ᠨᠠᠢᠮᠠᠨ ᠵᠤᠷᠪᠤᠰ ᠲᠣᠭᠲᠠᠭᠠᠯ ᠨᠡᠶᠢᠲᠡᠯᠡᠭᠳᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠠ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠲᠤ ᠠᠵᠢᠯ ᠤᠨ ᠡᠳᠦᠷ ᠠᠷᠢᠬᠢ ᠤᠤᠭᠤᠬᠤ ᠶᠢ ᠴᠠᠭᠠᠵᠠᠯᠠᠬᠤ ᠶᠢ ᠲᠣᠳᠣᠷᠬᠠᠶ ᠱᠠᠭᠠᠷᠳᠠᠵᠤ᠂ ᠰᠠᠬᠢᠯᠭ᠎ᠠ | ᠪᠠᠲᠤ ᠶᠢᠨ ᠱᠠᠭᠠᠷᠳᠠᠯᠭ᠎ᠠ ᠶᠢ ᠣᠯᠠᠠᠳᠠ ᠪᠠᠭᠤᠯᠭᠠᠵᠤ᠂ ᠢᠯᠡ ᠪᠠᠷ ᠪᠠᠶᠢᠴᠠᠭᠠᠵᠤ ᠳᠠᠯᠳᠠ ᠠᠴᠠ ᠰᠤᠷᠪᠤᠯᠵᠢᠯᠠᠬᠤ ᠶᠢ | ᠥᠷᠨᠢᠭᠦᠯᠵᠦ᠂ ᠠᠶᠠᠨᠳᠠᠭᠠᠨ ᠤ ᠵᠠᠩᠰᠢᠯ ᠪᠣᠯᠭᠠᠨ ᠠᠳᠬᠤᠪᠠ᠃ 2017 ᠣᠨ ᠳᠤ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ︽ᠨᠢᠭᠡ | ᠰᠢᠷᠡᠭᠡ ᠶᠢᠨ ᠳᠠᠶᠢᠯᠠᠯᠭ᠎ᠠ︾ ︽ᠬᠤᠶᠠᠳᠤᠭᠠᠷ ᠤᠳᠠᠭᠠᠨ ᠤ ᠳᠠᠶᠢᠯᠠᠯᠭ᠎ᠠ︾᠂ ᠲᠣᠭᠲᠠᠭᠠᠯ ᠠᠴᠠ ᠵᠥᠷᠢᠴᠡᠨ | ᠠᠯᠪᠠᠨ ᠤ ᠵᠣᠭᠤᠰ ᠢᠶᠠᠷ ᠳᠡᠭᠡᠳᠦ ᠳᠡᠰ ᠤᠨ ᠬᠠᠷ᠎ᠠ ᠠᠷᠢᠬᠢ ᠬᠤᠳᠠᠯᠳᠤᠨ ᠠᠪᠬᠤ ᠶᠢ ᠴᠡᠭᠴᠡᠯᠡᠨ ᠵᠠᠰᠠᠬᠤ ᠵᠡᠷᠭᠡ | ᠠᠰᠠᠭᠤᠳᠠᠯ ᠤᠨ ᠲᠠᠯ᠎ᠠ ᠪᠠᠷ ᠤᠯᠠᠨ ᠲᠠᠬᠢᠨ᠂ ᠪᠠᠶᠢᠡᠭᠭᠤᠵᠢᠬᠰᠠᠨ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ | ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠲᠦᠷᠢᠮ ᠪᠠ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ | ᠪᠠᠲᠤᠯᠠᠵᠠᠢ᠃ 2012 ᠣᠨ ᠠᠴᠠ ᠨᠠᠰᠢ ᠥᠪᠡᠷᠲᠡᠭᠡᠨ ᠵᠠᠰᠠᠬᠤ ᠣᠷᠣᠨ ᠲᠣᠭᠲᠠᠭᠠᠯ ᠠᠴᠠ ᠵᠥᠷᠢᠴᠡᠨ ᠠᠯᠪᠠᠨ ᠤ | ᠵᠣᠭᠤᠰ ᠢᠶᠠᠷ ᠶᠡᠭᠡ ᠪᠠᠷ ᠢᠳᠡᠵᠦ ᠤᠤᠭᠤᠭᠰᠠᠨ 46 ᠨᠡᠶᠢᠲᠡᠯᠢᠭ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ | 267 ᠬᠥᠮᠦᠨ ᠳᠤ ᠰᠢᠳᠬᠡᠯ ᠥᠭᠴᠡᠢ᠃ 2017 ᠣᠨ ᠤ 1 — 11 ᠳ᠋ᠦ᠋ᠭᠡᠷ ᠰᠠᠷ᠎ᠠ ᠪᠣᠯᠲᠠᠯ᠎ᠠ᠂ ᠪᠥᠬᠦ | ᠣᠷᠣᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠵᠢᠴᠢ ︽ᠳᠥᠷᠪᠡᠨ ᠰᠤᠷᠲᠠᠯ︾ ᠤᠨ | ᠨᠡᠶᠢᠲᠡᠯᠢᠭ ᠠᠰᠠᠭᠤᠳᠠᠯ ᠢ 257 ᠤᠳᠠᠭ᠎ᠠ 1105 ᠵᠦᠢᠯ ᠢ ᠢᠯᠡ ᠵᠠᠷᠯᠠᠨ ᠨᠡᠶᠢᠲᠡᠯᠡᠵᠦ᠂ 1986 ᠬᠥᠮᠥᠨ | ᠬᠤᠯᠪᠣᠭᠳᠠᠵᠦ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ︽ | ᠳᠥᠷᠪᠡᠨ ᠰᠤᠷᠲᠠᠯ︾ ᠳᠠᠭᠢᠵᠤ ᠢᠯᠡᠷᠡᠬᠦ ᠶᠢ ᠴᠢᠩᠭ᠎ᠠ ᠰᠡᠷᠭᠡᠶᠢᠯᠡᠪᠠ᠃ ᠡᠭᠦᠨ ᠠᠴᠠ ᠭᠠᠳᠠᠨ᠎ᠠ᠂ ᠥᠪᠡᠷᠲᠡᠭᠡᠨ | ᠵᠠᠰᠠᠬᠤ ᠣᠷᠣᠨ ᠰᠣᠨᠢᠨ ᠰᠡᠳᠬᠦᠯ᠂ ᠰᠦᠯᠵᠢᠶ᠎ᠠ᠂ ᠷᠠᠳᠢᠣ᠋᠂ ᠲᠧᠯᠸᠢᠰ᠂ ᠸᠢᠴᠠᠲ ᠤᠨ ᠨᠡᠶᠢᠲᠡ ᠶᠢᠨ ᠳ᠋ᠤᠭᠠᠷ ᠢ | ᠭᠦᠢᠴᠡᠳ ᠠᠰᠢᠭᠯᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠨᠡᠶᠢᠲᠡᠯᠡᠨ ᠢᠯᠡᠷᠡᠭᠦᠯᠦᠭᠰᠡᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠬᠡᠷᠡᠭ ᠢᠶᠠᠷ | ᠰᠤᠷᠭᠠᠬᠤ ᠶᠢ ᠠᠬᠢᠭᠤᠯᠵᠤ᠂ ᠬᠡᠷᠡᠭ ᠢᠶᠠᠷ ᠵᠠᠯᠠᠷᠠᠭᠤᠯᠬᠤ ᠶᠢ ᠠᠬᠢᠭᠤᠯᠵᠤ᠂ ᠬᠡᠷᠡᠭ ᠢᠶᠠᠷ ᠪᠠᠶᠢᠭᠤᠯᠤᠯᠲᠠ ᠶᠢ | ᠠᠬᠢᠭᠤᠯᠪᠠ᠃ |