᠠᠶᠢᠳᠠᠯ ᠢ ᠵᠦᠪ ᠢᠶᠠᠷ ᠲᠠᠨᠢᠵᠦ᠂ ᠬᠦᠭᠵᠢᠯᠳᠡ ᠶᠢᠨ ᠢᠳᠡᠬᠡᠯ ᠵᠤᠷᠢᠬ ᠢᠶᠠᠨ ᠢᠮᠠᠭᠳᠠ ᠪᠠᠲᠤᠳᠬᠠᠬᠤ ᠬᠡᠷᠡᠭᠳᠡᠢ ᠬᠡᠪᠡ᠃      ᠯᠢ ᠵᠢᠶᠠ᠂ ᠬᠤᠶᠢᠰᠢᠳᠠ ᠶᠢᠨ ᠲᠠᠪᠤᠨ ᠵᠢᠯ᠂ ᠤᠨᠴᠠᠭᠠᠶᠢᠯᠠᠨ 2018 ᠣᠨ ᠳᠤ ᠪᠢᠳᠡ ᠬᠦᠴᠢᠷᠳᠡᠯ ᠪᠠ ᠲᠠᠷᠤᠯᠳᠠ ᠶᠢᠨ ᠡᠮᠦᠨ᠎ᠠ ᠵᠤᠷᠢᠬ ᠮᠣᠬᠤᠬᠤ ᠦᠬᠡᠢ᠂ ᠡᠷᠴᠢ ᠰᠤᠯᠠᠷᠠᠬᠤ ᠦᠬᠡᠢ ᠪᠠᠶᠢᠵᠦ᠂ ᠴᠢᠨᠠᠬᠰᠢᠳᠠ ᠡᠷᠴᠢ ᠵᠤᠷᠢᠬ ᠢᠶᠠᠨ ᠬᠦᠪᠴᠢᠯᠡᠨ ᠢᠳᠡᠭᠡᠯ ᠵᠣᠷᠢᠭ ᠢᠶᠠᠨ ᠪᠠᠳᠣᠳᠬᠠᠵᠣ᠂ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠨ ᠪᠤᠳᠠᠳᠠᠢ ᠠᠵᠢᠯᠯᠠᠵᠦ᠂ ᠬᠡᠵᠢᠶᠡᠳᠡ ᠴᠠᠯᠠᠭᠠᠶᠢᠳᠠᠬᠤ ᠦᠬᠡᠢ ᠣᠶᠣᠨ ᠰᠠᠨᠠᠭᠠᠨ ᠤ ᠳᠦᠷᠰᠦ ᠪᠠᠶᠢᠳᠠᠯ ᠪᠠ ᠴᠤᠴᠠᠯᠳᠠ ᠦᠬᠡᠢ ᠤᠷᠤᠬᠰᠢᠯᠠᠬᠤ ᠴᠢᠷᠮᠠᠶᠢᠨ ᠲᠡᠮᠡᠴᠡᠬᠦ ᠣᠪᠣᠷ ᠪᠠᠶᠢᠳᠠᠯ ᠢᠶᠠᠨ ᠪᠠᠲᠤᠯᠠᠵᠦ᠂ ᠨᠡᠩ ᠶᠡᠭᠡ ᠡᠷᠴᠢ ᠵᠤᠷᠢᠬ᠂ ᠨᠡᠩ ᠴᠢᠩᠭ᠎ᠠ ᠡᠷᠴᠢᠮ ᠢᠶᠠᠷ ᠲᠦᠪ ᠤᠨ ᠲᠦᠷᠦ ᠶᠢᠨ ᠪᠤᠳᠤᠯᠭ᠎ᠠ ᠴᠢᠭᠯᠡᠯᠳᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠣ᠂  ᠦᠪᠡᠷᠳᠡᠬᠡᠨ ᠵᠠᠰᠠᠬᠤ ᠤᠷᠤᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢᠨ ᠪᠤᠳᠠᠳᠠᠢ ᠳᠤ ᠨᠠᠶᠢᠳᠠᠪᠤᠷᠢᠵᠢᠭᠤᠯᠤᠬᠳᠠᠬᠤ ᠶᠢ ᠰᠠᠶᠢᠳᠤᠷ ᠠᠳᠬᠤᠵᠣ᠂ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠬᠤ ᠬᠡᠷᠡᠭᠳᠡᠢ᠃ ᠪᠤᠳᠠᠳᠠᠢ ᠠᠵᠢᠯ ᠤᠨ ᠲᠤᠮᠳᠠ ᠪᠠᠨ ᠭᠤᠤᠯᠳᠠᠯᠭ᠎ᠠ ᠶᠢ ᠠᠳᠬᠤᠬᠤ᠂ ᠲᠤᠳᠠᠭᠤᠳᠠᠯ ᠢ ᠨᠦᠬᠦᠪᠦᠷᠢᠯᠡᠬᠦ᠂ ᠪᠠᠭᠤᠷᠠᠢ ᠶᠢ ᠴᠢᠩᠭᠠᠳᠬᠠᠬᠤ ᠶᠢ ᠲᠤᠪᠤᠶᠢᠯᠭᠠᠨ᠂ ︽ᠭᠤᠷᠪᠠᠨ ᠰᠢᠪᠲᠤᠯᠤᠯᠲᠠ ᠶᠢᠨ ᠲᠠᠶᠢᠯᠠᠯᠳᠤᠭᠠᠨ︾᠎ ᠢ ᠡᠷᠡᠰ ᠰᠠᠶᠢᠳᠤᠷ ᠬᠢᠬᠦ ᠬᠡᠷᠡᠭᠳᠡᠢ︔ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ᠂ ᠲᠦᠯᠦᠪᠵᠢᠬᠦᠯᠬᠡ ᠪᠠᠷ ᠬᠦᠲᠦᠯᠦᠨ ᠳᠠᠭᠠᠭᠤᠯᠬᠤ᠂ ᠦᠬᠡᠷᠡᠴᠢᠯᠡᠯᠳᠡ ᠬᠢᠵᠦ ᠰᠢᠨ᠎ᠠ ᠶᠢ ᠡᠬᠦᠳᠬᠦ ᠶᠢ ᠪᠠᠷᠢᠮᠳᠠᠯᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠵᠦ᠂ ᠰᠢᠨ᠎ᠠ ᠴᠠᠬ ᠦᠶ᠎ᠠ ᠶᠢᠨ ︽ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾᠎ ᠤ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号