ᠦᠪᠦᠷ ᠮᠣᠩᠭᠤᠯ᠄ 2020 ᠣᠨ ᠪᠣᠯᠬᠤ ᠳᠤ ᠤᠳᠤ ᠦᠶ᠎ᠡ ᠶᠢᠨ ᠬᠤᠳᠠᠯᠳᠤᠭᠠᠨ ᠤ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2018/1/3
      ᠬᠥᠮᠦᠨ ᠠᠮᠠ ᠶᠢᠨ ᠨᠠᠰᠤᠵᠢᠯ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠡᠷᠡᠭᠴᠡᠭᠡ ᠶᠢ ᠠᠷᠭᠠᠴᠠᠬᠤ ᠶᠢᠨ ᠲᠥᠯᠥᠭᠡ᠂ ᠥᠪᠥᠷ ᠮᠣᠩᠭᠤᠯ 2020 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠥᠪᠰᠢᠨ ᠯᠤᠭ᠎ᠠ ᠵᠣᠬᠢᠴᠠᠭᠰᠠᠨ ᠬᠤᠳᠠᠯᠳᠤᠭᠠᠨ ᠤ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠰᠢᠰᠲ᠋ᠧᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠤ ᠲᠣᠭᠲᠠᠴᠠ ᠨᠢ ᠪᠦᠷᠢᠨ ᠲᠡᠭᠦᠯᠳᠡᠷ ᠣᠳᠣᠬᠢᠴᠢᠯᠠᠭᠰᠠᠨ ᠬᠤᠳᠠᠯᠳᠤᠭᠠᠨ ᠤ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠢ ᠪᠣᠯᠭᠠᠬᠤ ᠪᠠᠷ ᠲᠥᠯᠥᠪᠯᠡᠵᠦ ᠪᠣᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠠᠷᠠᠭᠠᠬᠢ ᠱᠠᠲᠤᠨ ᠳᠤ ᠥᠪᠥᠷ ᠮᠣᠩᠭᠤᠯ ᠨᠠᠰᠤᠵᠢᠯ ᠤᠨ ᠳᠠᠭᠠᠳᠬᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠤᠣᠯᠳᠠᠯᠭ᠎ᠠ ᠲᠠᠢ ᠪᠣᠶᠢᠵᠢᠭᠤᠯᠵᠤ᠂ ᠣᠷᠣᠨ ᠤ ᠳᠣᠲᠣᠷᠠᠬᠢ ᠨᠥᠬᠦᠴᠡᠯ ᠲᠠᠢ ᠠᠵᠤ ᠠᠬᠤᠶᠢᠯᠠᠯ ᠤᠳ ᠠᠮᠢ ᠨᠠᠰᠤᠨ ᠤ ᠳᠠᠭᠠᠳᠬᠠᠯ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠪᠤᠶᠤ ᠲᠤᠰᠬᠠᠶ ᠮᠡᠷᠭᠡᠵᠢᠯ ᠤᠨ ᠴᠢᠨᠠᠷᠲᠠᠢ ᠨᠠᠰᠤᠵᠢᠯ ᠤᠨ ᠳᠠᠭᠠᠳᠬᠠᠯ ᠤᠨ ᠺᠣᠮᠫᠠᠨᠢ ᠶᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠬᠦᠲᠦᠯᠦᠨ ᠵᠢᠯᠣᠭᠤᠳᠴᠤ ᠪᠠᠶᠢᠭᠠᠳ ᠲᠤᠰᠬᠠᠶ ᠮᠡᠷᠭᠡᠵᠢᠯ ᠤᠨ ᠴᠢᠨᠠᠷᠲᠠᠢ ᠨᠠᠰᠤᠵᠢᠯ ᠤᠨ ᠳᠠᠭᠠᠳᠬᠠᠯ ᠤᠨ ᠪᠠᠶᠢᠭᠤᠯᠤᠮᠵᠢ ᠪᠠᠶᠢᠭᠤᠯᠵᠤ᠂ ᠲᠤᠰᠬᠠᠶ ᠮᠡᠷᠭᠡᠵᠢᠯ ᠤᠨ ᠴᠢᠨᠠᠷᠲᠠᠢ ᠬᠤᠳᠠᠯᠳᠤᠭᠠᠨ ᠤ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠰᠠᠯᠪᠤᠷᠢ ᠪᠠᠶᠢᠭᠤᠯᠤᠮᠵᠢ ᠨᠡᠮᠡᠨ ᠪᠠᠶᠢᠭᠤᠯᠬᠤ ᠎ ᠳᠤᠨᠢ ᠳᠡᠮᠵᠢᠯᠭᠡ ᠦᠵᠡᠭᠦᠯᠦᠨ᠎ᠡ ᠭᠡᠪᠡ᠃      ᠡᠭᠦᠨ ᠤ ᠬᠠᠮᠲᠤ᠂ ᠥᠪᠥᠷ ᠮᠣᠩᠭᠤᠯ ᠪᠠᠰᠠ ᠬᠤᠳᠠᠯᠳᠤᠭᠠᠨ ᠤ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠡᠷᠡᠳᠬᠦᠨ ᠤ ᠬᠠᠩᠭᠠᠯᠭ᠎ᠠ ᠶᠢ ᠨᠡᠮᠡᠭᠳᠡᠭᠦᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠎ ᠨᠢ ᠬᠤᠪᠢ ᠬᠥᠮᠦᠨ ᠪᠣᠯᠣᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠲᠦᠭᠰᠢᠭᠦᠷᠢ ᠶᠢᠨ ᠪᠠᠲᠤᠯᠠᠭ᠎ᠠ᠂ ᠡᠳ᠋ ᠪᠠᠶᠠᠯᠢᠭ ᠤᠨ ᠬᠠᠮᠢᠶᠠᠷᠤᠯᠲᠠ ᠵᠡᠷᠭᠡ ᠲᠠᠯ᠎ᠠ ᠶᠢᠨ ᠬᠡᠷᠡᠭᠴᠡᠭᠡ ᠳᠤ ᠰᠠᠭᠤᠷᠢᠯᠠᠨ᠂ ᠤᠯᠠᠨ ᠶᠠᠩᠵᠣ ᠶᠢᠨ ᠬᠤᠳᠠᠯᠳᠤᠭᠠᠨ ᠤ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠵᠦ᠂ ᠥᠪᠡᠷᠮᠢᠴᠡ ᠣᠨᠴᠠᠯᠢᠭᠲᠤ᠂ ᠵᠥᠷᠢᠶᠡᠲᠦ ᠦᠢᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠤᠨ᠎ᠠ᠃ ᠭᠠᠭᠴᠠ ᠦᠷ᠎ᠡ ᠬᠡᠦᠬᠡᠳ ᠲᠠᠢ ᠪᠠ ᠦᠷ᠎ᠡ ᠬᠡᠦᠬᠡᠳ ᠦᠭᠡᠢ ᠭᠡᠷ ᠪᠦᠯᠢ᠂ ︽ᠭᠠᠨᠢ ᠨᠠᠰᠤᠲᠠᠨ︾᠎ ᠤ ᠭᠡᠷ ᠪᠦᠯᠢ ᠵᠡᠷᠭᠡ ᠣᠨᠴᠠᠭᠠᠶ ᠬᠠᠮᠲᠤᠯᠢᠭ ᠤᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠡᠷᠡᠭᠴᠡᠭᠡ ᠳᠤ ᠴᠢᠭᠯᠡᠭᠦᠯᠦᠨ᠂ ᠤᠯᠠᠨ ᠵᠦᠢᠯ ᠤᠨ ᠳᠠᠭᠠᠳᠬᠠᠯ ᠤᠨ ᠨᠡᠷᠡᠳᠬᠦᠨ ᠪᠣᠯᠣᠨ ᠦᠢᠯᠡᠴᠢᠯᠡᠭᠡ ᠶᠢ ᠬᠠᠮᠤᠷᠤᠭᠰᠠᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠲᠥᠯᠥᠪᠯᠡᠭᠡᠨ ᠤ ᠨᠡᠷᠡᠳᠬᠦᠨ ᠢ ᠰᠦᠪᠡᠭᠴᠢᠯᠡᠨ ᠬᠥᠭᠵᠢᠭᠦᠯᠤᠨ᠎ᠠ᠃        ᠴᠢᠳᠠᠪᠤᠷᠢ ᠪᠠᠨ ᠠᠯᠳᠠᠭᠰᠠᠨ ᠪᠠ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠤᠯ ᠤᠨ ᠤᠷᠳᠤ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠠᠰᠠᠭᠤᠳᠠᠯ ᠤᠨ ᠲᠠᠯ᠎ᠠ ᠪᠠᠷ᠂ ᠥᠪᠥᠷ ᠮᠣᠩᠭᠤᠯ ᠤᠷᠳᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠥᠷᠢᠮ ᠤᠨ ᠲᠤᠷᠰᠢᠯᠲᠠ ᠶᠢᠨ ᠬᠤᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠬᠠᠷᠢᠯᠴᠠᠨ ᠬᠠᠪᠰᠤᠷᠤᠯᠴᠠᠵᠦ ᠬᠠᠮᠲᠤ ᠪᠠᠷ ᠲᠡᠳᠬᠦᠬᠦ᠂ ᠤᠯᠠᠨ ᠵᠦᠢᠯ ᠤᠨ ᠠᠷᠭ᠎ᠠ ᠵᠠᠮ᠂ ᠬᠥᠳᠡᠯᠦᠩᠭᠦᠶ ᠲᠤᠬᠢᠷᠠᠭᠤᠯᠤᠯᠳ᠋ᠨ ᠪᠠᠷ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠪᠠᠶᠢᠭᠤᠯᠬᠤ ᠪᠥᠭᠡᠳ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠨᠢ ᠪᠣᠷᠣᠯᠠᠭᠤᠯᠭ᠎ᠠ ᠰᠠᠶᠢᠲᠠᠶ ᠳᠠᠭᠠᠳᠬᠠᠯ ᠤᠨ ᠨᠡᠷᠡᠳᠬᠦᠨ ᠪᠣᠯᠣᠨ ᠦᠢᠯᠡᠴᠢᠯᠡᠭᠡ ᠶᠢ ᠨᠡᠭᠡᠭᠡᠨ ᠬᠦᠭᠵᠢᠭᠦᠯᠵᠦ᠂ ᠤᠷᠳᠤ ᠬᠤᠭᠤᠴᠠᠭᠠᠨ ᠤ ᠰᠤᠪᠢᠯᠠᠯᠲᠠ ᠶᠢᠨ ᠨᠡᠶᠢᠭᠡᠮ ᠤᠨ ᠳᠠᠭᠠᠳᠬᠠᠯ ᠯᠦᠭᠡ ᠬᠠᠷᠢᠯᠴᠠᠨ ᠵᠣᠯᠭᠠᠭᠤᠯᠤᠭᠰᠠᠨ ᠬᠤᠳᠠᠯᠳᠤᠭᠠᠨ ᠤ ᠦᠢᠯᠡᠰ ᠤᠨ ᠰᠤᠪᠢᠯᠠᠯᠲᠠ ᠶᠢᠨ ᠳᠠᠭᠠᠳᠬᠠᠯ ᠢ ᠬᠥᠭᠵᠢᠭᠦᠯᠦᠨ᠂ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠪᠦᠬᠦᠢ ᠣᠷᠳᠣ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢ ᠨᠢ ᠵᠣᠷᠢᠭᠵᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号