ᠥᠪᠥᠷ ᠮᠣᠩᠭᠤᠯ᠄ ᠦᠨᠡᠯᠡᠬᠦ ᠬᠢᠨᠠᠨ ᠰᠢᠯᠭᠠᠬᠤ ᠪᠠᠷᠢᠮᠵᠢᠶ᠎ᠠ ᠳᠤ ᠬᠥᠷᠥᠭᠰᠡᠨ ᠥᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠡᠷᠭᠡ ᠳᠡᠰ ᠢ ᠨᠢ ᠪᠠᠭᠤᠷᠠᠭᠤᠯᠬᠤ ᠪᠠ ᠬᠠᠰᠤᠨ᠎ᠠ
ᠨᠡᠶᠢᠲᠡᠯᠡᠭᠰᠡᠨ ᠴᠠᠭ᠄
2018/1/5
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠰ ᠳᠡᠪᠰᠢᠭᠦᠯᠬᠦ ᠥᠷᠭᠡᠳᠬᠡᠬᠦ ᠶᠢ ᠦᠨᠡᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠂ ᠲᠤᠰ ︽ᠠᠷᠭ᠎ᠠ︾᠎ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷᠠᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠬᠦ᠂ ᠲᠣᠭᠤᠷᠢᠭ ᠢ ᠥᠷᠭᠡᠳᠬᠡᠬᠦ ᠲᠣᠬᠢᠷᠠᠭᠤᠯᠬᠤ ᠪᠠ ᠦᠨᠡᠯᠡᠬᠦ ᠬᠢᠨᠠᠨ ᠰᠢᠯᠭᠠᠬᠤ ᠳᠤ ᠬᠡᠷᠡᠭᠯᠡᠬᠦ ᠳᠤ ᠲᠣᠬᠢᠷᠠᠨ᠎ᠠ᠃      ︽ᠠᠷᠭ᠎ᠠ︾᠎ ᠳᠤ ᠨᠡᠶᠢᠲᠡ ᠲᠠᠪᠤᠨ ᠪᠦᠯᠦᠭ ᠬᠤᠷᠢᠨ ᠵᠢᠷᠭᠤᠭᠠᠨ ᠵᠦᠢᠯ ᠬᠤᠪᠢᠶᠠᠵᠤ᠂ ᠲᠣᠬᠢᠷᠠᠭᠤᠯᠬᠤ ᠡᠲᠡᠭᠡᠳ ᠂ ᠠᠭᠤᠯᠭ᠎ᠠ ᠪᠠ ᠬᠡᠷᠡᠭᠵᠢᠭᠦᠯᠬᠦ ᠪᠡᠶᠡᠴᠢ ᠴᠣᠭᠴᠠ ᠶᠢ ᠲᠣᠳᠣᠷᠬᠠᠶᠢᠯᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠨᠥᠬᠦᠴᠡᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠡᠳᠦᠷ ᠲᠤᠳᠤᠮ ᠤᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠶᠡᠷᠦᠩᠬᠡᠶᠢᠯᠡᠭᠰᠡᠨ ᠦᠨᠡᠯᠡᠯᠲᠡ ᠪᠠᠷ ᠲᠦᠷᠦᠭᠦᠦ 20᠎ ᠳᠤ ᠵᠢᠭᠰᠠᠭᠠᠭᠳᠠᠵᠤ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ᠂ ᠪᠡᠯᠡ ᠮᠥᠩᠭᠦ ︵ᠰᠠᠭᠤᠷᠢ ᠮᠥᠩᠭᠦ︶᠎ ᠶᠢᠨ ᠲᠣᠬᠢᠷᠠᠭᠤᠯᠤᠯᠲᠠ᠂ ᠲᠡᠰ ᠳᠡᠪᠰᠢᠯᠲᠡ᠂ ᠲᠣᠭᠤᠷᠢᠭ ᠤᠨ ᠥᠷᠭᠡᠳᠬᠡᠯᠲᠡ ᠰᠢᠯᠵᠢᠭᠦᠯᠦᠯᠲᠡ᠂ ᠭᠠᠵᠠᠷ ᠲᠠᠯᠠᠪᠠᠢ ᠶᠢᠨ ᠬᠠᠩᠭᠠᠯᠭ᠎ᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠡᠷᠭᠡ ᠲᠠᠯ᠎ᠠ ᠪᠠᠷ ᠡᠩ ᠲᠡᠷᠢᠭᠦᠨ ᠳᠤ ᠳᠡᠮᠵᠢᠯᠭᠡ ᠦᠵᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠠᠳ ᠪᠠᠷᠢᠮᠵᠢᠶ᠎ᠠ ᠳᠤ ᠬᠦᠷᠦᠭᠰᠡᠨ ᠦᠭᠡᠶ ᠶᠢ ᠨᠢ ᠳᠡᠰ ᠢ ᠨᠢ ᠪᠠᠭᠤᠷᠠᠭᠤᠯᠬᠤ ᠪᠤᠶᠤ ᠬᠠᠰᠤᠬᠤ ᠪᠠᠷ ᠲᠣᠭᠲᠠᠭᠠᠵᠠᠢ᠃ ᠡᠨᠡ ᠬᠦ ᠠᠷᠭ᠎ᠠ ᠬᠡᠮᠵᠢᠶ᠎ᠡ ᠶᠢᠨ ᠵᠣᠷᠢᠯᠭ᠎ᠠ ᠨᠢ ᠥᠪᠥᠷ ᠮᠣᠩᠭᠤᠯ ᠤᠨ ᠪᠦᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠬᠦ᠂ ᠲᠣᠭᠤᠷᠢᠭ ᠢᠶᠠᠨ ᠥᠷᠭᠡᠳᠬᠡᠬᠦ ᠲᠣᠬᠢᠷᠠᠭᠤᠯᠬᠤ ᠪᠠ ᠦᠨᠡᠯᠡᠬᠦ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠴᠢᠬᠤᠯᠠ ᠠᠴᠢᠶᠠᠯᠠᠪᠤᠷᠢ ᠪᠣᠯᠭᠠᠨ ᠪᠦᠳᠦᠭᠡᠨ ᠪᠠᠶᠢᠭᠤᠯᠵᠤ᠂ ᠰᠢᠨ᠎ᠡ ᠨᠡᠮᠡᠭᠳᠡᠯ ᠤᠨ ᠲᠦᠢᠯ ᠢ ᠴᠣᠭᠴᠠᠯᠠᠵᠤ᠂ ᠬᠦᠷᠢᠶᠡᠯᠡᠩ ᠲᠣᠭᠤᠷᠢᠭ ᠤᠨ ᠲᠥᠪᠯᠡᠷᠡᠵᠦ ᠴᠤᠭᠯᠠᠷᠠᠨ ᠡᠷᠴᠢᠮᠯᠢᠭ ᠬᠥᠭᠵᠢᠬᠦ ᠶᠢ ᠬᠥᠲᠥᠯᠥᠨ ᠵᠢᠯᠣᠭᠤᠳᠴᠤ᠂ ᠬᠥᠭᠵᠢᠯᠲᠡ ᠶᠢᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠲᠦᠴᠡ ᠶᠢ ᠲᠣᠬᠢᠷᠠᠭᠤᠯᠵᠤ ᠬᠡᠯᠪᠡᠷᠢ ᠶᠢ ᠬᠤᠪᠢᠷᠠᠭᠤᠯᠵᠤ ᠶᠢᠨ ᠲᠠᠰ ᠳᠡᠪᠰᠢᠭᠦᠯᠬᠦ ᠶᠢ  ᠠᠬᠢᠭᠤᠯᠬᠤ ᠶᠠᠪᠤᠳᠠᠯ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号