2017 ᠣᠨ ᠳᠤ ᠥᠪᠡᠷᠲᠡᠭᠡᠨ ᠵᠠᠰᠠᠬᠤ ᠣᠷᠣᠨ ᠭᠠᠶᠢᠯᠢ ᠲᠠᠲᠠᠪᠤᠷᠢ ᠶᠢᠨ ᠣᠷᠣᠯᠭ᠎ᠠ 2281.9 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ | ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ | ᠣᠶᠢᠯᠠᠭᠠᠭᠰᠠᠨ ᠢᠶᠠᠷ᠂ 2017 ᠣᠨ ᠠᠴᠠ ᠨᠠᠰᠢ᠂ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠣᠷᠣᠯᠭ᠎ᠠ ᠶᠢᠨ | ᠪᠠᠶᠢᠳᠠᠯ ᠪᠣᠯᠤᠨ ᠬᠦᠴᠢᠷ ᠪᠡᠷᠬᠡᠰᠢᠶᠡᠯᠲᠡᠶ ᠬᠦᠨᠳᠦ ᠨᠦᠰᠡᠷ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ | ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠦᠬᠦ ᠣᠷᠣᠨ ᠤ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠣᠷᠣᠵᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠭᠤᠣᠯ ᠡᠭᠦᠷᠭᠡ ᠶᠢᠨ | ᠲᠣᠭᠤᠷᠢᠨ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ ᠠᠬᠢᠭᠤᠯᠵᠤ᠂ ᠤᠯᠤᠰ ᠤᠨ | ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠬᠠᠮᠲᠤᠷᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠭᠠᠶᠢᠯᠢ ᠲᠠᠲᠠᠪᠤᠷᠢ ᠶᠢᠨ ᠣᠷᠣᠯᠭ᠎ᠠ ᠬᠠᠨᠳᠤᠰᠢ ᠨᠢ ᠲᠣᠭᠲᠠᠭᠤᠨ᠂ ᠶᠠᠰᠤ ᠴᠢᠨᠠᠷ ᠨᠢ ᠳᠡᠭᠡᠭᠰᠢᠯᠡᠭᠰᠡᠨ | ᠬᠥᠭᠵᠢᠯᠲᠡ ᠶᠢᠨ ᠰᠠᠶᠢᠨ ᠰᠠᠢᠬᠠᠨ ᠪᠠᠶᠢᠳᠠᠯ ᠲᠠᠢ ᠪᠣᠯᠵᠠᠢ᠃ ᠥᠩᠭᠡᠷᠡᠭᠰᠡᠨ ᠨᠢᠭᠡ ᠵᠢᠯ ᠳᠤ᠂ ᠪᠦᠬᠦ ᠣᠷᠣᠨ ᠤ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠤᠯᠤᠰ ᠤᠨ ᠭᠠᠶᠢᠯᠢ ᠪᠣᠯᠤᠨ ᠣᠷᠣᠨ ᠨᠤᠲᠤᠭ ᠤᠨ ᠭᠠᠶᠢᠯᠢ | ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠤᠯᠤᠰ ᠪᠣᠯᠤᠨ ᠣᠷᠣᠨ | ᠨᠤᠲᠤᠭ ᠤᠨ ᠭᠠᠶᠢᠯᠢ ᠶᠢᠨ ᠬᠠᠮᠲᠤᠷᠠᠨ ᠠᠵᠢᠯᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ᠂ ᠨᠢᠭᠡ ᠬᠦᠰᠦᠨᠦᠭᠲᠦ ᠳᠤ ᠴᠤᠭᠯᠠᠷᠠᠭᠤᠯᠬᠤ᠂ ᠤᠯᠤᠰ ᠪᠣᠯᠣᠨ ᠣᠷᠣᠨ ᠨᠣᠲᠤᠭ ᠤᠨ | ᠭᠠᠶᠢᠯᠢ ᠶᠢᠨ ᠶᠠᠪᠤᠳᠠᠯ ᠤᠨ ᠬᠢᠨ ᠬᠠᠮᠲᠤᠷᠠᠨ ᠭᠦᠢᠴᠡᠳᠬᠡᠬᠦ᠂ ᠨᠢᠭᠡ ᠯᠡ ᠤᠳᠠᠭ᠎ᠠ ᠰᠢᠶᠳᠪᠦᠷᠢᠯᠡᠵᠦ ᠳᠠᠭᠤᠰᠬᠠᠬᠤ︾ | ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ ᠬᠠᠮᠲᠤᠷᠠᠨ ᠭᠠᠶᠢᠯᠢ ᠭᠦᠶᠴᠡᠳᠬᠡᠬᠦ ᠦᠶᠯᠡᠴᠢᠯᠡᠭᠡᠨ ᠤ | ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠭᠠᠶᠢᠯᠢ ᠲᠤᠰᠢᠶᠠᠭᠴᠢ ᠶᠢ ᠨᠡᠩ ᠢᠯᠡᠭᠦᠦ ᠬᠦᠷᠲᠡᠮᠵᠢ ᠶᠢᠨ ᠰᠡᠳᠬᠢᠯᠭᠡ | ᠲᠠᠢ ᠪᠣᠯᠭᠠᠵᠠᠢ︔ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ︽ᠡᠷᠬᠡ ᠶᠢ ᠪᠠᠭᠤᠯᠭᠠᠬᠤ᠂ ᠬᠠᠮᠢᠶᠠᠷᠬᠤ᠂ | ᠦᠶᠯᠡᠴᠢᠯᠡᠬᠦ︾ ᠥᠭᠡᠷᠡᠴᠢᠯᠡᠯᠲᠡ ᠪᠣᠯᠣᠨ ︽ᠳᠦᠭᠦᠮᠴᠢᠯᠡᠬᠦ︾ ᠥᠭᠡᠷᠡᠴᠢᠯᠡᠯᠲᠡ ᠬᠢᠵᠦ᠂ ᠡᠯᠧᠺᠲᠷᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠶᠢᠭᠤᠯᠵᠤ᠂ ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠬᠢᠨ ᠰᠦᠯᠵᠢᠶᠡᠨ ᠳᠡᠭᠡᠷ᠎ᠡ ᠬᠠᠮᠲᠤᠷᠠᠨ ᠠᠵᠢᠯᠯᠠᠬᠤ ᠦᠢᠯᠡᠴᠢᠯᠡᠭᠡᠨ ᠤ ᠲᠢᠩᠬᠢᠮ ᠭᠠᠷᠭᠠᠵᠤ᠂ ᠡᠯ᠎ᠡ | ᠲᠦᠷᠦᠯ ᠤᠨ ᠭᠠᠶᠢᠯᠢ ᠲᠠᠲᠠᠪᠤᠷᠢ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠢ ᠢᠯᠭᠠᠷᠠᠭᠤᠯᠵᠤ ᠲᠣᠪᠴᠢᠯᠠᠨ | ᠨᠡᠶᠢᠯᠡᠭᠦᠯᠵᠦ᠂ ᠡᠯ᠎ᠡ ᠲᠥᠷᠥᠯ ᠤᠨ ᠮᠡᠳᠡᠭᠦᠯᠦᠨ ᠬᠦᠷᠭᠡᠬᠦ ᠮᠠᠲ᠋ᠧᠷᠢᠶᠠᠯ ᠢ ᠬᠠᠰᠤᠨ ᠨᠡᠶᠢᠯᠡᠭᠦᠯᠵᠦ᠂ ᠭᠠᠶᠢᠯᠢ | ᠲᠤᠰᠢᠶᠠᠭᠴᠢ ᠶᠢᠨ ᠲᠠᠭᠠᠰᠢᠶᠠᠯ ᠤᠨ ᠬᠡᠮᠵᠢᠶ᠎ᠡ ᠪᠣᠯᠣᠨ ᠵᠢᠷᠤᠮᠯᠠᠬᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ | ᠲᠦᠷᠦ ᠶᠢᠨ ᠶᠠᠪᠤᠳᠠᠯ ᠤᠨ ᠬᠤᠷᠢᠶᠠᠨ ᠤ 6 ᠵᠦᠢᠯ ᠤᠨ ᠭᠠᠶᠢᠯᠢ ᠶᠢ ᠬᠥᠩᠭᠡᠯᠡᠬᠦ ᠲᠦᠷᠦ ᠶᠢᠨ ᠪᠤᠳᠤᠯᠭ᠎ᠠ ᠪᠣᠯᠣᠨ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠳᠠᠯ ᠢ ᠳᠡᠮᠵᠢᠬᠦ᠂ ᠵᠢᠵᠢᠭ ᠪᠢᠴᠢᠯ ᠠᠵᠤ ᠠᠬᠤᠶᠢᠯᠠᠯ ᠪᠠ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠵᠡᠷᠭᠡ ᠠᠯᠢ ᠣᠯᠠᠨ ᠪᠦᠲᠦᠴᠡ ᠶᠢᠨ | ᠴᠢᠨᠠᠷᠲᠠᠢ ᠭᠠᠶᠢᠯᠢ ᠶᠢ ᠬᠥᠩᠭᠡᠯᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠬᠡᠷᠡᠭᠵᠢᠭᠦᠯᠵᠦ᠂ ᠪᠦᠬᠦ ᠵᠢᠯ ᠳᠤ 417.8 | ᠳ᠋ᠦᠩᠰᠢᠭᠤᠷ ᠲᠦᠬᠦᠷᠢᠭ ᠤᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ | ᠳᠠᠷᠤᠭᠠᠰᠤ ᠶᠢ ᠦᠨᠡᠨ ᠬᠦ ᠬᠥᠩᠭᠡᠯᠡᠨ ᠦᠷ᠎ᠡ ᠠᠰᠢᠭ ᠢ ᠨᠡᠮᠡᠭᠳᠡᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢᠨ | ᠥᠪᠡᠷ ᠤᠨ ᠥᠷᠲᠡᠭ ᠢ ᠪᠠᠭᠤᠷᠠᠭᠤᠯᠬᠤ ᠳᠤ ᠥᠷᠭᠦᠯᠵᠢᠯᠡᠨ ᠰᠡᠯᠭᠦᠬᠦ ᠬᠦᠴᠦᠨ ᠣᠯᠭᠤᠵᠠᠢ᠃ ︽ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠶᠢ ᠪᠦᠬᠦ | ᠬᠦᠴᠦ ᠪᠠᠷ ᠢᠶᠠᠨ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠰᠢᠨ᠎ᠡ ᠬᠥᠳᠡᠯᠭᠡᠭᠴᠢ | ᠡᠨᠧᠷᠭᠢ ᠶᠢ ᠴᠢᠷᠮᠠᠶᠢᠨ ᠬᠤᠷᠠᠮᠳᠤᠭᠤᠯᠵᠤ ᠥᠭᠴᠡᠢ᠃ ᠲᠠᠲᠠᠪᠤᠷᠢᠯᠠᠨ ᠬᠠᠮᠢᠶᠠᠷᠬᠤ ᠶᠢ ᠴᠢᠩᠭᠠᠳᠬᠠᠵᠤ ᠣᠷᠣᠯᠭ᠎ᠠ | ᠪᠣᠯᠣᠨ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ︽ | ᠡᠷᠭᠢᠵᠦ ᠬᠠᠷᠠᠬᠤ︾ ᠴᠡᠭᠴᠡᠯᠡᠨ ᠥᠭᠡᠷᠡᠴᠢᠯᠡᠬᠦ ᠪᠠᠷ ᠲᠣᠬᠢᠶᠠᠯ ᠪᠣᠯᠭᠠᠨ᠂ ᠡᠯ᠎ᠡ ᠭᠠᠵᠠᠷ ᠢ ᠵᠣᠬᠢᠶᠠᠨ ᠪᠠᠶᠢᠭᠤᠯᠤᠨ | ᠭᠠᠶᠢᠯᠢ ᠰᠦᠢᠳᠬᠡᠯ ᠤᠨ ᠲᠥᠷᠥᠯ ᠨᠢᠭᠡᠪᠦᠷᠢ᠂ ᠠᠵᠢᠯ ᠲᠦᠷᠦᠯ ᠨᠢᠭᠡᠪᠦᠷᠢ᠂ ᠭᠠᠵᠠᠷ ᠣᠷᠣᠨ ᠨᠢᠭᠡᠪᠦᠷᠢ ᠪᠠᠷ | ᠲᠠᠲᠠᠪᠤᠷᠢᠯᠠᠵᠤ ᠬᠠᠮᠢᠶᠠᠷᠬᠤ ᠠᠵᠢᠯ ᠤᠨ ᠠᠯᠳᠠᠰᠢ ᠶᠢ ᠵᠠᠳᠠᠯᠵᠤ᠂ ᠡᠯ᠎ᠡ ᠭᠠᠵᠠᠷ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠰᠢᠮᠳᠠᠭᠤᠯᠤᠨ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ | ᠣᠷᠣᠯᠭ᠎ᠠ ᠶᠢᠨ ᠲᠦᠭᠰᠢᠭᠦᠷᠢ ᠶᠢ ᠰᠡᠷᠭᠡᠶᠢᠯᠡᠨ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠪᠣᠯᠣᠨ ᠭᠠᠶᠢᠯᠢ | ᠲᠠᠲᠠᠪᠤᠷᠢ ᠶᠢᠨ ᠶᠠᠰᠤ ᠴᠢᠨᠠᠷ ᠤᠨ ᠯᠠᠪᠳᠠᠭᠤᠨ ᠳᠡᠭᠡᠭᠰᠢᠯᠡᠯᠲᠡ ᠶᠢ ᠪᠦᠲᠦᠮᠵᠢᠲᠡᠢ ᠠᠬᠢᠭᠤᠯᠵᠤ᠂ ᠪᠦᠭᠦ ᠣᠷᠣᠨ ᠤ | ᠥᠭᠡᠷᠡᠴᠢᠯᠡᠯᠲᠡ ᠬᠥᠭᠵᠢᠯᠲᠡ ᠳᠤ ᠡᠳ᠋ ᠬᠦᠴᠦᠨ ᠤ ᠲᠦᠰᠢᠭ ᠲᠤᠯᠭᠠᠭᠤᠷᠢ ᠬᠠᠩᠭᠠᠪᠠ᠃ |