| | ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ | ᠠᠬᠤᠢ ᠶᠢᠨ ᠠᠵᠢᠯ ᠤᠨ ᠬᠤᠷᠠᠯ 2018 ᠣᠨ ᠤ 1 ᠳ᠋ᠦ᠋ᠭᠡᠷ ᠰᠠᠷ᠎ᠠ ᠶᠢᠨ 3 ᠠᠴᠠ 4 ᠤ ᠡᠳᠦᠷ ᠪᠤᠯᠳᠠᠯ᠎ᠠ | ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠰᠢᠭᠦᠨ 72 ᠬᠦᠮᠦᠨ᠂ ᠤᠷᠤᠯᠠᠬᠴᠢ ᠬᠡᠰᠢᠭᠦᠨ | 13 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ | ᠨᠦᠬᠦᠳ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ | ᠬᠠᠷᠢᠭᠤᠴᠠᠯᠭᠠᠳᠠᠨ ᠨᠦᠬᠦᠳ᠂ ᠬᠤᠰᠢᠭᠤ ᠰᠢᠶᠠᠨ ᠬᠤᠳᠠ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ | ᠬᠠᠷᠢᠭᠤᠴᠠᠯᠭᠠᠳᠠᠨ ᠨᠦᠬᠦᠳ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠤᠯᠠ | ᠤᠷᠤᠯᠴᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦᠳᠡ ᠬᠤᠷᠠᠯ ᠢ | ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ | ᠰᠢᠶᠤᠤ ᠯᠢᠨ ᠲᠤᠰ ᠲᠤᠰ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠤᠷᠢᠭ ᠰᠠᠨᠠᠭ᠎ᠠ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠨ ᠲᠤᠤᠱᠯᠠᠭᠤᠯᠵᠤ᠂ ᠯᠢ ᠵᠢᠢ ᠾᠧᠩ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ ᠬᠢᠭᠰᠡᠨ ᠠᠵᠢᠯ ᠤᠨ ᠮᠡᠳᠡᠭᠦᠯᠦᠯᠳᠡ ᠶᠢ ᠰᠤᠨᠤᠰᠤᠨ ᠶᠠᠷᠢᠯᠴᠠᠵᠤ᠂ | ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2018 ᠣᠨ ᠤ ᠠᠵᠤ ᠠᠬᠤᠢ ᠶᠢᠨ ᠠᠵᠢᠯ ᠢ | ᠪᠠᠶᠢᠷᠢᠯᠠᠭᠤᠯᠪᠠ᠃ | ᠪᠦᠬᠦᠳᠡ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠨᠢᠭᠡ ᠵᠢᠯ ᠤᠨ ᠲᠤᠷᠰᠢᠬᠢ ᠠᠵᠢᠯ ᠢ ᠬᠦᠢᠴᠡᠳ ᠨᠤᠳᠠᠯᠠᠪᠠ᠃ ᠪᠦᠭᠦᠳᠡ ᠬᠤᠷᠠᠯ ᠠᠴᠠ᠂ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ | ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠢᠨᠠᠮᠠᠭᠠᠢ ᠨᠡᠶᠢᠳᠡᠪᠦᠷᠢᠵᠢᠭᠤᠯᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠪᠦᠬᠦ ᠤᠷᠤᠨ ᠤ ᠦᠨᠳᠦᠰᠦᠳᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠳᠠᠯᠠᠨ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠳᠤᠵᠤ | ᠤᠬᠠᠭᠤᠯᠣᠨ ᠳᠣᠣᠱᠯᠠᠭᠤᠯᠬᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ | ᠪᠡᠯᠭᠡᠯᠡᠭᠦ᠂ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ | ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠵᠡᠷᠭᠡ ᠲᠤᠮᠤ ᠶᠠᠪᠤᠳᠠᠯ ᠢ ᠭᠤᠤᠯᠳᠠᠯᠭ᠎ᠠ ᠲᠠᠢ ᠠᠳᠬᠤᠵᠤ᠂ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠠᠵᠢᠯ ᠤᠨ ᠬᠦᠨᠵᠡᠭᠡᠶᠢᠷᠡᠨ ᠬᠦᠭᠵᠢᠭᠦ ᠶᠢ ᠯᠠᠪᠳᠠᠭᠤᠨ | ᠪᠠᠳᠤᠳᠠᠢ ᠠᠬᠢᠭᠤᠯᠵᠤ᠂ ᠠᠵᠤ ᠠᠬᠤᠢ ᠶᠢᠨ ᠲᠤᠬᠳᠠᠭᠤᠨ ᠢᠶᠠᠷ ᠡᠷᠡᠭᠦᠯ ᠢᠶᠠᠷ ᠬᠦᠭᠵᠢᠬᠦ ᠶᠢ ᠪᠦᠬᠦ | ᠬᠦᠴᠦᠨ ᠢᠶᠠᠷ ᠢᠶᠠᠨ ᠪᠠᠳᠤᠯᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠳᠡᠢ | ᠬᠦᠭᠵᠢᠭᠦᠯᠦᠨ᠂ ᠦᠵᠡᠯ ᠰᠠᠨᠠᠭ᠎ᠠ ᠰᠤᠷᠳᠠᠯ ᠤᠬᠭᠤᠯᠭᠠ ᠰᠤᠶᠤᠯ ᠤᠨ ᠠᠵᠢᠯ ᠢ ᠦᠨᠡᠨᠭᠦ ᠴᠢᠩᠭᠠᠳᠬᠠᠵᠤ᠂ | ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠵᠤ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢ ᠦᠷᠭᠦᠯᠵᠢᠯᠡᠨ ᠰᠠᠶᠢᠳᠤᠷ ᠠᠳᠬᠤᠵᠤ᠂ ᠡᠷᠡᠰ ᠭᠤᠶᠢᠪᠢᠰᠢ ᠦᠭᠡᠢ ᠪᠠᠷ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠵᠤ᠂ ᠡᠯ᠎ᠠ ᠵᠦᠢᠯ ᠤᠨ ᠦᠢᠯᠡᠰ ᠰᠢᠨ᠎ᠠ ᠠᠬᠢᠴᠠ ᠲᠠᠢ ᠪᠤᠯᠵᠤ ᠰᠢᠨ᠎ᠠ ᠦᠷ᠎ᠠ | ᠪᠦᠳᠦᠮᠵᠢ ᠤᠯᠬᠤ ᠶᠢ ᠠᠬᠢᠭᠤᠯᠪᠠ ᠬᠡᠵᠤ ᠰᠠᠨᠠᠯ ᠨᠢᠭᠡᠳᠡᠢ ᠦᠵᠡᠪᠡ᠃ | ᠪᠦᠬᠦᠳᠡ ᠬᠤᠷᠠᠯ ᠠᠴᠠ᠂ ᠲᠦᠷᠦᠭᠦᠭᠡᠨ ᠬᠤᠷᠠᠯᠳᠤᠬᠰᠠᠨ ᠲᠦᠪ ᠤᠨ ᠠᠵᠤ ᠠᠬᠤᠢ ᠶᠢᠨ ᠠᠵᠢᠯ ᠤᠨ | ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠠᠵᠤ ᠠᠬᠤᠢ ᠶᠢᠨ | ᠬᠦᠭᠵᠢᠯᠳᠡ ᠶᠢᠨ ᠤᠯᠤᠬᠰᠠᠨ ᠲᠡᠤᠭᠡᠳᠦ ᠴᠢᠨᠠᠷᠳᠠᠢ ᠠᠮᠵᠢᠯᠳᠡ᠂ ᠭᠠᠷᠣᠭᠰᠠᠨ ᠲᠡᠤᠭᠡᠳᠦ ᠴᠢᠨᠠᠷᠳᠠᠢ ᠬᠤᠪᠢᠰᠤᠯᠳᠠ ᠶᠢ | ᠪᠦᠬᠦ ᠲᠠᠯ᠎ᠠ ᠪᠠᠷ ᠳ᠋ᠦᠩᠨᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠬᠦᠨᠵᠡᠭᠡᠢ ᠦᠭᠦᠯᠡᠨ ᠳᠣᠭᠠᠴᠢᠵᠣ᠂ ᠤᠳᠤᠬᠠᠨ ᠤ | ᠠᠵᠤ ᠠᠬᠤᠢ ᠶᠢᠨ ᠪᠠᠶᠢᠳᠠᠯ ᠢ ᠬᠦᠨᠵᠡᠭᠡᠢ ᠵᠠᠳᠠᠯᠵᠤ᠂ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ᠂ ᠭᠤᠤᠯ ᠬᠠᠷᠠᠯᠳᠠ᠂ ᠭᠤᠤᠯᠳᠠᠯᠭ᠎ᠠ ᠲᠠᠢ ᠡᠭᠦᠷᠭᠡ ᠶᠢ ᠲᠤᠳᠤᠷᠬᠠᠢ ᠲᠤᠷᠠᠳᠴᠤ᠂ ᠪᠢᠳᠡ ᠠᠵᠤ | ᠠᠬᠤᠢ ᠶᠢᠨ ᠠᠵᠢᠯ ᠢᠶᠠᠨ ᠰᠠᠶᠢᠳᠤᠷ ᠬᠢᠭᠦ ᠳᠤ ᠦᠨᠳᠦᠰᠦᠨ ᠵᠢᠷᠤᠮᠯᠠᠯ ᠬᠠᠩᠭᠠᠵᠠᠢ ᠬᠡᠵᠤ ᠦᠵᠡᠪᠡ᠃ | ᠪᠦᠬᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠨᠳᠦᠷ ᠳᠤ ᠵᠤᠬᠰᠤᠨ ᠠᠯᠤᠰ ᠢ ᠪᠠᠷᠠᠯᠠᠵᠤ᠂ | ᠰᠢᠨᠵᠢᠯᠡᠭᠦ ᠤᠬᠠᠭᠠᠨᠴᠢ ᠪᠠᠷ ᠠᠶᠠᠯᠠᠯ ᠢ ᠵᠠᠮᠴᠢᠯᠠᠵᠦ᠂ ᠠᠵᠤ ᠠᠬᠤᠢ ᠶᠢᠨ ᠪᠠᠶᠢᠳᠠᠯ ᠢ ᠤᠨᠤᠪᠴᠢᠳᠠᠢ ᠮᠠᠭᠠᠳᠯᠠᠨ᠂ | ᠠᠵᠤ ᠠᠬᠤᠢ ᠶᠢᠨ ᠠᠵᠢᠯ ᠳᠤ ᠣᠨᠣᠪᠴᠢᠳᠠᠢ ᠰᠢᠢᠳᠪᠦᠷᠢᠳᠤ ᠪᠤᠳᠤᠯᠭ᠎ᠠ ᠲᠤᠬᠳᠠᠭᠠᠵᠤ᠂ ᠬᠦᠭᠵᠢᠯᠳᠡ ᠶᠢᠨ | ᠰᠡᠳᠬᠢᠴᠡ ᠳᠡᠭᠡᠨ ᠰᠢᠨᠵᠢᠯᠡᠭᠦ ᠤᠬᠠᠭᠠᠨᠴᠢ ᠪᠠᠷ ᠲᠤᠬᠢᠷᠠᠭᠤᠯᠦᠯᠳᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ | ᠬᠦᠭᠵᠢᠯᠳᠡ ᠲᠡᠤᠭᠡᠳᠦ ᠴᠢᠨᠠᠷᠳᠠᠢ ᠠᠮᠵᠢᠯᠳᠡ ᠤᠯᠵᠤ᠂ ᠲᠡᠤᠭᠡᠳᠦ ᠴᠢᠨᠠᠷᠳᠠᠢ ᠬᠤᠪᠢᠰᠤᠯᠳᠠ ᠭᠠᠷᠬᠤ ᠶᠢ ᠬᠦᠳᠦᠯᠦᠨ | ᠵᠢᠯᠤᠭᠤᠳᠪᠠ᠃ 5 ᠵᠢᠯ ᠤᠨ ᠲᠤᠷᠰᠢ᠂ ᠨᠠᠮ ᠤᠨ ᠲᠦᠪ ᠬᠤᠷᠢᠶ᠎ᠠ ᠠᠵᠤ ᠠᠬᠤᠢ ᠶᠢᠨ ᠠᠵᠢᠯ ᠳᠠᠬᠢ ᠨᠠᠮ ᠤᠨ | ᠲᠦᠪᠯᠡᠷᠡᠩᠬᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ | ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ | ᠪᠠᠶᠢᠳᠠᠯ ᠳᠤ ᠵᠤᠬᠢᠴᠠᠵᠤ᠂ ᠡᠵᠡᠮᠰᠢᠵᠤ᠂ ᠬᠦᠳᠦᠯᠦᠨ ᠲᠠᠭᠠᠭᠤᠯᠬᠤ ᠶᠢ ᠪᠠᠷᠢᠮᠳᠠᠯᠠᠵᠤ᠂ ᠡᠬᠢ ᠪᠠᠶᠠᠯᠢᠭ ᠢ | ᠲᠤᠬᠢᠷᠠᠭᠤᠯᠬᠤ ᠳᠣᠮᠳᠠ ᠵᠠᠬ᠎ᠠ ᠲᠡᠯᠭᠡᠭᠦᠷ ᠤᠨ ᠰᠢᠢᠳᠪᠦᠷᠢᠯᠡᠭᠴᠢ ᠴᠢᠨᠠᠷᠳᠠᠢ ᠦᠢᠯᠡᠳᠦᠯ ᠦᠵᠡᠭᠦᠯᠬᠦ᠂ ᠵᠠᠰᠠᠭ ᠤᠨ | ᠤᠷᠳᠤᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠬᠤ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ | ᠠᠬᠤᠢ ᠶᠢᠨ ᠬᠦᠭᠵᠢᠯᠳᠡ ᠶᠢᠨ ᠭᠤᠤᠯ ᠵᠦᠷᠢᠴᠡᠯ ᠤᠨ ᠬᠤᠪᠢᠷᠠᠯᠳᠠ ᠳᠤ ᠵᠤᠬᠢᠴᠠᠬᠤ ᠶᠢ ᠪᠠᠷᠢᠮᠳᠠᠯᠠᠨ ᠬᠤᠷᠸ᠎ᠠ | ᠡᠵᠡᠮᠰᠢᠯ ᠲᠤᠬᠢᠷᠠᠭᠤᠯᠭ᠎ᠠ ᠶᠢ ᠲᠡᠭᠦᠯᠳᠡᠷᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ | ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠵᠣ᠂ ᠵᠦᠪ ᠠᠵᠢᠯ ᠤᠨ ᠠᠷᠭ᠎ᠠ | ᠪᠤᠳᠤᠯᠭ᠎ᠠ ᠪᠠ ᠠᠷᠭ᠎ᠠ ᠬᠡᠮᠵᠢᠶ᠎ᠠ ᠶᠢ ᠪᠠᠷᠢᠮᠳᠠᠯᠠᠵᠦ᠂ ᠦᠢᠯᠡᠳᠦᠯᠭᠡ ᠲᠤᠮᠳᠠ ᠰᠢᠨ᠎ᠠ ᠬᠦᠭᠵᠢᠯᠳᠡ ᠶᠢᠨ | ᠣᠨᠣᠯᠵᠢᠬᠤᠨ ᠢᠶᠠᠷ ᠭᠤᠤᠯ ᠠᠭᠤᠯᠭ᠎ᠠ ᠪᠤᠯᠭᠠᠬᠰᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ᠃ ᠡᠨᠡᠭᠦ | ᠴᠢᠬᠤᠯᠠ ᠦᠵᠡᠯ ᠰᠠᠨᠠᠭ᠎ᠠ ᠪᠤᠯ᠂ 5 ᠵᠢᠯ ᠤᠨ ᠲᠤᠷᠰᠢ ᠨᠠᠮ ᠤᠨ ᠲᠦᠪ ᠬᠤᠷᠢᠶ᠎ᠠ ᠮᠠᠨ ᠤ ᠤᠯᠤᠰ ᠤᠨ ᠠᠵᠤ | ᠠᠬᠤᠢ ᠶᠢᠨ ᠬᠦᠭᠵᠢᠯᠳᠡ ᠶᠢᠨ ᠦᠢᠯᠡᠳᠦᠯᠭᠡ ᠶᠢ ᠠᠬᠢᠭᠤᠯᠤᠬᠰᠠᠨ ᠤᠨᠤᠯ ᠤᠨ ᠤᠬᠢ ᠲᠠᠯᠠᠰᠳᠦ ᠪᠤᠯᠤᠨ᠎ᠠ᠂ ᠮᠠᠷᠺᠰ | ᠤᠨ ᠦᠵᠡᠯ ᠤᠨ ᠦᠨᠳᠦᠰᠦᠨ ᠤᠭ ᠶᠤᠰᠤ ᠶᠢ ᠬᠡᠷᠡᠭᠯᠡᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠤᠯᠤᠰ ᠲᠦᠷᠦ ᠠᠵᠤ ᠠᠬᠤᠢ ᠶᠢᠨ ᠤᠬᠠᠭᠠᠨ ᠳᠤ ᠬᠢᠭᠰᠡᠨ ᠤᠶᠤᠨᠴᠢ ᠬᠤᠷᠢᠶᠠᠩᠭᠤᠶᠢᠯᠠᠯ ᠪᠤᠯᠤᠨ᠎ᠠ᠂ ᠨᠠᠮ ᠪᠤᠯᠤᠨ | ᠤᠯᠤᠰ ᠤᠨ ᠲᠤᠶᠢᠯ ᠤᠨ ᠬᠤᠪᠤᠷ ᠨᠠᠨᠳᠢᠨ ᠤᠶᠤᠨ ᠰᠠᠨᠠᠭᠠᠨ ᠤ ᠦᠪ ᠬᠦᠷᠦᠩᠭᠡ ᠪᠤᠯᠤᠨ᠎ᠠ᠂ ᠪᠢᠳᠡ ᠠᠵᠤ | ᠠᠬᠤᠢ ᠶᠢᠨ ᠠᠵᠢᠯ ᠢ ᠰᠠᠶᠢᠳᠤᠷ ᠬᠢᠭᠦ ᠳᠤ ᠵᠠᠪᠠᠯ ᠤᠷᠳᠤ ᠬᠤᠭᠤᠴᠠᠭ᠎ᠠ ᠪᠠᠷ ᠪᠠᠷᠢᠮᠳᠠᠯᠠᠬᠤ ᠵᠢᠯᠤᠭᠤᠳᠬᠤ ᠦᠵᠡᠯ | ᠰᠠᠨᠠᠭ᠎ᠠ ᠪᠤᠯᠤᠨ᠎ᠠ ᠭᠡᠵᠦ ᠦᠵᠡᠪᠡ᠃ | ᠪᠦᠬᠦᠳᠡ ᠬᠤᠷᠠᠯ ᠠᠴᠠ᠂ 2018 ᠣᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠲᠤᠤᠱᠯᠠᠭᠤᠯᠬᠤ ᠡᠬᠢᠯᠡᠯᠳᠡ ᠶᠢᠨ ᠵᠢᠯ ᠪᠣᠯᠣᠨ᠎ᠠ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ | ᠤᠢ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ︽ | 13·5︾ ᠶᠢᠨ ᠲᠦᠯᠦᠪᠵᠢᠭᠦᠯᠭᠡ ᠶᠢ ᠬᠡᠷᠡᠭᠵᠢᠭᠦᠯᠭᠦ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ | ᠰᠡᠩᠭᠡᠷᠡᠭᠦᠯᠬᠦ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ | ᠬᠢᠭᠦ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠲᠦᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ | ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠠᠵᠤ ᠠᠬᠤᠢ ᠶᠢᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠪᠠᠷᠢᠮᠳᠠᠯᠠᠵᠤ᠂ ᠮᠠᠨ ᠤ ᠤᠯᠤᠰ ᠤᠨ ᠨᠡᠶᠢᠭᠡᠮ | ᠤᠨ ᠭᠤᠤᠯ ᠵᠦᠷᠢᠴᠡᠯ ᠤᠨ ᠬᠤᠪᠢᠷᠠᠯᠳᠠ ᠶᠢᠨ ᠳᠣᠭᠤᠷᠢᠨ ᠳᠤ᠂ ᠴᠢᠨᠠᠷ ᠰᠠᠶᠢᠳᠠᠢ ᠬᠦᠭᠵᠢᠭᠦᠯᠬᠦ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ᠨᠡᠮᠡᠭᠳᠡᠯ ᠢ ᠲᠤᠬᠳᠠᠪᠤᠷᠢᠵᠢᠭᠤᠯᠬᠤ᠂ | ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠳᠤ ᠠᠰᠢᠭ ᠬᠦᠷᠳᠡᠭᠡᠭᠦ᠂ | ᠲᠦᠭᠰᠢᠭᠦᠷᠢ ᠶᠢ ᠰᠡᠷᠬᠡᠶᠢᠯᠡᠭᠦ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ | ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠦᠨ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ | ᠲᠦᠷᠭᠡᠳᠭᠡᠵᠤ᠂ ᠴᠢᠨᠠᠷ ᠤᠨ ᠬᠤᠪᠢᠰᠤᠯᠳᠠ᠂ ᠥᠷ᠎ᠡ ᠪᠥᠲᠥᠮᠵᠢ ᠶᠢᠨ ᠬᠤᠪᠢᠰᠤᠯᠳᠠ᠂ ᠬᠦᠳᠡᠯᠭᠡᠭᠦ ᠬᠦᠴᠦᠨ ᠤ | ᠬᠤᠪᠢᠰᠤᠯᠳᠠ ᠶᠢ ᠶᠡᠭᠡᠪᠡᠷ ᠠᠬᠢᠭᠤᠯᠵᠤ᠂ ᠬᠦᠨᠳᠦ ᠶᠡᠭᠡ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ᠂ ᠤᠨᠢᠨ | ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠬᠡᠶᠢᠯᠡᠨ ᠵᠠᠰᠠᠬᠤ ᠭᠤᠷᠪᠠᠨ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠡᠷᠡᠰ ᠰᠠᠶᠢᠳᠣᠷ ᠬᠢᠵᠦ᠂ ᠬᠦᠭᠵᠢᠯᠳᠡ᠂ ᠠᠷᠠᠳ ᠤᠨ ᠠᠮᠢᠳᠤᠷᠠᠯ᠂ ᠠᠮᠢ ᠠᠬᠤᠢ ᠭᠤᠷᠪᠠᠨ | ᠬᠤᠷᠢᠭ᠎ᠠ ᠱᠤᠭᠤᠮ ᠢ ᠡᠷᠡᠰ ᠰᠠᠶᠢᠳᠤᠷ ᠰᠠᠬᠢᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠤᠳᠤᠬᠠᠨ ᠳᠤ ᠮᠠᠨ ᠤ ᠤᠯᠤᠰ ᠤᠨ ᠠᠵᠤ ᠠᠬᠤᠢ ᠨᠢᠭᠡᠨᠳᠡ ᠲᠦᠷᠭᠡᠨ ᠨᠡᠮᠡᠭᠳᠡᠯ | ᠤᠨ ᠱᠠᠳᠤᠨ ᠠᠴᠠ ᠪᠠᠨ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠰᠢᠯᠵᠢᠪᠡ᠂ ᠪᠢᠳᠡ ᠡᠷᠬᠡᠪᠰᠢ ᠲᠦᠪ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠲᠤᠬᠳᠠᠭᠤᠨ ᠤ ᠲᠤᠮᠳᠠ | ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠳᠤ ᠡᠵᠡᠮᠰᠢᠵᠤ᠂ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠡᠨᠡᠭᠦ ᠦᠨᠳᠦᠰᠦᠨ ᠱᠠᠭᠠᠷᠳᠠᠯᠭ᠎ᠠ ᠶᠢ ᠪᠠᠳᠤ ᠡᠵᠡᠮᠰᠢᠵᠤ᠂ ᠤᠳᠤᠬᠢᠴᠢᠯᠠᠬᠰᠠᠨ ᠠᠵᠤ | ᠠᠬᠤᠢ ᠶᠢᠨ ᠰᠢᠰᠲ᠋ᠧᠮ ᠢ ᠪᠠᠶᠢᠭᠤᠯᠬᠤ ᠡᠨᠡᠭᠦ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠪᠠᠳᠤ ᠡᠵᠡᠮᠰᠢᠵᠤ᠂ ᠠᠷᠠᠳ | ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠡᠵᠡᠮᠰᠢᠵᠤ᠂ ᠬᠦᠭᠵᠢᠯᠳᠡ ᠶᠢᠨ | ᠰᠡᠳᠬᠢᠴᠡ ᠶᠢᠨ ᠦᠷᠭᠦᠯᠵᠢᠯᠡᠭᠦ ᠴᠢᠨᠠᠷ ᠪᠠ ᠲᠤᠬᠳᠠᠭᠤᠨ ᠴᠢᠨᠠᠷ ᠢ ᠪᠠᠳᠤ ᠡᠵᠡᠮᠰᠢᠵᠤ᠂ ᠢᠳᠡᠭᠡᠯ ᠵᠤᠷᠢᠭ ᠢᠶᠠᠨ | ᠪᠠᠳᠤᠳᠬᠠᠨ᠂ ᠠᠵᠠ ᠲᠤᠬᠢᠶᠠᠯ ᠢ ᠠᠮᠵᠢᠵᠤ᠂ ᠡᠷᠴᠢ ᠵᠣᠷᠢᠭ ᠢᠶᠠᠨ ᠬᠦᠪᠴᠢᠯᠡᠵᠦ᠂ ᠨᠡᠶᠢᠳᠡᠪᠦᠷᠢᠵᠢᠭᠤᠯᠬᠤ ᠶᠢ | ᠴᠢᠩᠭ᠎ᠠ ᠠᠳᠬᠤᠵᠤ᠂ ᠮᠠᠨ ᠤ ᠤᠷᠤᠨ ᠤ ᠠᠵᠤ ᠠᠬᠤᠢ ᠶᠢᠨ ᠨᠡᠩ ᠴᠢᠨᠠᠷ ᠰᠠᠶᠢᠳᠠᠢ᠂ ᠨᠡᠩ ᠦᠷ᠎ᠡ ᠠᠰᠢᠭ ᠲᠠᠢ᠂ | ᠨᠡᠩ ᠡᠷᠭᠡ ᠲᠡᠭᠰᠢ᠂ ᠨᠡᠩ ᠦᠷᠭᠦᠯᠵᠢᠯᠡᠭᠦ ᠴᠢᠭᠯᠡᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠵᠢᠭᠠᠵᠤ | ᠭᠠᠷᠭᠠᠪᠠ᠃ | ᠪᠦᠬᠦᠳᠡ ᠬᠤᠷᠠᠯ ᠠᠴᠠ᠂ ᠨᠢᠭᠡᠳᠦᠯᠳᠡᠢ ᠲᠦᠯᠦᠪᠵᠢᠭᠦᠯᠭᠦ ᠶᠢ ᠴᠢᠩᠭᠠᠳᠬᠠᠨ᠂ ᠪᠦᠬᠦ ᠲᠠᠯ᠎ᠠ ᠪᠠᠷ | ᠠᠬᠢᠭᠤᠯᠬᠤ ᠶᠢᠨ ᠬᠠᠮᠳᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠬᠢᠯᠠᠭ᠎ᠠ ᠶᠢᠨ ᠭᠤᠬᠴᠤᠭ᠎ᠠ ᠶᠢ ᠴᠢᠩᠭ᠎ᠠ ᠠᠳᠬᠤᠵᠤ | ᠂ ᠡᠨᠡ ᠵᠢᠯ ᠤᠨ ᠠᠵᠤ ᠠᠬᠤᠢ ᠶᠢᠨ ᠠᠵᠢᠯ ᠢ ᠦᠷ᠎ᠠ ᠪᠦᠳᠦᠮᠵᠢᠳᠡᠢ ᠰᠠᠶᠢᠳᠤᠷ ᠬᠢᠭᠦ ᠬᠡᠷᠡᠭᠳᠡᠢ᠃ ᠭᠤᠷᠪᠠᠨ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠲᠡᠭᠡᠷ᠎ᠠ ᠠᠩᠬᠠᠷᠦᠯ ᠢᠶᠠᠨ ᠲᠦᠪᠯᠡᠷᠡᠭᠦᠯᠦᠨ ᠬᠦᠴᠦᠨ ᠢᠶᠠᠨ | ᠲᠦᠪᠯᠡᠷᠡᠭᠦᠯᠵᠤ᠂ ᠲᠤᠰᠬᠠᠢ ᠲᠦᠰᠦᠯ ᠲᠤᠬᠳᠠᠭᠠᠨ᠂ ᠬᠠᠳᠠᠭᠤ ᠠᠷᠭ᠎ᠠ ᠬᠡᠮᠵᠢᠶ᠎ᠠ ᠠᠪᠴᠤ᠂ ᠲᠦᠭᠰᠢᠭᠦᠷᠢ ᠶᠢᠨ ᠬᠡᠮ | ᠰᠤᠭᠤᠭ ᠢ ᠰᠠᠨᠠᠭᠠᠴᠢᠯᠠᠭ᠎ᠠ ᠠᠴᠠ ᠪᠠᠨ ᠨᠠᠮᠳᠠᠭᠤᠯᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢᠨ | ᠬᠠᠮᠢᠶᠠᠷᠤᠯᠳᠠ ᠶᠢ ᠴᠢᠩᠭᠠᠳᠬᠠᠵᠤ᠂ ᠮᠦᠩᠭᠦᠨ ᠬᠦᠢᠯᠭᠡᠭᠡᠨ ᠤ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠨ | ᠡᠵᠡᠮᠳᠡᠵᠦ᠂ ᠬᠠᠤᠯᠢ ᠲᠤᠬᠳᠠᠭᠠᠯ ᠠᠴᠠ ᠵᠦᠷᠢᠴᠡᠭᠰᠡᠨ ᠮᠦᠩᠭᠦᠨ ᠬᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠤᠬᠢᠯᠳᠠ ᠥᠭᠴᠦ᠂ ᠲᠦᠭᠰᠢᠭᠦᠷᠢ ᠶᠢᠨ ᠬᠡᠮ ᠰᠤᠭᠤᠭ ᠢ ᠰᠡᠷᠡᠮᠵᠢᠯᠡᠭᠦᠯᠭᠦ ᠪᠠ ᠪᠠᠴᠢᠮ ᠠᠷᠭᠠᠴᠠᠨ ᠰᠢᠢᠳᠪᠦᠷᠢᠯᠡᠭᠦ | ᠲᠤᠬᠳᠠᠴᠠ ᠶᠢ ᠪᠦᠷᠢᠨᠰᠢᠭᠦᠯᠵᠤ᠂ ᠵᠠᠰᠠᠭ ᠤᠨ ᠤᠷᠳᠤᠨ ᠤ ᠦᠷᠢ ᠦᠭᠴᠡᠭᠡ ᠠᠴᠠ ᠨᠠᠰᠤᠨ ᠲᠤᠷᠰᠢᠳᠠ | ᠬᠠᠷᠢᠭᠤᠴᠠᠯᠭ᠎ᠠ ᠲᠤᠯᠭᠠᠬᠤ ᠲᠦᠷᠢᠮ ᠪᠠ ᠦᠷᠢ ᠦᠭᠴᠡᠭᠡ ᠶᠢᠨ ᠠᠰᠠᠭᠤᠳᠠᠯ ᠤᠨ ᠬᠡᠳᠡᠷᠭᠦ ᠪᠠᠶᠢᠴᠠᠭᠠᠬᠤ | ᠲᠤᠬᠳᠠᠴᠠ ᠶᠢ ᠲᠡᠭᠦᠯᠳᠡᠷᠵᠢᠭᠦᠯᠵᠤ᠂ ᠰᠢᠰᠲ᠋ᠧᠮᠲᠤ ᠴᠢᠨᠠᠷᠳᠠᠢ ᠲᠦᠭᠰᠢᠭᠦᠷᠢ ᠦᠯᠦ ᠡᠭᠦᠰᠭᠦ ᠬᠤᠷᠢᠭ᠎ᠠ ᠱᠤᠭᠤᠮ ᠢ | ᠪᠠᠳᠤ ᠰᠠᠬᠢᠬᠤ ᠬᠡᠷᠡᠭᠳᠡᠢ︔ ᠤᠨᠴᠠ ᠲᠤᠬᠲᠠᠬᠰᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠴᠢᠭᠯᠡᠭᠦᠯᠦᠨ | ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠤᠨᠴᠠ ᠶᠠᠳᠠᠭᠤ ᠬᠦᠴᠢᠷᠳᠡᠯᠲᠡᠢ ᠭᠠᠵᠠᠷ ᠤᠷᠤᠨ ᠳᠤ | ᠠᠩᠬᠠᠷᠣᠯ ᠢᠶᠠᠨ ᠲᠦᠪᠯᠡᠷᠡᠭᠦᠯᠦᠨ ᠬᠦᠴᠦᠯᠡᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠳᠤᠲᠤᠭᠠᠳᠦ ᠶᠢᠨ | ᠬᠦᠳᠡᠯᠬᠡᠬᠦ ᠬᠦᠴᠦᠨ ᠢ ᠬᠦᠭᠵᠢᠭᠡᠵᠦ᠂ ᠶᠠᠳᠠᠭᠤ ᠶᠢ ᠳᠡᠳᠭᠦᠬᠦ ᠬᠦᠷᠢᠶᠡᠨ ᠤ ᠢᠯᠵᠡᠷᠡᠯ ᠪᠤᠯᠤᠨ ᠰᠤᠷᠲᠠᠯ ᠤᠨ | ᠠᠰᠠᠭᠤᠳᠠᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠴᠢᠩᠭᠠᠳᠬᠠᠵᠦ᠂ ᠰᠢᠯᠭᠠᠨ ᠪᠠᠶᠢᠴᠠᠭᠠᠵᠣ ᠬᠢᠨᠠᠯᠲᠠ | ᠲᠠᠯᠪᠢᠬᠤ ᠶᠢ ᠴᠢᠩᠭᠠᠳᠬᠠᠨ ᠰᠠᠶᠢᠵᠢᠷᠠᠭᠤᠯᠵᠦ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠲᠦᠭᠡᠯ ᠲᠡᠥᠬᠡ | ᠪᠤᠯᠤᠨ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠦ ᠳᠡᠶᠢᠯᠬᠦ ᠶᠢ ᠪᠠᠲᠤᠯᠠᠬᠤ ᠬᠡᠷᠡᠭᠲᠡᠢ︔ ᠤᠷᠴᠢᠨ ᠲᠤᠭᠤᠷᠢᠨ ᠤ | ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠮᠤᠭ ᠤᠨ ᠴᠢᠩᠭ᠎ᠠ ᠤᠷᠴᠢᠨ ᠲᠤᠭᠤᠷᠢᠨ ᠢ | ᠬᠠᠮᠠᠭᠠᠯᠠᠬᠤ ᠲᠦᠷᠢᠮ ᠢ ᠡᠷᠡᠰ ᠬᠡᠷᠡᠭᠵᠢᠬᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ | ᠰᠡᠷᠬᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠦ᠂ ᠭᠤᠤᠯ ᠪᠤᠯᠬᠤ ᠪᠤᠬᠢᠷᠳᠤᠯ ᠪᠤᠳᠠᠰ ᠢ | ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠬᠡᠪᠡᠷ ᠪᠠᠭᠠᠰᠬᠠᠵᠦ᠂ ᠠᠮᠢ ᠠᠬᠤᠢ ᠤᠷᠴᠢᠨ ᠲᠤᠭᠤᠷᠢᠨ ᠤ ᠴᠢᠨᠠᠷ | ᠴᠢᠨᠰᠠᠭ᠎ᠠ ᠶᠢ ᠶᠡᠷᠦᠩᠬᠡᠢ ᠳᠤᠨᠢ ᠰᠠᠶᠢᠵᠢᠷᠠᠭᠤᠯᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ | ᠲᠦᠪᠯᠡᠷᠡᠭᠦᠯᠵᠦ᠂ ᠬᠦᠴᠦᠨ ᠵᠦᠢᠯ ᠤᠨ ᠲᠤᠬᠢᠷᠠᠭᠤᠯᠤᠯᠲᠠ ᠭᠠᠵᠢᠭᠤᠳᠠᠭᠰᠠᠨ ᠡᠨᠡᠬᠦ ᠪᠦᠲᠦᠴᠡ ᠶᠢᠨ ᠴᠢᠨᠠᠷᠲᠠᠢ | ᠵᠦᠷᠢᠴᠡᠯ ᠤᠨ ᠡᠬᠢ ᠡᠭᠦᠰᠦᠯ ᠢ ᠠᠳᠬᠤᠵᠦ᠂ ᠬᠦᠴᠦᠨ ᠵᠦᠢᠯ ᠢ ᠵᠠᠬ᠎ᠠ ᠳᠡᠯᠬᠡᠬᠦᠷᠵᠢᠭᠦᠯᠦᠨ ᠲᠤᠬᠢᠷᠠᠭᠤᠯᠬᠤ | ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ︽ᠡᠪᠳᠡᠬᠦ︾ ︽ᠪᠠᠶᠢᠭᠤᠯᠬᠤ︾ ︽ᠪᠠᠭᠤᠷᠠᠭᠤᠯᠬᠤ︾ ᠳᠡᠭᠡᠷ᠎ᠡ ᠶᠡᠭᠡ | ᠬᠦᠴᠦ ᠣᠷᠣᠭᠤᠯᠵᠣ᠂ ᠤᠯᠠᠮᠵᠢᠯᠠᠯᠲᠦ ᠠᠵᠦ ᠦᠢᠯᠡᠰ ᠢ ᠦᠭᠡᠷᠡᠴᠢᠯᠡᠨ ᠳᠡᠰ ᠳᠡᠪᠰᠢᠬᠦᠯᠬᠦ ᠶᠢ ᠳᠡᠮᠵᠢᠵᠦ᠂ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠵᠣ ᠪᠠᠶᠢᠭ᠎ᠠ ᠠᠵᠦ ᠦᠢᠯᠡᠰ ᠢ ᠬᠦᠭᠵᠢᠬᠦᠯᠵᠦ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠵᠦ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠣᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ᠲᠡᠮᠦᠷ ᠵᠠᠮ᠂ ᠵᠠᠰᠠᠮᠠᠯ | ᠵᠠᠮ᠂ ᠠᠭᠠᠷ ᠤᠨ ᠠᠶᠠᠯᠠᠯ᠂ ᠴᠠᠬᠢᠯᠭᠠᠨ ᠳᠣᠣᠷ᠂ ᠬᠤᠭᠤᠯᠠᠢ ᠭᠤᠣᠷᠰᠣ᠂ ᠬᠤᠲᠠ ᠶᠢᠨ ᠶᠠᠪᠤᠳᠠᠯ᠂ ᠤᠰᠤᠨ | ᠠᠰᠢᠬᠯᠠᠯᠲᠠ᠂ ᠮᠡᠳᠡᠭᠡ ᠵᠠᠩᠬᠢ᠂ ᠪᠤᠳᠠᠰ ᠤᠨ ᠬᠦᠢᠯᠭᠡᠭᠡ ᠵᠡᠷᠭᠡ ᠦᠨᠳᠦᠰᠦᠨ ᠲᠦᠬᠦᠭᠡᠷᠦᠮᠵᠢ ᠶᠢ ᠳᠣᠣᠷᠵᠢᠭᠤᠯᠬᠤ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠪᠡᠯᠡ ᠤᠷᠤᠭᠤᠯᠤᠯᠲᠠ ᠶᠢᠨ ᠬᠠᠩᠭᠠᠯᠭ᠎ᠠ ᠶᠢᠨ | ᠪᠦᠲᠦᠴᠡ ᠶᠢ ᠰᠢᠯᠢᠳᠡᠭᠵᠢᠬᠦᠯᠬᠦ ᠵᠠᠩᠬᠢᠯᠠᠭ᠎ᠠ ᠶᠢᠨ ᠴᠢᠨᠠᠷᠲᠠᠢ ᠦᠢᠯᠡᠳᠦᠯ ᠢ ᠬᠦᠢᠴᠡᠳ ᠪᠠᠳᠠᠷᠠᠭᠤᠯᠵᠦ᠂ ᠬᠠᠩᠭᠠᠯᠭ᠎ᠠ | ᠶᠢᠨ ᠰᠢᠰᠲ᠋ᠧᠮ ᠤᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠲᠠᠰᠤᠷᠠᠯᠳᠠ ᠦᠬᠡᠢ ᠳᠡᠭᠡᠭᠰᠢᠯᠡᠬᠦᠯᠬᠦ ᠬᠡᠷᠡᠭᠲᠡᠢ᠃ | ᠪᠤᠳᠠᠳᠦ ᠴᠤᠬᠴᠠ ᠶᠢᠨ ᠠᠵᠦ ᠠᠬᠤᠢ ᠶᠢ ᠪᠤᠵᠠᠭᠠᠶᠢᠷᠠᠭᠤᠯᠬᠤ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ | ᠢᠶᠠᠨ ᠲᠦᠪᠯᠡᠷᠡᠬᠦᠯᠵᠦ᠂ ᠠᠵᠦ ᠠᠬᠤᠢ ᠶᠢ ᠬᠦᠭᠵᠢᠬᠦᠯᠬᠦ ᠬᠦᠴᠦᠯᠡᠬᠦ ᠴᠡᠭ ᠢᠶᠠᠨ ᠢᠮᠠᠬᠲᠠ ᠪᠤᠳᠠᠳᠦ ᠴᠤᠬᠴᠠ ᠶᠢᠨ | ᠠᠵᠦ ᠠᠬᠤᠢ ᠳᠡᠭᠡᠷ᠎ᠡ ᠳᠠᠯᠪᠢᠵᠦ᠂ ᠠᠵᠦ ᠦᠢᠯᠡᠳᠪᠦᠷᠢ ᠶᠢᠨ ᠪᠡᠯᠡ ᠤᠷᠤᠭᠤᠯᠤᠯᠲᠠ ᠶᠢ ᠦᠷᠭᠡᠳᠭᠡᠵᠦ᠂ ᠡᠯ᠎ᠡ | ᠲᠦᠷᠦᠯ ᠤᠨ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠠᠮᠢᠳᠤᠯᠢᠭ ᠬᠦᠴᠦᠨ ᠢ ᠬᠦᠭᠵᠢᠭᠡᠵᠦ᠂ ᠬᠦᠷᠢᠶᠡᠯᠡᠩ | ᠲᠤᠭᠤᠷᠢᠭ ᠢ ᠮᠠᠨᠳᠤᠭᠤᠯᠬᠤ ᠲᠦᠯᠦᠪᠯᠡᠭᠡ ᠶᠢ ᠲᠤᠭᠲᠠᠭᠠᠨ ᠬᠡᠷᠡᠭᠵᠢᠬᠦᠯᠵᠦ᠂ ᠠᠵᠦ ᠠᠬᠤᠶᠢᠯᠠᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠪᠤᠳᠠᠳᠦ ᠴᠤᠬᠴᠠ ᠶᠢᠨ ᠠᠵᠦ ᠠᠬᠤᠢ ᠶᠢ ᠬᠦᠭᠵᠢᠭᠦᠯᠬᠦ | ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠬᠦᠭᠵᠢᠯᠲᠡ ᠶᠢᠨ ᠰᠠᠭᠤᠷᠢ ᠶᠢ ᠴᠢᠨᠠᠬᠰᠢᠲᠠ ᠪᠠᠳᠣᠳᠬᠠᠵᠣ᠂ ᠠᠵᠦ | ᠠᠬᠤᠢ ᠶᠢᠨ ᠴᠢᠨᠠᠷ ᠴᠢᠨᠰᠠᠭ᠎ᠠ ᠶᠢᠨ ᠳᠠᠪᠠᠭᠤᠯᠢᠭ ᠢ ᠴᠢᠩᠭᠠᠷᠠᠭᠤᠯᠬᠤ ᠬᠡᠷᠡᠭᠲᠡᠢ᠃ ᠬᠦᠳᠡᠭᠡ ᠲᠤᠰᠬᠤᠨ ᠢ | ᠮᠠᠨᠳᠤᠭᠤᠯᠬᠤ ᠶᠢ ᠠᠬᠢᠭᠤᠯᠬᠤ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠬᠦᠯᠵᠦ᠂ ᠮᠠᠯ | ᠠᠵᠦ ᠠᠬᠤᠢ ᠲᠠᠷᠢᠶᠠᠯᠠᠩ ᠪᠤᠯᠤᠨ ᠮᠠᠯᠵᠢᠬᠤ ᠳᠠᠷᠢᠶᠠᠯᠠᠬᠤ ᠤᠷᠤᠨ ᠢ ᠤᠷᠢᠳᠡᠪᠡᠷ ᠬᠦᠭᠵᠢᠬᠦᠯᠬᠦ ᠶᠢ ᠪᠠᠷᠢᠮᠳᠠᠯᠠᠵᠦ᠂ | ᠠᠵᠦ ᠦᠢᠯᠡᠰ ᠬᠦᠭᠵᠢᠨ ᠮᠠᠨᠳᠤᠬᠰᠠᠨ᠂ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠨᠣᠳᠤᠭ ᠤᠨ | ᠵᠠᠩᠰᠢᠯ ᠪᠤᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ | ᠶᠤᠰᠤᠭᠠᠷ᠂ ᠬᠦᠳᠡᠭᠡ ᠳᠣᠰᠬᠤᠨ ᠢ ᠬᠦᠭᠵᠢᠭᠦᠯᠤᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ | ᠲᠦᠯᠦᠪᠵᠢᠭᠦᠯᠭᠡ ᠶᠢ ᠰᠢᠮᠳᠠᠭᠤᠯᠤᠨ ᠳᠣᠭᠳᠠᠭᠠᠵᠣ᠂ ᠬᠤᠲᠠ ᠬᠦᠳᠡᠭᠡ ᠶᠢ ᠠᠭᠤᠰᠤᠯᠴᠠᠭᠤᠯᠣᠨ ᠬᠦᠭᠵᠢᠭᠦᠯᠬᠦ | ᠪᠠᠶᠢᠭᠤᠯᠤᠮᠵᠢ ᠲᠤᠬᠲᠠᠴᠠ ᠪᠤᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠮᠠᠯ | ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠬᠦᠨᠵᠡᠬᠡᠶᠢᠷᠡᠬᠦᠯᠵᠦ᠂ ᠤᠳᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠢ ᠬᠦᠭᠵᠢᠬᠦᠯᠵᠦ᠂ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ ᠬᠦᠳᠡᠭᠡ ᠨᠣᠳᠤᠭ ᠢ ᠪᠦᠲᠦᠭᠡᠨ ᠪᠠᠶᠢᠭᠤᠯᠬᠤ ᠬᠡᠷᠡᠭᠲᠡᠢ᠃ ᠰᠢᠨ᠎ᠡ | ᠬᠦᠳᠡᠯᠭᠡᠬᠦ ᠬᠦᠴᠦᠨ ᠢ ᠪᠣᠶᠢᠵᠢᠭᠤᠯᠣᠨ ᠬᠦᠭᠵᠢᠬᠦᠯᠬᠦ ᠳᠡᠬᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ | ᠲᠦᠪᠯᠡᠷᠡᠬᠦᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ | ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠯᠤᠰ ᠤᠨ ᠦᠮᠴᠢᠯᠡᠯ ᠤᠨ | ᠡᠳ᠋ ᠬᠦᠷᠦᠩᠭᠡ᠂ ᠡᠳ᠋ ᠤᠨ ᠵᠠᠰᠠᠭ᠂ ᠭᠠᠶᠢᠯᠢ᠂ ᠮᠦᠩᠬᠦᠨ ᠬᠦᠢᠯᠭᠡᠭᠡᠨ ᠪᠠ ᠴᠠᠬᠢᠯᠭᠠᠨ ᠬᠦᠴᠦ᠂ ᠪᠠᠶᠢᠭᠠᠯᠢ ᠶᠢᠨ | ᠰᠢᠲᠠᠮᠠᠬᠠᠢ ᠬᠡᠢ᠂ ᠤᠷᠤᠨ ᠰᠠᠭᠤᠴᠠ ᠵᠡᠷᠭᠡ ᠬᠦᠷᠢᠶᠡᠨ ᠤ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠲᠤᠲᠤᠭᠠᠳᠦ | ᠭᠠᠳᠠᠭᠠᠳᠦ ᠨᠡᠭᠡᠭᠡᠯᠲᠡ ᠪᠠᠨ ᠦᠷᠭᠡᠳᠭᠡᠵᠦ᠂ ᠬᠦᠬᠡᠬᠤᠲᠠ ᠪᠤᠭᠤᠲᠦ ᠤᠷᠲᠦᠰ ᠤᠨ ᠵᠤᠬᠢᠴᠠᠩᠭᠤᠢ ᠬᠦᠭᠵᠢᠯᠳᠡ᠂ | ᠵᠡᠬᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠳᠣ ᠬᠦᠭᠵᠢᠯᠲᠡ᠂ ᠬᠠᠲᠤᠨ ᠭᠤᠤᠯ ᠳᠠᠭᠠᠥ ᠶᠢᠨ ᠠᠵᠦ ᠠᠬᠤᠢ | ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠬᠤᠷᠢᠨᠭᠡᠷ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠦ᠂ ᠠᠵᠦ ᠠᠬᠤᠢ ᠨᠡᠶᠢᠬᠡᠮ ᠤᠨ | ᠬᠦᠭᠵᠢᠯᠲᠡ ᠳᠤ ᠬᠦᠴᠦᠷᠭᠡᠭ ᠶᠡᠭᠡ ᠬᠦᠳᠡᠯᠭᠡᠬᠦ ᠬᠦᠴᠦᠨ ᠬᠠᠩᠭᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ | ᠠᠵᠢᠯ ᠢ ᠪᠤᠲᠠᠲᠠᠢ ᠬᠢᠵᠦ ᠨᠠᠷᠢᠯᠢᠭ ᠬᠢᠬᠦ ᠳᠡᠬᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠬᠦᠯᠵᠦ | ᠂ ᠠᠷᠠᠳ ᠲᠦᠮᠡᠨ ᠢᠶᠡᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠶᠢ ᠦᠨᠡᠨ ᠠᠴᠠ | ᠵᠦᠪ ᠢ ᠡᠷᠢᠬᠦ ᠦᠵᠡᠯ ᠰᠠᠨᠠᠭᠠᠨ ᠤ ᠱᠤᠭᠤᠮ ᠢ ᠪᠠᠷᠢᠮᠳᠠᠯᠠᠬᠤ ᠲᠠᠢ ᠳᠣᠩ ᠰᠠᠶᠢᠨ ᠨᠢᠭᠡᠳᠭᠡᠵᠦ᠂ ᠪᠦᠬᠦ | ᠬᠦᠴᠦᠨ ᠢᠶᠠᠷ ᠶᠢᠨ ᠴᠢᠷᠮᠠᠶᠢᠵᠤ᠂ ᠴᠢᠳᠠᠯ ᠤᠨ ᠬᠢᠷᠢ ᠳᠣᠳᠣᠷ᠎ᠠ ᠪᠠᠨ ᠠᠷᠠᠳ ᠤᠯᠠᠨ ᠲᠦᠮᠡᠨ ᠤ ᠬᠠᠯᠠᠮᠵᠢᠯᠠᠵᠦ | ᠪᠠᠶᠢᠭ᠎ᠠ ᠰᠤᠷᠭᠠᠨ ᠬᠦᠮᠦᠵᠢᠯ᠂ ᠠᠵᠢᠯ ᠤᠯᠭᠤᠯᠲᠠ᠂ ᠤᠷᠤᠯᠭ᠎ᠠ᠂ ᠨᠡᠶᠢᠬᠡᠮ ᠤᠨ ᠪᠠᠲᠤᠯᠠᠪᠤᠷᠢ᠂ ᠤᠷᠤᠨ ᠰᠠᠭᠤᠴᠠ᠂ | ᠡᠮ ᠡᠮᠨᠡᠯᠭᠡ ᠡᠷᠡᠬᠦᠯ ᠬᠠᠮᠠᠭᠠᠯᠠᠯ᠂ ᠬᠤᠲᠠ ᠶᠢᠨ ᠬᠠᠮᠢᠶᠠᠷᠤᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠶᠢᠨ ᠶᠠᠪᠣᠳᠠᠯ ᠢ ᠪᠤᠲᠠᠲᠠᠢ ᠰᠢᠢᠳᠪᠦᠷᠢᠯᠡᠵᠦ᠂ ᠪᠤᠳᠠᠳᠦ ᠶᠠᠪᠣᠳᠠᠯ ᠢ | ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ ᠤᠯᠠᠨ ᠬᠦᠷᠲᠡᠮᠵᠢ ᠶᠢᠨ | ᠲᠦᠷᠦᠭᠳᠡᠯ᠂ ᠵᠤᠯ ᠵᠢᠷᠭᠠᠯᠲᠦ ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠭᠤᠬᠤ ᠬᠡᠷᠡᠭᠲᠡᠢ ᠬᠡᠵᠤ | ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠤᠯ ᠠᠵᠤ ᠠᠬᠤᠢ ᠶᠢᠨ ᠠᠵᠢᠯ ᠢ | ᠰᠠᠶᠢᠳᠤᠷ ᠬᠢᠬᠦ ᠶᠢᠨ ᠦᠨᠳᠦᠰᠦᠨ ᠵᠠᠷᠴᠢᠮ ᠪᠤᠯᠤᠨ ᠤᠯᠤᠰ ᠲᠦᠷᠦ ᠶᠢᠨ ᠲᠠᠪᠠᠭᠤᠯᠢᠬ ᠪᠤᠯᠤᠨ᠎ᠠ᠃ ᠡᠯ᠎ᠡ ᠱᠠᠳᠤᠨ ᠤ | ᠨᠠᠮ ᠤᠨ ᠬᠤᠷᠢᠶ᠎ᠠ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠴᠢᠨᠠᠬᠰᠢᠳᠠ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ | ᠰᠠᠨᠠᠭ᠎ᠠ ᠲᠡᠭᠡᠷ᠎ᠡ ᠨᠢᠬᠡᠳᠭᠡᠵᠦ᠂ ᠨᠠᠮ ᠤᠨ ᠲᠦᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠳᠣᠬᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ | ᠲᠡᠭᠡᠷ᠎ᠡ ᠨᠢᠬᠡᠳᠭᠡᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ | ᠨᠡᠶᠢᠬᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠴᠦᠬᠦᠷᠡᠯ ᠦᠭᠡᠢ ᠰᠤᠷᠤᠯᠴᠠᠨ ᠲᠤᠤᠱᠯᠠᠭᠤᠯᠵᠣ᠂ | ᠴᠢᠨᠠᠷ ᠰᠠᠶᠢᠳᠠᠢ ᠬᠦᠭᠵᠢᠭᠦᠯᠬᠦ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠡᠷᠡᠰ ᠲᠤᠤᠱᠯᠠᠭᠤᠯᠵᠤ᠂ ᠪᠤᠭᠤᠮᠳᠠ | ᠲᠠᠪᠠᠭ᠋ᠤ ᠪᠠᠴᠢᠮ ᠲᠤᠯᠭᠠᠮ᠎ᠠ ᠰᠡᠳᠬᠢᠯᠬᠡ ᠪᠤᠯᠤᠨ ᠬᠠᠷᠢᠭᠤᠴᠠᠯᠭᠠᠳᠤ ᠰᠡᠳᠬᠢᠯᠬᠡ ᠪᠠᠨ ᠦᠨᠡᠨᠬᠦ ᠴᠢᠩᠭᠠᠷᠠᠭᠤᠯᠵᠤ᠂ | ᠠᠵᠤ ᠠᠬᠤᠢ ᠶᠢ ᠠᠳᠬᠤᠬᠤ᠂ ᠬᠦᠭᠵᠢᠯᠳᠡ ᠶᠢ ᠠᠬᠢᠭᠤᠯᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠬᠡᠢ | ᠲᠡᠭᠡᠭᠰᠢᠯᠡᠬᠦᠯᠵᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠣ | ᠂ ᠠᠵᠤ ᠠᠬᠤᠢ ᠶᠢᠨ ᠠᠵᠢᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠰᠢᠵᠦ᠂ ᠮᠠᠨ ᠤ ᠤᠷᠤᠨ ᠤ ᠠᠵᠤ | ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠬᠡᠵᠦ | ᠴᠢᠬᠤᠯᠠᠴᠢᠯᠠᠪᠠ᠃ | ᠪᠦᠬᠦᠳᠡ ᠬᠤᠷᠠᠯ ᠠᠴᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠤᠱᠯᠠᠭᠤᠯᠬᠤ ᠠᠵᠢᠯ ᠢ ᠰᠠᠶᠢᠳᠤᠷ ᠬᠢᠬᠦ ᠳᠣᠬᠠᠢ ᠬᠦᠨᠵᠡᠬᠡᠢ ᠪᠠᠶᠢᠷᠢᠯᠠᠭᠤᠯᠤᠯᠳᠠ ᠬᠢᠪᠡ᠃ ᠪᠦᠭᠦᠳᠡ | ᠬᠤᠷᠠᠯ ᠠᠴᠠ᠂ ᠤᠯᠤᠰ ᠲᠦᠷᠦ ᠶᠢᠨ ᠵᠤᠬᠰᠤᠴᠠ ᠪᠠᠨ ᠴᠢᠨᠠᠭᠰᠢᠳᠠ ᠲᠡᠭᠡᠭᠰᠢᠯᠡᠬᠦᠯᠵᠦ᠂ ᠰᠤᠷᠤᠯᠴᠠᠯᠭ᠎ᠠ ᠬᠦᠮᠦᠵᠢᠯ ᠢ | ᠬᠦᠨᠵᠡᠬᠡᠶᠢᠷᠡᠬᠦᠯᠵᠦ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠣ᠂ ᠰᠤᠷᠤᠯᠴᠠᠨ ᠲᠤᠤᠱᠯᠠᠭᠤᠯᠤᠭᠰᠠᠨ | ᠦᠷ᠎ᠡ ᠪᠦᠳᠦᠬᠡᠯ ᠢᠶᠠᠨ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠷᠠᠭᠤᠯᠬᠤ᠂ ︽ᠲᠦᠷᠪᠡᠨ ᠢᠳᠡᠬᠡᠯ︾ ᠢᠶᠠᠨ | ᠪᠠᠳᠤᠳᠬᠠᠬᠤ᠂ ︽ᠲᠦᠷᠪᠡᠨ ᠠᠭᠤᠤ ᠶᠡᠭᠡ︾ ᠶᠢ ᠬᠠᠮᠤᠷᠬᠤ ᠤᠯᠤᠰ ᠲᠦᠷᠦ ᠶᠢᠨ ᠴᠢᠳᠠᠪᠤᠷᠢ ᠪᠤᠯᠤᠨ ᠲᠦᠷᠦ | ᠪᠠᠷᠢᠬᠤ ᠴᠢᠳᠠᠪᠤᠷᠢ ᠪᠤᠯᠭᠠᠨ ᠬᠤᠪᠢᠷᠠᠭᠤᠯᠬᠤ ᠪᠠᠷ ᠬᠦᠴᠦᠯᠡᠬᠦ ᠬᠡᠷᠡᠭᠳᠡᠢ᠃ ᠤᠬᠠᠮᠰᠠᠷ ᠠᠴᠠ ᠪᠠᠨ ᠶᠡᠷᠦᠩᠬᠡᠢ ᠱᠦᠵᠢ | ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠨᠡᠩ ᠡᠷᠡᠰ ᠪᠠᠳᠤ ᠬᠠᠮᠠᠭᠠᠯᠠᠵᠤ᠂ ᠨᠠᠮ ᠤᠨ ᠲᠦᠪ | ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠬᠠᠮᠠᠭᠠᠯᠠᠵᠤ᠂ ᠨᠠᠮ ᠤᠨ ᠲᠦᠪ | ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠ ᠠᠯᠤᠰ ᠬᠡᠳᠦ ᠶᠢᠨ ᠬᠦᠭᠵᠢᠯᠳᠡ ᠲᠠᠢ ᠬᠤᠯᠪᠤᠬᠳᠠᠬᠤ ᠬᠦᠨᠳᠦ ᠴᠢᠬᠤᠯᠠ | ᠠᠰᠠᠭᠤᠳᠠᠯ ᠢ ᠬᠦᠨᠵᠡᠬᠡᠢ ᠰᠤᠳᠤᠯᠤᠨ ᠰᠢᠢᠳᠪᠦᠷᠢᠯᠡᠵᠦ᠂ ᠨᠠᠮ ᠤᠨ ᠰᠢᠨ᠎ᠠ ᠶᠢ ᠡᠬᠦᠳᠦᠭᠰᠡᠨ ᠤᠨᠤᠯ ᠢᠶᠡᠷ ᠲᠠᠷᠢᠬᠢ | ᠲᠤᠯᠤᠭᠠᠢ ᠪᠠᠨ ᠨᠡᠩ ᠰᠠᠶᠢᠲᠤᠷ ᠵᠡᠪᠰᠡᠭᠯᠡᠵᠦ᠂ ᠦᠢᠯᠡᠳᠦᠯᠬᠡ ᠪᠠᠨ ᠨᠡᠩ ᠰᠠᠶᠢᠨ ᠵᠢᠯᠤᠭᠤᠳᠤᠭᠤᠯᠵᠤ᠂ ᠠᠵᠢᠯ ᠢᠶᠠᠨ | ᠨᠡᠩ ᠰᠠᠶᠢᠨ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠢᠮᠠᠭᠳᠠ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠬᠤ | ᠬᠡᠷᠡᠭᠳᠡᠢ ᠬᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ ᠤᠳᠤᠬᠠᠨ ᠤ ᠠᠵᠢᠯ ᠢ ᠰᠠᠶᠢᠳᠤᠷ ᠬᠢᠬᠦ ᠳᠣᠬᠠᠢ ᠪᠤᠳᠠᠳᠠᠢ ᠲᠤᠬᠢᠷᠠᠭᠤᠯᠤᠯᠳᠠ ᠬᠢᠪᠡ᠃ | ᠪᠦᠭᠦᠳᠡ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠡᠷᠬᠢ ᠱᠤᠷᠠᠬ ᠢ ᠴᠢᠩᠭᠠᠯᠠᠵᠤ᠂ ᠠᠮᠤᠷ ᠲᠦᠪᠰᠢᠨ ᠲᠤᠬᠳᠠᠭᠤᠨ ᠢ ᠨᠢᠬᠡ | ᠮᠦᠴᠡ ᠴᠤ ᠰᠣᠯᠠᠷᠠᠭᠤᠯᠣᠯ ᠦᠬᠡᠢ ᠰᠠᠶᠢᠳᠤᠷ ᠠᠳᠬᠤᠵᠤ᠂ ᠵᠠᠬ᠎ᠠ ᠲᠡᠯᠬᠡᠬᠦᠷ ᠤᠨ ᠬᠠᠩᠭᠠᠯᠭ᠎ᠠ ᠶᠢ ᠪᠠᠳᠤᠯᠠᠬᠤ | ᠪᠤᠯᠤᠨ ᠶᠠᠳᠠᠭᠤ ᠬᠦᠴᠢᠷᠳᠡᠯᠳᠡᠢ ᠤᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠬᠢᠨᠠᠮᠠᠭᠠᠢ ᠰᠠᠶᠢᠳᠤᠷ ᠬᠢᠵᠦ᠂ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠵᠠᠰᠠᠬ ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ ᠤ | ᠬᠤᠭᠤᠴᠠᠭ᠎ᠠ ᠰᠤᠯᠢᠬᠤ ᠠᠵᠢᠯ ᠢ ᠳᠡᠭᠡᠳᠦ ᠬᠡᠮᠵᠢᠶ᠎ᠡ ᠪᠠᠷ ᠬᠠᠷᠢᠭᠤᠴᠠᠨ ᠰᠠᠶᠢᠳᠤᠷ ᠬᠢᠵᠦ᠂ ᠲᠦᠪ ᠤᠨ ᠨᠠᠢᠮᠠᠨ | ᠲᠤᠬᠳᠠᠭᠠᠯ ᠤᠨ ᠵᠤᠷᠢᠬ ᠰᠠᠨᠠᠭ᠎ᠠ ᠶᠢ ᠬᠡᠷᠡᠭᠵᠢᠬᠦᠯᠦᠭᠰᠡᠨ ᠪᠠᠶᠢᠳᠠᠯ ᠳᠠᠬᠢ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠤ᠂ | ᠠᠵᠤ ᠠᠬᠤᠢ ᠶᠢᠨ ᠲᠤᠬᠳᠠᠭᠤᠨ ᠡᠷᠡᠬᠦᠯ ᠡᠷᠭᠢᠯᠳᠡ ᠶᠢ ᠪᠠᠳᠤᠯᠠᠵᠤ᠂ ᠪᠦᠬᠦ ᠵᠢᠯ ᠤᠨ ᠠᠵᠢᠯ ᠢ ᠰᠠᠶᠢᠬᠠᠨ | ᠡᠬᠢᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ ᠬᠡᠵᠤ ᠱᠠᠭᠠᠷᠳᠠᠪᠠ᠃ | ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ | ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠣᠳ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠬ ᠦᠶ᠎ᠠ ᠶᠢᠨ | ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ ᠲᠤᠬ ᠢ ᠦᠨᠳᠦᠷ | ᠮᠠᠨᠳᠤᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠪᠠ ᠲᠦᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ | ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ᠨᠠᠰᠢᠬᠢ ᠡᠯ᠎ᠡ ᠵᠦᠢᠯ ᠤᠨ | ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠰᠠᠨᠠᠭᠠᠴᠢᠯᠠᠭᠰᠠᠨ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠭᠦᠷᠢᠳᠡ | ᠴᠠᠯᠠᠭᠠᠶᠢᠷᠠᠬᠤ ᠦᠬᠡᠢ ᠣᠶᠣᠨ ᠰᠠᠨᠠᠭᠠᠨ ᠤ ᠳᠦᠷᠰᠦ ᠪᠠᠶᠢᠳᠠᠯ ᠪᠤᠯᠤᠨ ᠴᠣᠴᠠᠯᠳᠠ ᠦᠬᠡᠢ ᠣᠷᠣᠭᠰᠢᠯᠠᠬᠤ ᠲᠡᠮᠡᠴᠡᠯ | ᠤᠨ ᠲᠦᠷᠢ ᠪᠠᠶᠢᠳᠠᠯ ᠢᠶᠠᠷ᠂ ᠯᠠᠪᠳᠠᠭᠤᠨ ᠪᠠᠳᠤᠳᠠᠢ ᠠᠵᠢᠯᠯᠠᠨ᠂ ᠰᠢᠷᠭᠠᠭᠤ ᠬᠠᠳᠠᠭᠤᠵᠢᠯᠳᠠᠢ ᠠᠵᠢᠯᠯᠠᠵᠤ᠂ ᠠᠵᠤ | ᠠᠬᠤᠢ ᠨᠡᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠭᠰᠡᠨ ᠰᠢᠨ᠎ᠠ ᠠᠮᠵᠢᠯᠳᠠ ᠶᠢ ᠴᠢᠷᠮᠠᠶᠢᠨ ᠡᠭᠦᠳᠴᠦ᠂ ᠴᠢᠨᠡᠬᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ | ᠦᠵᠡᠮᠵᠢ ᠶᠢᠨ ᠤᠷᠤᠨ ᠢ ᠴᠤᠬᠴᠠᠯᠠᠬᠤ ᠰᠢᠨ᠎ᠠ ᠪᠠᠶᠢᠳᠠᠯ ᠢ ᠡᠷᠡᠯᠭᠡᠭᠯᠡᠨ ᠨᠡᠬᠡᠬᠡᠰᠦᠭᠡᠢ ᠬᠡᠵᠦ ᠤᠷᠢᠶᠠᠯᠠᠪᠡ᠃ |