ᠥᠪᠥᠷ ᠮᠣᠩᠭᠤᠯ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 43.5 ᠳ᠋ᠦᠩᠰᠢᠭᠤᠷ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2018/1/3
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠲᠥᠪ ᠤᠨ ᠡᠳ᠋ ᠤᠨ ᠵᠠᠰᠠᠭ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠦᠴᠢᠷᠳᠡᠯᠲᠡᠢ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 43.5 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠪᠠ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠬᠤ ᠵᠡᠷᠭᠡ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠵᠠᠷᠤᠳᠠᠯ ᠳᠤ ᠬᠡᠷᠡᠭᠯᠡᠬᠦ ᠪᠠᠷ ᠪᠤᠯᠪᠠ᠃      2017 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠪᠠ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠦᠩᠭᠦ ᠶᠢ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠥᠨᠥᠴᠢᠨ ᠬᠡᠦᠬᠡᠳ ᠪᠠ ᠠᠶᠢᠽ ᠡᠪᠡᠳᠴᠢᠨ ᠤ ᠸᠢᠷᠦ᠋ᠰ ᠬᠠᠯᠳᠠᠪᠤᠷᠢᠯᠠᠭᠰᠠᠨ ᠬᠡᠦᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠲᠡᠨᠦᠭᠦᠯ ᠭᠤᠶᠢᠷᠠᠨᠴᠢᠯᠠᠭᠴᠢ ᠬᠥᠮᠦᠰ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠪᠠ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠬᠦᠴᠢᠷᠳᠡᠯᠲᠡᠶ ᠣᠯᠠᠨ ᠲᠦᠮᠡᠨ ᠤ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠬᠠᠮᠲᠤ ᠳᠤᠨᠢ ᠨᠢᠭᠡᠳᠦᠯᠲᠡᠢ ᠪᠠᠷ ᠲᠦᠯᠦᠪᠯᠡᠵᠡᠢ᠃       ᠲᠠᠨᠢᠯᠴᠠᠭᠤᠯᠤᠭᠰᠠᠨ ᠢᠶᠠᠷ᠂ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠭᠤᠣᠯᠳᠠᠭᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ ᠪᠠᠲᠤᠯᠠᠭ᠎ᠠ ᠶᠢᠨ ᠮᠦᠩᠭᠦ ᠤᠯᠭᠤᠬᠤ᠂ ᠣᠨᠴᠠ ᠬᠦᠴᠢᠷᠳᠡᠯᠲᠡᠶ ᠬᠦᠮᠦᠰ ᠲᠤ ᠦᠨᠳᠦᠰᠦᠨ ᠠᠮᠢᠳᠤᠷᠠᠯ ᠤᠨ ᠨᠥᠬᠦᠴᠡᠯ ᠤᠯᠭᠤᠬᠤ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠬᠦᠮᠦᠰ ᠲᠤ ᠬᠠᠷᠠᠭᠠᠯᠵᠠᠯ ᠦᠵᠡᠭᠦᠯᠬᠦ᠂ ᠡᠪᠡᠳᠴᠢᠨ ᠡᠮᠭᠡᠭ ᠢ ᠨᠢ ᠡᠮᠨᠡᠨ ᠵᠠᠰᠠᠬᠤ᠂ ᠣᠷᠣᠰᠢᠭᠤᠯᠬᠤ ᠶᠠᠪᠤᠳᠠᠯ ᠢ ᠭᠦᠢᠴᠡᠳᠬᠡᠬᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠬᠦᠮᠦᠰ ᠲᠤ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠮᠥᠩᠭᠦ ᠪᠤᠶᠤ ᠡᠳ᠋ ᠪᠤᠳᠠᠰ ᠦᠭᠬᠦ᠂ ᠥᠨᠥᠴᠢᠨ ᠬᠡᠦᠬᠡᠳ ᠪᠠ ᠠᠶᠢᠽ ᠡᠪᠡᠳᠴᠢᠨ ᠤ ᠸᠢᠷᠦ᠋ᠰ ᠬᠠᠯᠳᠠᠪᠤᠷᠢᠯᠠᠭᠰᠠᠨ ᠬᠡᠤᠭᠡᠳ ᠲᠤ ᠦᠨᠳᠦᠰᠦᠨ ᠠᠮᠢᠳᠤᠷᠠᠯ ᠤᠨ ᠵᠠᠷᠤᠳᠠᠯ ᠤᠯᠭᠤᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠢᠷᠠᠨᠴᠢᠳ ᠢ ᠰᠠᠨᠠᠭᠠᠴᠢᠯᠠᠭ᠎ᠠ ᠲᠠᠢ ᠪᠠᠷ ᠲᠡᠩᠬᠡᠷᠡᠭᠦᠯᠦᠨ ᠲᠤᠰᠠᠯᠠᠬᠤ᠂ ᠠᠮᠢᠳᠤᠷᠠᠯ ᠤᠨ ᠲᠠᠯ᠎ᠠ ᠪᠠᠷ ᠲᠡᠩᠬᠡᠷᠡᠭᠦᠯᠦᠨ ᠲᠤᠰᠠᠯᠠᠬᠤ᠂ ᠡᠮ ᠡᠮᠨᠡᠯᠭᠡ ᠪᠠᠷ ᠠᠪᠤᠷᠠᠨ ᠵᠠᠰᠠᠬᠤ᠂ ᠰᠤᠷᠭᠠᠨ ᠬᠥᠮᠦᠵᠢᠯ ᠢᠶᠠᠷ ᠵᠠᠰᠠᠮᠵᠢᠯᠠᠬᠤ᠂ ᠨᠤᠲᠤᠭ ᠲᠤᠨᠢ ᠡᠭᠡᠭᠦᠯᠵᠦ ᠲᠡᠩᠬᠡᠷᠡᠭᠦᠯᠦᠨ ᠲᠤᠰᠠᠯᠠᠬᠤ᠂ ᠲᠦᠷ ᠲᠥᠪᠬᠢᠨᠡᠭᠦᠯᠬᠦ ᠶᠢᠨ ᠬᠠᠮᠲᠤ ᠨᠠᠰᠤᠨ ᠳᠤ ᠦᠯᠦ ᠬᠦᠷᠦᠭᠰᠡᠳ ᠢ ᠨᠡᠶᠢᠭᠡᠮ ᠠᠴᠠ ᠬᠠᠮᠠᠭᠠᠯᠠᠬᠤ ᠳᠤ ᠬᠡᠷᠡᠭᠯᠡᠨ᠎ᠡ᠃      ᠣᠷᠣᠨ ᠨᠤᠲᠤᠭ ᠤᠨ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠬᠦ ᠳᠤ ᠨᠢ ᠳᠡᠮᠵᠢᠯᠭᠡ ᠦᠵᠡᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠲᠥᠰᠦᠪ ᠤᠨ ᠭᠦᠢᠴᠡᠳᠬᠡᠬᠦ ᠲᠤᠭ᠎ᠠ ᠶᠢ ᠤᠷᠢᠳᠴᠢᠯᠠᠨ ᠪᠠᠭᠤᠯᠭᠠᠬᠤ ᠲᠦᠷᠢᠮ ᠢ ᠪᠠᠶᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠬᠦ ᠲᠤᠭ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠤᠷᠢᠳᠴᠢᠯᠠᠨ ᠪᠠᠭᠤᠯᠭᠠᠵᠤ᠂ ᠣᠷᠣᠨ ᠨᠤᠲᠤᠭ ᠤᠨ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠠᠵᠢᠯ ᠢ ᠪᠦᠲᠦᠮᠵᠢᠲᠠᠢ ᠦᠷᠨᠢᠭᠦᠯᠬᠦ ᠳᠤᠨᠢ ᠪᠡᠯᠡ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ 163.85 ᠲᠦᠮᠡᠨ ᠬᠥᠮᠦᠨ᠂ ᠣᠨᠴᠠ ᠬᠦᠴᠢᠷᠳᠡᠯᠲᠡᠶ 9.83 ᠲᠦᠮᠡᠨ ᠬᠦᠮᠦᠨ ᠤ ᠠᠮᠢᠳᠤᠷᠠᠯ ᠢ ᠪᠠᠲᠤᠯᠠᠵᠠᠢ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠬᠦᠮᠦᠰ ᠢ ᠨᠡᠶᠢᠲᠡ 15.51 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠵᠠᠶ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ 1.28 ᠲᠦᠮᠡ ᠬᠥᠮᠦᠨ ᠤᠳᠠᠭ᠎ᠠ ᠲᠡᠩᠬᠡᠷᠡᠭᠦᠯᠦᠨ ᠲᠤᠰᠠᠯᠠᠵᠤ᠂ ᠥᠨᠥᠴᠢᠨ ᠬᠡᠦᠬᠡᠳ ᠪᠠ ᠠᠶᠢᠽ ᠡᠪᠡᠳᠴᠢᠨ ᠤ ᠸᠢᠷᠦ᠋ᠰ ᠬᠠᠯᠳᠠᠪᠤᠷᠢᠯᠠᠭᠰᠠᠨ ᠬᠡᠤᠭᠡᠳ ᠢ 0.52 ᠲᠦᠮᠡᠨ ᠬᠦᠮᠦᠨ ᠢ ᠲᠤᠰᠠᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号