2017 ᠣᠨ ᠳᠤ ᠮᠠᠨ ᠤ ᠣᠷᠣᠨ ᠤ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠠᠵᠢᠯ ᠰᠢᠨ᠎ᠡ | ᠬᠥᠭᠵᠢᠯᠲᠡ ᠲᠠᠢ ᠪᠤᠯᠵᠤ᠂ ᠪᠡᠶ᠎ᠡ ᠶᠢᠨ ᠲᠠᠮᠢᠷ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠨᠡᠩ | ᠪᠦᠷᠢᠨᠰᠢᠵᠤ᠂ 12 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠭᠰᠠᠨ ᠥᠪᠥᠷ ᠮᠣᠩᠭᠤᠯ ᠤᠨ ᠮᠥᠰᠥᠨ | ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ | 80% ᠶᠢ ᠨᠢ ᠪᠠᠷᠢᠵᠤ ᠳᠠᠭᠤᠰᠬᠠᠨ᠂ 40 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠭᠰᠠᠨ ᠤᠯᠤᠰ ᠤᠨ | ᠤᠮᠠᠷᠠᠲᠤ ᠣᠷᠣᠨ ᠤ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ | ᠪᠠᠷᠢᠯᠭ᠎ᠠ ᠨᠢ ᠰᠢᠪᠲᠤᠷᠭᠠᠨ ᠳᠠᠭᠠᠨ ᠤᠷᠤᠵᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠨᠢ ᠤᠳᠠᠯ ᠦᠬᠡᠢ ᠠᠵᠢᠯ | ᠡᠬᠢᠯᠡᠭᠦᠯᠬᠦ ᠪᠤᠯᠵᠤ᠂ ᠬᠤᠰᠢᠭᠤ ᠰᠢᠶᠠᠨ ᠬᠤᠳᠠ ᠲᠣᠭᠤᠷᠢᠭ ᠤᠨ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠬᠦᠳᠡᠯᠭᠡᠭᠡᠨ ᠤ ᠲᠥᠪ ᠢ ᠪᠥᠬᠦᠨ ᠢ ᠪᠦᠷᠬᠦᠬᠦᠯᠵᠤ᠂ ᠰᠤᠮᠤ ᠰᠢᠶᠠᠩ ᠪᠠᠯᠭᠠᠰᠤ ᠶᠢᠨ 90% ᠨᠢ | ᠵᠢᠵᠢᠭ ᠬᠡᠯᠪᠡᠷᠢ ᠶᠢᠨ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠦᠳᠡᠯᠭᠡᠭᠡᠨ ᠤ ᠲᠥᠪ ᠢ | ᠪᠠᠶᠢᠭᠤᠯᠪᠠ︔ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ | ᠲᠣᠭᠲᠠᠴᠠ ᠲᠠᠰᠤᠷᠠᠯᠲᠠ ᠦᠭᠡᠢ ᠪᠦᠷᠢᠨᠰᠢᠨ᠂ ᠶᠡᠷᠦᠩᠬᠡᠶ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠮᠠᠨ ᠤ | ᠣᠷᠣᠨ ᠤ ᠲᠠᠮᠢᠷᠴᠢᠳ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠲᠤᠮᠤ | ᠤᠷᠤᠯᠳᠤᠭᠠᠨ ᠳᠤ 130 ᠤᠳᠠᠭ᠎ᠠ ᠮᠠᠩᠯᠠᠶᠢᠯᠠᠪᠠ︔ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ | ᠥᠷᠨᠢᠨ ᠬᠥᠭᠵᠢᠵᠦ᠂ ᠠᠯᠠᠱᠠ ᠶᠢᠨ ᠬᠡᠭᠡᠷᠡᠯᠡᠭᠴᠢ e ᠪᠦᠯᠦᠭ ᠮᠠᠰᠢᠨ ᠲᠡᠷᠭᠡ ᠶᠢᠨ ᠪᠠᠭᠠᠲᠤᠷᠴᠤᠳ ᠤᠨ ᠴᠤᠭᠯᠠᠭᠠᠨ᠂ | ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠵᠡᠷᠭᠡ ᠲᠤᠮᠤ ᠬᠡᠯᠪᠡᠷᠢ ᠶᠢᠨ | ᠨᠡᠷᠡᠶᠢᠳᠭᠦᠨ ᠤ ᠤᠷᠤᠯᠳᠤᠭᠠᠨ ᠪᠤᠯᠤᠨ ᠬᠦᠳᠡᠯᠬᠡᠬᠡᠨ ᠤ ᠠᠯᠳᠠᠷᠰᠢᠯ ᠪᠤᠯᠤᠨ ᠨᠥᠯᠥᠭᠡᠯᠡᠬᠦ ᠬᠦᠴᠦᠨ ᠲᠠᠰᠤᠷᠠᠯᠳᠠ | ᠦᠭᠡᠢ ᠦᠷᠭᠡᠵᠢᠪᠡ︔ 2017 ᠣᠨ ᠳᠤ ᠮᠠᠨ ᠤ ᠣᠷᠣᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠰᠣᠶᠣᠯ · | ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ᠂ ᠶᠢᠰᠦᠳᠦᠭᠡᠷ ᠬᠤᠭᠤᠴᠠᠭᠠᠨ ᠤ ᠪᠦᠬᠦ | ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠲᠤᠮᠤ | ᠬᠡᠯᠪᠡᠷᠢ ᠶᠢᠨ ᠪᠡᠶ᠎ᠡ ᠶᠢᠨ ᠲᠠᠮᠢᠷ ᠰᠣᠶᠣᠯ ᠤᠨ ᠬᠦᠳᠡᠯᠭᠡᠭᠡᠨ ᠢ ᠠᠮᠵᠢᠯᠲᠠ ᠲᠠᠢ ᠡᠷᠬᠢᠯᠡᠪᠡ᠃ |