12 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭᠠᠨ ᠤ ᠲᠣᠪᠴᠢᠶ᠎ᠠ᠂ ᠳᠤᠮᠳᠠᠳᠤ ᠤᠯᠤᠰ ᠤᠨ ᠨᠦᠬᠡᠴᠡ ᠠᠮᠤ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ | ᠪᠥᠬᠦ ᠣᠷᠣᠨ ᠤ ᠠᠮᠤ ᠪᠤᠳᠠᠭᠠᠨ ᠤ ᠰᠢᠰᠲ᠋ᠧᠮ ᠤᠨ ᠬᠢᠨ ᠤ ᠠᠮᠤᠷ ᠲᠦᠪᠰᠢᠨ ᠢᠶᠠᠷ ᠠᠮᠤ ᠪᠤᠳᠠᠭ᠎ᠠ ᠨᠥᠭᠡᠴᠡᠯᠡᠬᠦ ᠪᠠ | ᠠᠶᠤᠯ ᠦᠭᠡᠢ ᠦᠢᠯᠡᠳᠪᠦᠷᠢᠯᠡᠯ ᠤᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠪᠠ᠃ ᠬᠤᠷᠠᠯ ᠤᠨ ᠭᠤᠣᠯ | ᠠᠭᠤᠯᠭ᠎ᠠ ᠪᠣᠯ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ︽2018 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠣᠯᠣᠨ ᠤᠯᠤᠰ ᠤᠨ ᠠᠮᠤ ᠪᠤᠳᠠᠭᠠᠨ ᠤ ᠲᠣᠪᠴᠢᠶ᠎ᠠ ᠶᠢᠨ ︽2018 | ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠪᠣᠯᠤᠨ ᠬᠤᠶᠠᠷ ᠬᠤᠷᠠᠯ ᠤᠨ ᠬᠤᠭᠤᠴᠠᠭᠠᠨ ᠳᠤ ᠠᠮᠤᠷ | ᠲᠦᠪᠰᠢᠨ ᠢᠶᠠᠷ ᠠᠮᠤ ᠪᠤᠳᠠᠭ᠎ᠠ ᠨᠥᠭᠡᠴᠡᠯᠡᠬᠦ ᠪᠠ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ | ᠠᠵᠢᠯ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠢᠶᠠᠷ ᠠᠮᠤ ᠪᠤᠳᠠᠭ᠎ᠠ ᠨᠥᠭᠡᠴᠡᠯᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠨ᠂ ᠠᠮᠤ ᠪᠤᠳᠠᠭᠠᠨ ᠤ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠳᠥᠷᠢᠮᠵᠢᠭᠦᠯᠵᠦ ᠬᠡᠪᠵᠢᠭᠦᠯᠬᠦ ᠶᠢ ᠲᠥᠯᠬᠢᠨ ᠠᠬᠢᠭᠤᠯᠬᠤ ᠶᠠᠪᠤᠳᠠᠯ ᠪᠣᠯᠣᠨ᠎ᠠ᠃ | ᠬᠤᠷᠠᠯ ᠠᠴᠠ ᠣᠳᠣᠬᠠᠨ ᠤ ᠪᠦᠬᠦ ᠣᠷᠣᠨ ᠤ ᠠᠮᠤ ᠪᠤᠳᠠᠭᠠᠨ ᠤ ᠰᠢᠰᠲ᠋ᠧᠮ ᠤᠨ ᠬᠢᠨ ᠤ ᠠᠮᠤᠷ | ᠲᠦᠪᠰᠢᠨ ᠢᠶᠠᠷ ᠠᠮᠤ ᠪᠤᠳᠠᠭ᠎ᠠ ᠨᠥᠭᠡᠴᠡᠯᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ | ᠲᠤᠬᠠᠶ ᠭᠤᠷᠪᠠᠨ ᠰᠠᠨᠠᠯ ᠳᠤᠷᠠᠳᠪᠠ᠄ ᠨᠢᠭᠡ ᠳᠤ ᠨᠠᠮ ᠪᠣᠯᠣᠨ ᠠᠷᠠᠳ ᠲᠦᠮᠡᠨ ᠤ ᠦᠢᠯᠡᠰ ᠲᠤ ᠲᠦᠢᠯ ᠤᠨ | ᠬᠠᠷᠢᠭᠤᠴᠠᠯᠭ᠎ᠠ ᠲᠠᠢ ᠬᠠᠨᠳᠤᠬᠤ ᠣᠪᠣᠷ ᠢᠶᠠᠷ᠂ ︽ᠬᠤᠶᠠᠷ ᠠᠮᠤᠷ ᠲᠦᠪᠰᠢᠨ︾ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠢ︔ ᠬᠤᠶᠠᠷ ᠲᠤ ᠲᠡᠮᠦᠷ ᠳᠡᠭᠡᠷ᠎ᠡ ᠣᠷᠣ ᠭᠠᠷᠳᠠᠯ᠎ᠠ᠂ ᠴᠢᠯᠠᠭᠤᠨ ᠳᠡᠭᠡᠷ᠎ᠡ ᠮᠥᠷ ᠭᠠᠷᠲᠠᠯ᠎ᠠ | ᠠᠳᠬᠤᠬᠤ ᠵᠣᠷᠢᠭ ᠰᠠᠨᠠᠭ᠎ᠠ ᠪᠠᠷ ︽ᠬᠤᠶᠠᠷ ᠠᠮᠤᠷ ᠲᠦᠪᠰᠢᠨ︾ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ | ᠨᠢᠭᠡᠳᠦᠭᠡᠷ ᠭᠠᠷ ᠬᠠᠷᠢᠭᠤᠴᠠᠬᠤ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠪᠣᠯ ᠨᠢᠭᠡᠳᠦᠭᠡᠷ ᠬᠠᠷᠢᠭᠤᠴᠠᠯᠭᠠᠲᠤ | ᠭᠤᠣᠯ ᠴᠣᠭᠴᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭᠠᠲᠤ ᠬᠥᠮᠦᠨ ᠭᠡᠳᠡᠭ ᠢ | ᠴᠢᠬᠤᠯᠠᠴᠢᠯᠠᠬᠤ ᠬᠡᠷᠡᠭᠲᠡᠢ︔ ᠭᠤᠷᠪᠠ ᠳᠤ ︽ᠥᠴᠦᠬᠡᠨ ᠴᠦ ᠥᠯᠥ ᠨᠠᠶᠢᠷ ᠲᠠᠯᠪᠢᠬᠤ︾ ᠣᠪᠣᠷ ᠢᠶᠠᠷ ︽ᠬᠤᠶᠠᠷ | ᠠᠮᠤᠷ ᠲᠦᠪᠰᠢᠨ︾ ᠤ ᠡ᠊ᠨᠳᠡᠯ ᠤᠨ ᠲᠠᠯᠳᠠ ᠭᠡᠮ ᠢ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠨ ᠡ᠊ᠨᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠷᠢᠮᠵᠢᠶ᠎ᠠ ᠪᠠᠷ | ᠪᠠᠷᠢᠮᠲᠠ ᠪᠣᠯᠭᠠᠨ ᠡ᠊ᠨᠳᠡᠯ ᠤᠨ ᠲᠠᠯᠳᠠ ᠭᠡᠮ ᠢ ᠰᠡᠷᠭᠡᠶᠢᠯᠡᠬᠦ᠂ ᠴᠢᠬᠤᠯᠠ ᠵᠠᠩᠭᠢᠯᠠᠭ᠎ᠠ ᠪᠤᠶᠤ ᠬᠡᠰᠡᠭ ᠲᠠᠯ᠎ᠠ ᠪᠠᠷ | ᠭᠤᠣᠯᠳᠠᠯᠭ᠎ᠠ ᠪᠣᠯᠭᠠᠨ ᠡ᠊ᠨᠳᠡᠯ ᠤᠨ ᠲᠠᠯᠳᠠ ᠭᠡᠮ ᠢ ᠲᠤᠰᠬᠠᠶᠢᠯᠠᠨ ᠵᠠᠰᠠᠬᠤ ᠶᠢ ᠴᠢᠬᠤᠯᠠᠴᠢᠯᠠᠬᠤ ᠬᠡᠷᠡᠭᠲᠡᠶ᠃ ᠠᠮᠤᠷ | ᠲᠦᠪᠰᠢᠨ ᠤ ᠲᠤᠬᠠᠶ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠬᠠᠤᠯᠢ ᠴᠠᠭᠠᠵᠠ ᠶᠢᠨ ᠤᠬᠠᠮᠰᠠᠷ ᠢᠶᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ | ᠬᠦ ᠪᠠᠲᠤᠯᠠᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠦᠷ᠎ᠡ | ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠥᠮᠦᠨ ᠢᠶᠠᠷ | ᠦᠨᠳᠦᠰᠦ ᠪᠣᠯᠭᠠᠨ᠂ ᠠᠮᠤᠷ ᠲᠦᠪᠰᠢᠨ ᠬᠥᠭᠵᠢᠭᠦᠯᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠨ᠂ ᠱᠠᠳᠤ | ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠬᠡᠷᠡᠭᠵᠢᠭᠦᠯᠵᠦ᠂ ᠠᠵᠢᠯ ᠲᠦᠷᠦᠯ ᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ | ᠠᠮᠤᠷ ᠲᠥᠪᠰᠢᠨ ᠢ ᠬᠠᠮᠢᠶᠠᠷᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ᠠᠵᠤ ᠠᠬᠤᠶᠢᠯᠠᠯ ᠨᠢ ᠪᠦᠬᠦ ᠠᠵᠢᠯᠲᠠᠳ ᠤᠨ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ᠂ ᠰᠤᠷᠭᠠᠨ ᠬᠦᠮᠦᠵᠢᠯ ᠤᠨ ᠪᠣᠯᠪᠠᠰᠤᠷᠠᠭᠤᠯᠤᠯ᠂ | ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ᠂ ᠪᠡᠯᠠ ᠮᠦᠩᠭᠦᠨ ᠤ ᠣᠷᠤᠭᠤᠯᠤᠯᠲᠠ᠂ ᠠᠵᠢᠯ | ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠲᠤᠯᠠᠭ᠎ᠠ ᠵᠡᠷᠭᠡ ᠬᠠᠮᠢᠶᠠᠷᠤᠯᠲᠠ ᠶᠢᠨ ᠲᠦᠷᠢᠮ ᠤᠨ ᠲᠠᠯ᠎ᠠ ᠪᠠᠷ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ | ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠶ︔ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠬᠢᠨᠠᠯᠲᠠ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠵᠤ᠂ ᠲᠤᠰ ᠠᠵᠢᠯ ᠲᠦᠷᠦᠯ ᠳᠠᠬᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠥᠭᠡᠳ ᠡ᠊ᠨᠳᠡᠯ ᠤᠨ ᠲᠡᠯᠳᠠ ᠭᠡᠮ ᠢ ᠣᠯᠵᠤ ᠮᠡᠳᠡᠪᠡᠯ ᠵᠠᠷᠯᠢᠭᠳᠠᠵᠤ | ᠪᠠᠶᠢᠭᠠᠳ ᠳᠠᠷᠤᠶᠢᠬᠠᠨ ᠠᠷᠢᠯᠭᠠᠭᠤᠯᠬᠤ ᠬᠡᠷᠡᠭᠲᠡᠶ ᠭᠡᠪᠡ᠃ |