| 1 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠲᠡᠮᠦᠷ ᠵᠠᠮ ᠤᠨ | ᠠᠷᠪᠠᠨ ᠳᠥᠷᠪᠡᠳᠦᠭᠡᠷ ᠲᠣᠪᠴᠢᠶ᠎ᠠ CPG500 ᠬᠡᠯᠪᠡᠷᠢ ᠶᠢᠨ ᠵᠠᠮ ᠲᠡᠮᠦᠷ ᠳᠡᠪᠢᠰᠬᠦ ᠮᠠᠰᠢᠨ ᠯᠢᠶᠣᠤᠨᠢᠩ ᠤᠨ | ᠹᠦᠰᠢᠨ ᠬᠤᠳᠠ ᠶᠢᠨ ᠵᠠᠩ ᠡᠦ ᠥᠷᠲᠡᠭᠡ ᠳᠤ ᠬᠠᠮᠤᠭ ᠲᠦᠷᠦᠭᠦᠦ 500 ᠮᠧᠲᠷ ᠤᠷᠲᠤ ᠪᠣᠯᠣᠳ ᠢ ᠠᠮᠤᠷ | ᠲᠦᠪᠰᠢᠨ ᠲᠣᠭᠲᠠᠭᠤᠨ ᠢᠶᠠᠷ ᠵᠠᠮ ᠤᠨ ᠳᠡᠷᠡ ᠳᠡᠭᠡᠷ᠎ᠡ ᠵᠠᠮ ᠤᠨ ᠲᠡᠮᠦᠷ ᠳᠡᠪᠢᠰᠬᠦ ᠶᠢ ᠳᠠᠭᠠᠯᠳᠤᠨ᠂ ᠮᠠᠨ ᠤ | ᠣᠷᠣᠨ ᠤ ᠵᠡᠭᠦᠨ ᠬᠤᠶᠢᠲᠤ ᠣᠷᠣᠨ ᠲᠠᠢ ᠬᠤᠯᠪᠣᠭᠰᠠᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ — | ᠥᠪᠥᠷ ᠮᠣᠩᠭᠤᠯ ᠤᠨ ᠲᠦᠩᠯᠢᠶᠣᠤ ᠠᠴᠠ ᠯᠢᠶᠣᠤᠨᠢᠩ ᠤᠨ ᠰᠢᠨ ᠮᠢᠨ ᠤ ᠬᠤᠶᠢᠲᠤ ᠥᠷᠲᠡᠭᠡ ᠬᠦᠷᠬᠦ ᠳᠡᠭᠡᠳᠦ | ᠬᠤᠷᠳᠤᠴᠠᠲᠤ ᠲᠡᠮᠦᠷ ᠵᠠᠮ ᠵᠢᠩᠬᠢᠨᠢ ᠪᠠᠷ ᠵᠠᠮ ᠳᠡᠪᠢᠰᠬᠦ ᠱᠠᠲᠤᠨ ᠳᠤ ᠣᠷᠣᠪᠠ᠃ ᠣᠶᠢᠯᠠᠭᠠᠭᠰᠠᠨ ᠢᠶᠠᠷ᠂ ᠪᠦᠬᠦ | ᠱᠤᠭᠤᠮ ᠤᠨ ᠵᠠᠮ ᠳᠡᠪᠢᠰᠬᠦ ᠠᠵᠢᠯ ᠢ ᠡᠨᠡ ᠵᠢᠯ ᠤᠨ 6 ᠳ᠋ᠤᠭᠠᠷ ᠰᠠᠷ᠎ᠠ ᠳᠤ ᠳᠠᠭᠤᠰᠬᠠᠬᠤ ᠪᠠᠷ ᠵᠢᠱᠢᠵᠦ᠂ 7 ᠳ᠋ᠤᠭᠠᠷ | ᠰᠠᠷ᠎ᠠ ᠳᠤ ᠲᠥᠬᠦᠭᠡᠷᠦᠮᠵᠢ ᠬᠤᠯᠪᠣᠨ ᠲᠣᠷᠰᠢᠨ ᠲᠣᠬᠢᠷᠠᠭᠤᠯᠬᠤ ᠪᠣᠯᠣᠨ᠎ᠠ᠃ ᠡᠨᠡ ᠬᠦ ᠳᠡᠭᠡᠳᠦ ᠬᠤᠷᠳᠤᠴᠠᠲᠤ ᠲᠡᠮᠦᠷ | ᠵᠠᠮ ᠤᠨ ᠱᠤᠭᠤᠮ ᠪᠣᠯ ᠤᠯᠤᠰ ᠤᠨ ᠤᠷᠲᠤᠪᠲᠤᠷ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ | ᠲᠥᠯᠥᠪᠵᠢᠭᠦᠯᠦᠭᠰᠡᠨ ︽ᠨᠠᠢᠮᠠᠨ ᠬᠥᠨᠳᠡᠯᠡᠨ ᠨᠠᠢᠮᠠᠨ ᠭᠤᠯᠳᠤ︾ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ | ᠤᠨ ᠪᠦᠷᠢᠯᠳᠦᠬᠦᠨ ᠬᠡᠰᠡᠭ ᠪᠠᠶᠢᠵᠤ᠂ ᠪᠠᠶᠢᠭᠤᠯᠵᠤ ᠪᠠᠶᠢᠭ᠎ᠠ ᠪᠡᠭᠡᠵᠢᠩ ᠠᠴᠠ ᠮᠦᠭᠳᠡᠨ ᠬᠦᠷᠬᠦ ᠳᠡᠭᠡᠳᠦ | ᠬᠤᠷᠳᠤᠴᠠᠲᠤ ᠲᠡᠮᠦᠷ ᠵᠠᠮ ᠲᠠᠢ ᠵᠠᠯᠭᠠᠵᠤ᠂ ᠵᠡᠭᠦᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠳᠡᠭᠡᠳᠦ | ᠬᠤᠷᠳᠤᠴᠠᠲᠤ ᠲᠡᠮᠦᠷ ᠵᠠᠮ ᠤᠨ ᠲᠣᠣᠷ ᠲᠠᠢ ᠨᠡᠶᠢᠯᠡᠨᠠ᠃ ᠵᠠᠮ ᠤᠨ ᠱᠤᠭᠤᠮ ᠨᠢ ᠪᠡᠭᠡᠵᠢᠩ ᠠᠴᠠ ᠮᠦᠭᠳᠡᠨ | ᠬᠦᠷᠴᠦ ᠳᠠᠬᠢᠨ ᠰᠢᠨ ᠮᠢᠨ ᠬᠤᠶᠢᠲᠤ ᠥᠷᠲᠡᠭᠡ ᠠᠴᠠ ᠡᠬᠢᠯᠡᠵᠦ᠂ ᠵᠠᠩ ᠡᠦ᠂ ᠭᠠᠨᠵᠤᠭ᠎ᠠ ᠶᠢ ᠳᠠᠭᠠᠷᠢᠨ | ᠲᠦᠩᠯᠢᠶᠣᠤ ᠤᠢᠷᠳᠡᠭᠡ ᠳᠤ ᠢᠷᠡᠨ᠎ᠡ᠂ ᠪᠦᠬᠦ ᠱᠤᠭᠤᠮ ᠤᠨ ᠣᠷᠳᠣ ᠨᠢ 197 ᠺᠢᠯᠣᠮᠧᠲᠷ᠂ ᠵᠢᠷᠤᠵᠤ | ᠲᠥᠯᠥᠪᠯᠡᠭᠰᠡᠨ ᠬᠤᠷᠳᠤᠴᠠ ᠨᠢ 250 ᠺᠢᠯᠣᠮᠧᠲᠷ ᠪᠣᠯᠣᠨ᠎ᠠ᠃ ᠪᠠᠶᠢᠭᠤᠯᠵᠤ ᠳᠠᠭᠤᠰᠤᠭᠠᠤᠨ ᠲᠡᠷᠭᠡ | ᠨᠡᠪᠲᠡᠷᠡᠭᠰᠡᠨ ᠤ ᠳᠠᠷᠠᠭ᠎ᠠ᠂ ᠲᠦᠩᠯᠢᠶᠣᠤ ᠠᠴᠠ ᠮᠦᠭᠳᠡᠨ ᠬᠦᠷᠲᠡᠯ᠎ᠡ ᠤᠳᠤ ᠶᠢᠨ 5 ᠴᠠᠭ ᠠᠴᠠ 1.5 ᠴᠠᠭ | ᠣᠷᠴᠢᠮ ᠪᠣᠯᠲᠠᠯ᠎ᠠ ᠪᠣᠭᠤᠨᠢᠰᠴᠤ᠂ ᠲᠦᠩᠯᠢᠶᠣᠤ ᠠᠴᠠ ᠪᠡᠭᠡᠵᠢᠩ ᠬᠦᠷᠲᠡᠯ᠎ᠡ ᠤᠳᠤ ᠶᠢᠨ 14 ᠴᠠᠭ ᠠᠴᠠ 3.5 | ᠴᠠᠭ ᠣᠷᠴᠢᠮ ᠪᠣᠯᠲᠠᠯ᠎ᠠ ᠪᠣᠭᠤᠨᠢᠰᠬᠤ ᠪᠣᠯᠣᠨ᠎ᠠ᠂ ᠡ᠊ᠨᠡ ᠨᠢ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ | ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠬᠤ | ᠪᠣᠯᠤᠨ᠎ᠠ᠃ |