1 ᠳ᠋ᠤᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠦᠷᠢᠯᠳᠦᠭᠦᠨ 70 ᠬᠦᠮᠦᠨ ᠪᠣᠢ᠂ 68 ᠬᠦᠮᠦᠨ ᠨᠢ ᠡᠨᠡ ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ | ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠯᠢ ᠵᠢᠢ ᠾᠸᠡᠭ | ᠬᠤᠷᠠᠯ ᠢ ᠡᠷᠬᠢᠯᠡᠵᠠᠢ᠃ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠽᠸᠡᠭ ᠢ ᠴᠦᠨ᠂ | ᠨᠠᠰᠤᠨᠮᠦ᠋ᠡᠭᠭᠡ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠸᠠᠩ ᠪᠦᠸᠧ᠂ ᠾᠧ ᠶᠠᠨ ᠯᠢᠩ | ᠬᠤᠷᠠᠯ ᠳᠤ ᠤᠷᠤᠯᠴᠠᠵᠠᠢ᠃ | ᠬᠤᠷᠠᠯ ᠠᠴᠠ᠂ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠬ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠪᠤᠤ ᠵᠧᠨ ᠢᠤᠢ ᠶᠢᠨ ᠬᠠᠷᠢᠭᠤ ᠮᠡᠳᠡᠭᠦᠯᠦᠭᠰᠡᠨ | ᠡᠯ᠎ᠠ ᠲᠦᠯᠦᠭᠡᠯᠡᠭᠴᠢᠳ ᠤᠨ ᠪᠦᠯᠭᠦᠮ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠠ ᠲᠦᠯᠦᠪᠯᠡᠭᠡ᠂ | ᠲᠦᠰᠦᠪ ᠤᠨ ᠮᠡᠳᠡᠭᠦᠯᠦᠯᠳᠡ ᠶᠢ ᠬᠢᠨᠠᠨ ᠵᠦᠪᠯᠡᠭᠰᠨᠨ ᠪᠠᠶᠢᠳᠠᠯ ᠵᠢᠴᠢ ᠵᠠᠰᠠᠬ ᠤᠨ ᠤᠷᠳᠤᠨ ᠤ ᠠᠵᠢᠯ ᠤᠨ ᠢᠯᠡᠳᠭᠡᠯ | ᠪᠠ ᠲᠦᠯᠦᠪᠯᠡᠭᠡ᠂ ᠲᠦᠰᠦᠪ ᠤᠨ ᠮᠡᠳᠡᠭᠦᠯᠦᠯᠳᠡ ᠳᠤ ᠵᠠᠰᠠᠪᠤᠷᠢ ᠤᠷᠤᠭᠤᠯᠬᠤ ᠲᠤᠬᠠᠢ ᠵᠠᠰᠠᠬ ᠤᠨ ᠤᠷᠳᠤᠨ ᠤ | ᠪᠠᠶᠢᠡᠭᠭᠤ ᠶᠢᠨ ᠬᠤᠷᠠᠯ ᠤᠨ ᠰᠠᠨᠠᠯ ᠢ ᠰᠤᠨᠤᠰᠴᠤ᠂ ᠵᠠᠰᠠᠪᠤᠷᠢ ᠤᠷᠤᠭᠤᠯᠤᠬᠰᠠᠨ ᠤ ᠲᠠᠷᠠᠭᠠᠭᠢ ᠵᠠᠰᠠᠬ ᠤᠨ ᠤᠷᠳᠤᠨ ᠤ | ᠠᠵᠢᠯ ᠤᠨ ᠢᠯᠡᠳᠭᠡᠯ ᠢ ᠪᠦᠭᠦ ᠲᠦᠯᠦᠭᠡᠯᠡᠭᠴᠢ ᠳᠤ ᠲᠠᠷᠤᠮᠠᠯᠯᠠᠨ ᠲᠠᠷᠬᠠᠭᠠᠬᠤ ᠪᠠᠷ ᠲᠤᠬᠳᠠᠪᠠ᠃ | ᠬᠤᠷᠠᠯ ᠠᠴᠠ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠸᠡᠭ | ᠢ ᠴᠦᠨ ᠤ ᠬᠢᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢᠳ ᠪᠠ ᠦᠪᠡᠷᠳᠡᠭᠡᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠪᠦᠷᠢᠯᠳᠦᠭᠦᠨ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠲᠡᠳ᠋ ᠲᠡᠷᠢᠭᠦᠯᠡᠭᠴᠢ᠂ | ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢᠨ ᠵᠢᠱᠢᠭᠳᠡᠭᠰᠠᠳ ᠤᠨ ᠰᠠᠨᠠᠭᠤᠯᠭ᠎ᠠ ᠶᠢᠨ ᠨᠡᠷᠡᠰ ᠤᠨ ᠲᠤᠬᠠᠢ | ᠲᠤᠲᠤᠷᠬᠠᠶᠢᠯᠠᠯᠲᠠ ᠶᠢ ᠰᠤᠨᠤᠰᠪᠠ᠃ | ᠬᠤᠷᠠᠯ ᠠᠴᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠠᠴᠠ ᠲᠤᠷᠠᠳᠤᠬᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢᠳ ᠤᠨ ᠵᠢᠱᠢᠭᠳᠡᠭᠰᠠᠳ ᠤᠨ | ᠨᠡᠷᠡᠰ︾ ᠢ ᠪᠠᠳᠤᠯᠠᠵᠦ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠠᠴᠠ ᠲᠤᠷᠠᠳᠤᠬᠰᠠᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ᠂ | ᠲᠡᠳ᠋ ᠡᠷᠬᠢᠯᠡᠭᠴᠢ᠂ ᠨᠠᠷᠢᠨ ᠪᠢᠴᠢᠭ ᠤᠨ ᠲᠠᠷᠤᠭ᠎ᠠ᠂ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ | ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢᠨ ᠵᠢᠱᠢᠭᠳᠡᠭᠰᠡᠳ ᠤᠨ ᠨᠡᠷᠡᠰ︾ | ᠢ ᠪᠠᠳᠤᠯᠠᠵᠦ᠂ ᠳᠡᠭᠡᠷᠡᠬᠢ ᠪᠠᠳᠤᠯᠠᠬᠰᠠᠨ ᠤ ᠲᠠᠷᠠᠭᠠᠬᠢ ᠨᠡᠷᠡᠰ ᠢ ᠲᠡᠷᠢᠭᠦᠯᠡᠭᠴᠢᠳ ᠤᠨ ᠪᠦᠯᠭᠦᠮ ᠠᠴᠠ ᠨᠡᠷ᠎ᠠ | ᠲᠤᠷᠠᠳᠤᠬᠰᠠᠨ ᠵᠢᠱᠢᠭᠳᠡᠭᠰᠠᠳ ᠤᠨ ᠨᠡᠷᠡᠰ ᠪᠤᠯᠭᠠᠨ ᠪᠦᠭᠦ ᠲᠦᠯᠦᠭᠡᠯᠡᠭᠴᠢ ᠳᠤ ᠲᠠᠷᠤᠮᠠᠯᠯᠠᠨ ᠲᠠᠷᠬᠠᠭᠠᠵᠣ | ᠵᠦᠪᠳᠡᠭᠦᠯᠦᠨ ᠶᠠᠷᠢᠯᠴᠠᠭᠤᠯᠬᠤ ᠪᠠᠷ ᠲᠤᠬᠳᠠᠪᠠ᠃ | ᠬᠤᠷᠠᠯ ᠠᠴᠠ ︽ᠲᠦᠯᠦᠭᠡᠯᠡᠭᠴᠢᠳ ᠬᠤᠯᠪᠣᠭᠠᠯᠠᠨ ᠡᠯ᠎ᠠ ᠵᠢᠱᠢᠭᠳᠡᠭᠰᠡᠳ ᠢ ᠳᠣᠷᠠᠳᠬᠤ ᠬᠠᠮᠤᠭ ᠡᠴᠦᠰ ᠤᠨ | ᠴᠠᠬ ᠤᠨ ᠬᠢᠵᠠᠭᠠᠷ ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠲᠤᠬᠳᠠᠭᠠᠯ︾ ᠢ ᠪᠠᠳᠤᠯᠠᠵᠦ᠂ ᠪᠠᠳᠤᠯᠠᠬᠰᠠᠨ ᠤ ᠲᠠᠷᠠᠭᠠᠬᠢ ᠲᠤᠬᠳᠠᠭᠠᠯ ᠢ ᠪᠦᠭᠦ | ᠲᠦᠯᠦᠭᠡᠯᠡᠭᠴᠢ ᠳᠤ ᠲᠠᠷᠤᠮᠠᠯᠯᠠᠨ ᠲᠠᠷᠬᠠᠭᠠᠬᠤ ᠪᠠᠷ ᠪᠤᠯᠪᠠ᠃ ᠲᠦᠯᠦᠭᠡᠯᠡᠭᠴᠢᠳ ᠬᠤᠯᠪᠣᠭᠠᠯᠠᠨ ᠡᠯ᠎ᠠ | ᠵᠢᠱᠢᠭᠳᠡᠭᠰᠡᠳ ᠢ ᠳᠣᠷᠠᠳᠬᠤ ᠬᠠᠮᠤᠭ ᠡᠴᠦᠰ ᠤᠨ ᠴᠠᠬ ᠤᠨ ᠬᠢᠵᠠᠭᠠᠷ ᠢ 2018 ᠤᠨ ᠤ 1 ᠳ᠋ᠤᠭᠡᠷ ᠰᠠᠷ᠎ᠠ ᠶᠢᠨ | 28 ᠤ ᠡᠳᠦᠷ ᠤᠨ 17 ᠴᠠᠬ ᠢᠶᠠᠷ ᠲᠤᠬᠳᠠᠭᠠᠪᠠ᠃ |