ᠥᠪᠥᠷ ᠮᠣᠩᠭᠤᠯ ᠡᠮ ᠡᠮᠨᠡᠯᠭᠡ ᠶᠢᠨ ᠲᠡᠩᠭᠡᠷᠡᠬᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 4.09 ᠳ᠋ᠦᠡᠭᠰᠢᠭᠤᠷ ᠲᠦᠭᠦᠷᠢᠭ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2018/1/8
      2018 ᠣᠨ ᠤ ᠡᠮ ᠡᠮᠨᠡᠯᠭᠡ ᠶᠢᠨ ᠲᠡᠩᠭᠡᠷᠡᠬᠦᠯᠦᠨ ᠲᠤᠰᠠᠯᠠᠬᠤ ᠠᠵᠢᠯ ᠢ ᠰᠠᠶᠢᠲᠤᠷ ᠬᠢᠵᠤ᠂ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ ᠦᠨᠳᠦᠰᠦᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠤᠯᠠᠳᠠ᠂ ᠮᠠᠨ ᠤ ᠣᠷᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 4.09 ᠳ᠋ᠦᠡᠭᠰᠢᠭᠤᠷ ᠲᠦᠭᠦᠷᠢᠭ ᠤᠷᠢᠳᠴᠢᠯᠠᠨ ᠪᠠᠭᠤᠯᠭᠠᠪᠠ᠃ ᠣᠶᠢᠯᠠᠭᠠᠭᠰᠠᠨ ᠢᠶᠠᠷ᠂ ᠲᠤᠰ ᠲᠡᠩᠭᠡᠷᠡᠭᠦᠯᠦᠨ ᠲᠤᠰᠠᠯᠠᠬᠤ ᠲᠤᠰᠬᠠᠶ ᠨᠥᠬᠦᠪᠥᠷᠢ ᠪᠡᠯᠡ ᠮᠥᠩᠭᠦ ᠶᠢ ᠭᠤᠣᠯᠳᠠᠭᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠢ ᠲᠤᠰᠠᠯᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠤᠯᠬᠤ ᠶᠢᠨ ᠬᠠᠮᠲᠤ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠣᠯᠤᠨ ᠡᠮ ᠡᠮᠨᠡᠯᠭᠡ ᠶᠢᠨ ᠬᠤᠳᠠᠯᠳᠤᠭᠠᠨ ᠤ ᠨᠥᠬᠦᠪᠥᠷᠢ ᠳᠠᠭᠠᠳᠬᠠᠯ ᠵᠡᠷᠭᠡ ᠶᠢ ᠨᠦᠬᠦᠪᠦᠷᠢᠯᠡᠵᠤ ᠥᠭᠭᠦᠭᠰᠡᠨ ᠤ ᠳᠠᠷᠠᠭ᠎ᠠ᠂ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠮᠦᠨᠬᠦ ᠲᠤᠭᠲᠠᠭᠠᠯ ᠶᠤᠰᠤᠨ ᠤ ᠡᠮ ᠡᠮᠨᠡᠯᠭᠡ ᠶᠢᠨ ᠵᠠᠷᠤᠳᠠᠯ ᠢᠶᠠᠨ ᠲᠤᠰᠢᠶᠠᠬᠤ ᠳᠤ ᠬᠦᠴᠢᠷᠳᠡᠬᠦ ᠦᠶᠡᠰ ᠨᠥᠬᠦᠪᠥᠷᠢ ᠥᠭᠴᠦ᠂ ᠬᠦᠴᠢᠷᠳᠡᠯᠲᠡᠶ ᠣᠯᠠᠨ ᠲᠦᠮᠡᠨ ᠳᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠬᠦ ᠳᠤ ᠬᠡᠷᠡᠭᠯᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号