ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠲᠦᠷᠪᠡᠳᠦᠭᠡᠷ ᠤᠳᠠᠭ᠎ᠠ ᠶᠢᠨ ᠬᠤᠷᠠᠯ ᠬᠢᠪᠡ ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/1/31
     1 ᠳ᠋ᠦ᠋ᠭᠡᠷ ᠰᠠᠷ᠎ᠠ ᠶᠢᠨ 30᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠲᠦᠷᠪᠡᠳᠦᠭᠡᠷ ᠤᠳᠠᠭ᠎ᠠ ᠶᠢᠨ ᠬᠤᠷᠠᠯ ᠬᠢᠪᠡ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ 70 ᠬᠦᠮᠦᠨ ᠪᠤᠢ᠂ 68 ᠬᠦᠮᠦᠨ ᠨᠢ ᠡᠨᠡ ᠤᠳᠠᠭ᠎ᠠ ᠶᠢᠨ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃      ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠯᠢ ᠵᠢᠢ ᠡᠾᠸᠡᠭ ᠬᠤᠷᠠᠯ ᠢ ᠡᠷᠬᠢᠯᠡᠵᠡᠢ᠃ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠽᠸᠡᠭ ᠢ ᠴᠦᠨ᠂ ᠨᠠᠰᠤᠨᠮᠦ᠋ᠩᠬᠡ᠂ ᠡᠦ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠸᠠᠩ ᠪᠦᠸᠧ᠂ ᠡᠾᠧ ᠶᠠᠨ ᠯᠢᠩ ᠬᠤᠷᠠᠯ ᠎ ᠳᠤ ᠤᠷᠤᠯᠴᠠᠵᠠᠢ᠃      ᠬᠤᠷᠠᠯ ᠠᠴᠠ᠂ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠰᠦᠨ ᠬᠤᠨᠭ᠌ ᠮᠸᠢ ᠶᠢᠨ ᠬᠢᠭᠰᠡᠨ ᠡᠯ᠎ᠠ ᠲᠦᠯᠦᠭᠡᠯᠡᠭᠴᠢᠳ ᠤᠨ ᠪᠦᠯᠬᠦᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠲᠡᠳ᠋ ᠡᠷᠬᠢᠯᠡᠭᠴᠢ᠂ ᠨᠠᠷᠢᠨ ᠪᠢᠴᠢᠭ ᠤᠨ ᠲᠠᠷᠤᠭ᠎ᠠ᠂ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢᠨ ᠵᠢᠱᠢᠭᠳᠡᠭᠰᠡᠳ ᠤᠨ ᠨᠡᠷᠡᠰ ᠵᠢᠴᠢ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠬᠦᠯ ᠬᠠᠮᠠᠭᠠᠯᠠᠯ ᠤᠨ ᠵᠦᠪᠯᠡᠯ ᠤᠨ ᠪᠦᠷᠢᠯᠳᠦᠬᠦᠨ ᠎ ᠤ ᠨᠡᠷᠡᠰ ᠤᠨ ᠲᠦᠰᠦᠯ ᠢ ᠵᠦᠪᠳᠡᠨ ᠶᠠᠷᠢᠯᠴᠠᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠠᠢ᠃ ︽ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢᠨ ᠵᠢᠱᠢᠭᠳᠡᠭᠰᠡᠳ ᠤᠨ ᠨᠠᠷᠡᠰ ︵ᠲᠦᠰᠦᠯ︶︾ ︽ᠦᠪᠦᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠲᠡᠳ᠋ ᠡᠷᠬᠢᠯᠡᠭᠴᠢ᠂ ᠨᠠᠷᠢᠨ ᠪᠢᠴᠢᠭ ᠤᠨ ᠲᠠᠷᠤᠭ᠎ᠠ᠂ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠎ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢᠨ ᠵᠢᠱᠢᠭᠳᠡᠭᠰᠡᠳ ᠤᠨ ᠨᠡᠷᠡᠰ ︵ᠲᠦᠰᠦᠯ︶︾᠎ ᠢ ᠪᠠᠳᠤᠯᠠᠵᠣ᠂ ᠲᠡᠭᠡᠷᠡᠬᠢ 2 ᠬᠤᠪᠢ ᠨᠡᠷᠡᠰ ᠢ ᠵᠢᠩᠭᠢᠨᠢ ᠵᠢᠱᠢᠭᠳᠡᠭᠰᠡᠳ ᠤᠨ ᠨᠡᠷᠡᠰ ᠪᠤᠯᠭᠠᠨ ᠲᠠᠷᠤᠮᠠᠯᠯᠠᠭᠠᠳ ᠪᠦᠬᠦ ᠲᠦᠯᠦᠭᠡᠯᠡᠭᠴᠢᠳ ᠲᠤ ᠲᠠᠷᠬᠠᠭᠠᠵᠤ᠂ ᠶᠡᠭᠡ ᠬᠤᠷᠠᠯ ᠳᠤ ᠲᠡᠪᠰᠢᠬᠦᠯᠣᠨ ᠰᠤᠩᠭᠤᠭᠤᠯᠬᠤ ᠪᠠᠷ ᠲᠤᠬᠳᠠᠪᠠ︔ ᠬᠤᠶᠠᠷ ᠲᠤᠰᠬᠠᠢ ᠵᠦᠪᠯᠡᠯ ᠤᠨ ᠨᠡᠷᠡᠰ ᠢ ᠶᠡᠭᠡ ᠬᠤᠷᠠᠯ ᠳᠤ ᠲᠡᠪᠰᠢᠬᠦᠯᠦᠨ ᠪᠠᠳᠣᠯᠠᠭᠤᠯᠬᠤ ᠪᠠᠷ ᠲᠤᠬᠳᠠᠪᠠ᠃      ᠬᠤᠷᠠᠯ ᠠᠴᠠ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠶᠡᠷᠦᠩᠭᠡᠢ ᠪᠢᠯᠧᠲ ᠬᠢᠨᠠᠬᠴᠢ᠂ ᠲᠡᠳ᠋ ᠶᠡᠷᠦᠩᠭᠡᠢ ᠪᠢᠯᠧᠲ ᠬᠢᠨᠠᠬᠴᠢ᠂ ᠪᠢᠯᠧᠲ ᠬᠢᠨᠠᠬᠴᠢ ᠶᠢᠨ ᠨᠡᠷᠡᠰ ︵ᠲᠦᠰᠦᠯ︶︾᠎ ᠢ ᠪᠠᠳᠤᠯᠠᠵᠤ᠂ ᠪᠠᠳᠤᠯᠠᠬᠰᠠᠨ ᠤ ᠲᠠᠷᠠᠭᠠᠭᠢ ᠨᠠᠷᠠᠰ ᠤᠨ ᠲᠦᠰᠦᠯ ᠢ ᠲᠠᠷᠤᠮᠠᠯᠯᠠᠭᠠᠳ ᠪᠦᠬᠦ ᠲᠦᠯᠦᠭᠡᠯᠡᠭᠴᠢᠳ ᠲᠤ ᠲᠠᠷᠬᠠᠭᠠᠵᠤ᠂ ᠶᠡᠭᠡ ᠬᠤᠷᠠᠯ ᠳᠤ ᠲᠡᠪᠰᠢᠬᠦᠯᠦᠨ ᠪᠠᠳᠣᠯᠠᠭᠤᠯᠬᠤ ᠪᠠᠷ ᠲᠤᠬᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号