ᠲᠦᠷᠦᠭᠦᠬᠡᠨ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠮᠠᠨ ᠤ ᠤᠷᠤᠨ ᠳᠤ | ᠪᠠᠶᠢᠭᠤᠯᠤᠭᠰᠠᠨ ᠤᠯᠤᠰ ᠤᠨ ᠬᠠᠶᠢᠨ ᠪᠠᠶᠢᠴᠠᠭᠠᠬᠤ ᠣᠷᠣᠨ ᠠᠭᠤᠷᠬᠠᠶ ᠡᠷᠢᠬᠦ ᠲᠠᠯ᠎ᠠ ᠪᠠᠷ ᠴᠢᠬᠤᠯᠠ ᠶᠡᠭᠡ ᠦᠷ᠎ᠡ | ᠪᠦᠲᠦᠭᠡᠯ ᠤᠯᠵᠠᠢ — — ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠬᠤᠤᠰ ᠤᠷᠤᠶᠢᠲᠤ | ᠠᠭᠤᠯᠠ ᠶᠢᠨ ᠮᠦᠩᠭᠦ ᠲᠤᠭᠤᠯᠭ᠎ᠠ ᠴᠠᠶᠢᠷ ᠤᠨ ᠠᠭᠤᠷᠬᠠᠶ ᠶᠢᠨ ᠬᠠᠶᠢᠨ ᠪᠠᠶᠢᠴᠠᠭᠠᠯᠲᠠ ᠶᠢᠨ ᠮᠡᠳᠡᠭᠦᠯᠦᠯᠲᠡ ᠨᠢ | ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠪᠤᠯᠠᠭᠳᠠᠴᠠ ᠶᠢᠨ ᠬᠡᠮᠵᠢᠶ᠎ᠡ ᠶᠢ ᠬᠢᠨᠠᠨ ᠲᠣᠭᠲᠠᠭᠠᠬᠤ ᠲᠦᠪ ᠤᠨ | ᠬᠢᠨᠠᠨ ᠲᠤᠭᠲᠠᠭᠠᠯᠲᠠ ᠶᠢ ᠦᠩᠭᠡᠷᠡᠭᠰᠡᠨ ᠪᠦᠭᠡᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ | ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠵᠠᠢ᠃ ᠬᠠᠶᠢᠨ ᠪᠠᠶᠢᠴᠠᠭᠠᠯᠲᠠ ᠶᠢᠨ ᠮᠡᠳᠡᠭᠦᠯᠦᠯᠲᠡ ᠳᠤ | ᠵᠢᠭᠠᠭᠰᠠᠨ ᠨᠢ᠂ ᠤᠳᠤᠬᠠᠨ ᠪᠣᠯᠲᠠᠯ᠎ᠠ᠂ ᠲᠣᠰ ᠠᠭᠤᠷᠬᠠᠶ ᠶᠢᠨ ᠣᠷᠣᠨ ᠨᠡᠶᠢᠲᠡ 280 ᠠᠵᠤ ᠦᠢᠯᠡᠳᠪᠦᠷᠢ ᠶᠢᠨ | ᠬᠦᠳᠡᠷ ᠤᠨ ᠴᠤᠭᠴᠠ ᠶᠢ ᠬᠦᠷᠢᠶᠡᠯᠡᠨ ᠲᠤᠭᠲᠠᠭᠠᠵᠤ᠂ ᠡᠭᠦᠨ ᠳᠤ 39 ᠬᠦᠳᠡᠷ ᠤᠨ ᠴᠤᠭᠴᠠ ᠶᠢᠨ ᠭᠠᠭᠴᠠ | ᠬᠦᠳᠡᠷ ᠤᠨ ᠴᠤᠭᠴᠠ ᠶᠢᠨ ᠡᠬᠢ ᠪᠠᠶᠠᠯᠢᠭ ᠤᠨ ᠬᠡᠮᠵᠢᠶ᠎ᠡ ᠲᠣᠮᠣ ᠬᠡᠯᠪᠡᠷᠢ ᠶᠢᠨ ᠮᠥᠩᠭᠦᠨ ᠠᠭᠤᠷᠬᠠᠶ ᠶᠢᠨ | ᠬᠡᠪᠴᠢᠶ᠎ᠡ ᠳᠤ ᠬᠦᠷᠪᠡ᠃ ᠲᠤᠰᠬᠠᠶ ᠮᠡᠷᠭᠡᠵᠢᠯᠲᠡᠨ ᠤ ᠵᠠᠳᠠᠯᠤᠭᠰᠠᠨ ᠢᠶᠠᠷ᠂ ᠲᠣᠰ ᠠᠭᠤᠷᠬᠠᠶ ᠶᠢᠨ ᠣᠷᠣᠨ ᠤ ᠮᠦᠩᠭᠦ | ᠲᠤᠭᠤᠯᠭ᠎ᠠ ᠴᠠᠶᠢᠷ ᠤᠨ ᠠᠭᠤᠷᠬᠠᠶ ᠬᠡᠳᠦ ᠶᠡᠭᠡ ᠬᠡᠮᠵᠢᠶᠡᠨ ᠳᠤ ᠬᠦᠷᠦᠭᠰᠡᠨ ᠪᠥᠭᠡᠳ ᠠᠭᠤᠷᠬᠠᠶ ᠶᠢᠨ ᠣᠷᠣᠨ ᠤ | ᠭᠦᠨ ᠬᠡᠰᠡᠭ ᠵᠢᠴᠢ ᠭᠠᠳᠠᠭᠤᠷ ᠪᠠᠰᠠ ᠠᠭᠤᠷᠬᠠᠶ ᠡᠷᠢᠵᠦ ᠬᠠᠶᠢᠬᠤ ᠯᠤᠲᠤ ᠶᠡᠭᠡ ᠳᠠᠯᠳᠠ ᠬᠦᠴᠦᠨ ᠲᠠᠢ ᠪᠠᠶᠢᠵᠤ᠂ | ᠬᠠᠶᠢᠨ ᠪᠠᠶᠢᠴᠠᠭᠠᠬᠤ ᠬᠡᠮᠵᠢᠶ᠎ᠡ ᠶᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠲᠤᠰ ᠠᠭᠤᠷᠬᠠᠶ ᠶᠢᠨ | ᠣᠷᠣᠨ ᠨᠢ ᠨᠡᠩ ᠶᠡᠭᠡ ᠠᠭᠤᠷᠬᠠᠢ ᠡᠷᠢᠬᠦ ᠰᠢᠪᠲᠤᠯᠤᠯᠲᠠ ᠶᠢ ᠪᠡᠶᠡᠯᠡᠭᠦᠯᠬᠦ ᠪᠣᠯᠤᠮᠵᠢ ᠲᠠᠢ ᠪᠠᠶᠢᠨ᠎ᠠ ᠭᠡᠪᠡ᠃ | ᠲᠤᠰ ᠠᠭᠤᠷᠬᠠᠶ ᠶᠢᠨ ᠣᠷᠣᠨ ᠨᠢ ᠶᠡᠭᠡ ᠬᠢᠩᠭᠠᠨ ᠳᠠᠪᠠᠭᠠᠨ ᠤ ᠡᠮᠦᠨ᠎ᠡ ᠵᠡᠰ ᠤᠯᠠᠨ ᠲᠡᠮᠦᠷᠯᠢᠭ ᠤᠨ | ᠠᠭᠤᠷᠬᠠᠢ ᠶᠢᠨ ᠬᠠᠶᠢᠨ ᠪᠠᠶᠢᠴᠠᠭᠠᠬᠤ ᠤᠷᠤᠨ ᠳᠤ ᠪᠠᠶᠢᠨ᠎ᠠ᠃ ᠤᠳᠤᠬᠠᠨ ᠳᠤ᠂ ᠭᠤᠤᠯ ᠠᠭᠤᠷᠬᠠᠢ᠂ ᠬᠠᠮᠲᠤ | ᠤᠷᠤᠰᠢᠬᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ 16122.22 ᠲᠦᠮᠡᠨ ᠲᠤᠨ︔ | ᠮᠦᠩᠭᠦᠨ ᠤ ᠬᠦᠳᠡᠷ ᠤᠨ ᠠᠭᠤᠯᠤᠭᠳᠠᠴᠠ 11134.64 ᠲᠦᠮᠡᠨ ᠲᠣᠨ᠂ ᠮᠥᠩᠭᠦᠨ ᠲᠡᠮᠦᠷᠯᠢᠭ ᠤᠨ | ᠠᠭᠤᠯᠤᠭᠳᠠᠴᠠ 15474.42 ᠲᠦᠮᠡᠨ ᠲᠣᠨ︔ ᠬᠠᠷ᠎ᠠ ᠲᠤᠭᠤᠯᠭᠠᠨ ᠬᠦᠳᠡᠷ ᠤᠨ ᠠᠭᠤᠯᠤᠭᠳᠠᠴᠠ 3803. | 30 ᠲᠦᠮᠡᠨ ᠲᠣᠨ᠂ ᠬᠠᠷ᠎ᠠ ᠲᠤᠭᠤᠯᠭ᠎ᠠ ᠲᠡᠮᠦᠷᠯᠢᠭ ᠤᠨ ᠠᠭᠤᠯᠤᠭᠳᠠᠴᠠ 39.22 ᠲᠦᠮᠡᠨ ᠲᠣᠨ︔ ᠴᠠᠶᠢᠷ ᠤᠨ | ᠬᠦᠳᠡᠷ ᠤᠨ ᠠᠭᠤᠯᠤᠭᠳᠠᠴᠠ 10460.80 ᠲᠦᠮᠡᠨ ᠲᠣᠨ᠂ ᠴᠠᠶᠢᠷ ᠤᠨ ᠲᠡᠮᠦᠷᠯᠢᠭ ᠤᠨ ᠠᠭᠤᠯᠤᠭᠳᠠᠴᠠ 152. | 30 ᠲᠦᠮᠡᠨ ᠲᠣᠨ ᠪᠣᠯᠤᠨ᠎ᠠ᠃ ᠳᠠᠭᠠᠯᠳᠤᠪᠤᠷᠢ ᠮᠥᠩᠭᠦᠨ ᠲᠡᠮᠦᠷᠯᠢᠭ ᠤᠨ ᠠᠭᠤᠯᠤᠭᠳᠠᠴᠠ 3110.09 ᠲᠣᠨ᠂ | ᠬᠠᠷ᠎ᠠ ᠲᠤᠭᠤᠯᠭ᠎ᠠ ᠶᠢᠨ ᠲᠡᠮᠦᠷᠯᠢᠭ ᠤᠨ ᠠᠭᠤᠯᠤᠭᠳᠠᠴᠠ 46.20 ᠲᠦᠮᠡᠨ ᠲᠣᠨ᠂ ᠴᠠᠶᠢᠷ ᠤᠨ ᠲᠡᠮᠦᠷᠯᠢᠭ ᠤᠨ | ᠠᠭᠤᠯᠤᠭᠳᠠᠴᠠ 38.82 ᠲᠦᠮᠡᠨ ᠲᠤᠨ ᠪᠠᠶᠢᠬᠤ ᠶᠢ ᠪᠠᠶᠢᠴᠠᠭᠠᠨ ᠲᠤᠳᠤᠷᠬᠠᠶᠢᠯᠠᠪᠠ᠃ |