ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠮᠡᠳᠡᠭᠡ ᠶᠢ ᠦᠨᠳᠦᠰᠦᠯᠡᠪᠡᠯ᠄ 2017 | ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ | ᠮᠦᠴᠢᠷ ᠤᠳ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ | ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠤᠯᠭᠠᠨ ᠬᠤᠪᠢᠷᠠᠭᠤᠯᠬᠤ ᠵᠡᠷᠭᠡ ᠭᠠᠶᠢᠯᠢ ᠬᠠᠰᠤᠵᠤ | ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠪᠠ ᠲᠥᠪ ᠤᠨ ᠲᠣᠭᠤᠷᠢᠨ ᠪᠠᠶᠢᠴᠠᠭᠠᠯᠲᠠ ᠶᠢᠨ ︽ᠡᠷᠭᠢᠨ | ᠬᠠᠷᠠᠬᠤ︾ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ | ᠪᠤᠳᠤᠯᠭ᠎ᠠ ᠶᠢᠨ ᠴᠢᠨᠠᠷᠲᠠᠶ ᠣᠷᠣᠯᠭ᠎ᠠ ᠶᠢᠨ ᠬᠠᠰᠤᠭᠳᠠᠯ ᠵᠡᠷᠭᠡ ᠬᠦᠴᠦᠨ ᠵᠦᠢᠯ ᠤᠨ ᠡᠳ᠋ ᠤᠨ ᠵᠠᠰᠠᠭ ᠤᠨ | ᠣᠷᠣᠯᠭ᠎ᠠ ᠶᠢᠨ ᠨᠡᠮᠡᠭᠳᠡᠯ ᠢ ᠨᠥᠯᠥᠭᠡᠯᠡᠬᠦ ᠨᠦᠯᠦᠭᠡ ᠶᠢ ᠪᠦᠲᠦᠮᠵᠢᠲᠡᠶ ᠪᠠᠷ ᠠᠷᠭᠠᠴᠠᠵᠤ᠂ ᠲᠥᠪ ᠠᠴᠠ ᠰᠢᠯᠵᠢᠭᠦᠯᠦᠨ | ᠦᠭᠬᠦ ᠳᠡᠮᠵᠢᠯᠭᠡ ᠶᠢ ᠢᠳᠡᠪᠬᠢᠯᠡᠨ ᠣᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠬᠠᠳᠠᠭᠠᠯᠠᠮᠵᠢ ᠶᠢᠨ ᠪᠡᠯᠡ ᠮᠥᠩᠭᠦ ᠶᠢ | ᠶᠡᠭᠡ ᠪᠠᠷ ᠡᠷᠭᠢᠯᠳᠦᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠳᠡᠮᠵᠢᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠡᠷᠡᠭᠴᠡᠭᠡ ᠶᠢ ᠪᠠᠲᠤᠯᠠᠪᠠ᠃ | ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ 2017 ᠣᠨ ᠳᠤ᠂ ᠪᠦᠬᠦ ᠣᠷᠣᠨ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 1703.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2016 | ᠣᠨ ᠤ ᠬᠢ ᠠᠴᠠ 14.4% ᠪᠠᠭᠤᠷᠠᠪᠠ᠃ 2016 ᠣᠨ ᠤ ᠬᠡᠶᠢᠰᠪᠦᠷᠢ ᠨᠡᠮᠡᠭᠳᠡᠯ ᠤᠨ ᠬᠦᠴᠦᠨ ᠵᠦᠢᠯ ᠢ | ᠠᠷᠢᠯᠭᠠᠪᠠᠯ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 14.6% ᠨᠡᠮᠡᠭᠳᠡᠪᠡ᠃ | 2017 ᠣᠨ ᠳᠤ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 4523.1 | ᠳ᠋ᠦᠩᠰᠢᠭᠤᠷ ᠲᠦᠬᠦᠷᠢᠭ ᠲᠤ ᠬᠦᠷᠴᠦ᠂ 2016 ᠣᠨ ᠤ ᠬᠢ ᠠᠴᠠ 10.4 ᠳ᠋ᠦᠩᠰᠢᠭᠤᠷ ᠲᠥᠭᠦᠷᠢᠭ ᠨᠡᠮᠡᠭᠳᠡᠵᠦ᠂ | 0.2% ᠨᠡᠮᠡᠭᠳᠡᠪᠡ᠃ ᠡᠭᠦᠨ ᠳᠤ᠂ ᠠᠷᠠᠳ ᠤᠨ ᠠᠮᠢᠳᠤᠷᠠᠯ ᠤᠨ ᠵᠠᠷᠤᠯᠭ᠎ᠠ 3158.1 ᠳ᠋ᠦᠩᠰᠢᠭᠤᠷ ᠲᠥᠭᠦᠷᠢᠭ | ᠲᠤ ᠬᠦᠷᠴᠦ᠂ 6.3% ᠨᠡᠮᠡᠭᠳᠡᠵᠦ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 69. | 8%2 ᠶᠢ ᠡᠵᠡᠯᠡᠵᠡᠢ᠃ |