ᠬᠡᠦᠬᠡᠳ ᠤᠨ ᠰᠣᠯᠣᠩᠭ᠎ᠠ ᠶᠢᠨ ᠪᠦᠷᠬᠦᠪᠴᠢ ᠪᠠᠷ ᠨᠢ ᠭᠡᠭᠡᠭᠳᠡᠬᠦ ᠠᠴᠠ ᠰᠡᠷᠭᠡᠶᠢᠯᠡᠬᠦ ᠰᠦᠯᠵᠢᠶᠡᠨ ᠤ ᠲᠠᠪᠴᠠᠩ ᠥᠪᠥᠷ ᠮᠣᠩᠭᠤᠯ ᠳᠤ ᠨᠠᠶᠢᠳᠠᠪᠤᠷᠢᠵᠢᠪᠠ
ᠨᠡᠶᠢᠲᠡᠯᠡᠭᠰᠡᠨ ᠴᠠᠭ᠄
2018/1/8
      1 ᠳ᠋ᠤᠭᠡᠷ ᠰᠠᠷ᠎ᠠ ᠶᠢᠨ 5᠎ ᠤ ᠡᠳᠦᠷ᠂ ︽ᠢᠨᠲ᠋ᠧᠷ ᠰᠦᠯᠵᠢᠶ᠎ᠡ + ᠬᠡᠦᠬᠡᠳ ᠢ ᠬᠠᠮᠠᠭᠠᠯᠠᠬᠤ︾ ᠠᠵᠢᠯᠯᠠᠭ᠎ᠠ ᠵᠢᠴᠢ ᠳᠤᠮᠳᠠᠳᠤ ᠤᠯᠤᠰ ᠤᠨ ᠬᠡᠦᠬᠡᠳ ᠤᠨ ᠰᠣᠯᠣᠩᠭ᠎ᠠ ᠶᠢᠨ ᠪᠦᠷᠬᠦᠪᠴᠢ ᠪᠠᠷ ᠨᠢ ᠭᠡᠭᠡᠭᠳᠡᠬᠦ ᠠᠴᠠ ᠰᠡᠷᠭᠡᠶᠢᠯᠡᠬᠦ ᠰᠦᠯᠵᠢᠶᠡᠨ ᠤ ᠲᠠᠪᠴᠠᠩ ᠤᠨ ᠥᠪᠥᠷ ᠮᠣᠩᠭᠤᠯ ᠳᠠᠬᠢ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠳᠤᠮᠳᠠᠳᠤ ᠤᠯᠤᠰ ᠤᠨ ᠬᠡᠦᠬᠡᠳ ᠤᠨ ᠰᠣᠯᠣᠩᠭ᠎ᠠ ᠶᠢᠨ ᠪᠦᠷᠬᠦᠪᠴᠢ ᠪᠠᠷ ᠨᠢ ᠭᠡᠭᠡᠭᠳᠡᠬᠦ ᠠᠴᠠ ᠰᠡᠷᠭᠡᠶᠢᠯᠡᠬᠦ ᠰᠦᠯᠵᠢᠶᠡᠨ ᠤ ᠲᠠᠪᠴᠠᠩ ᠢ ᠳᠤᠮᠳᠠᠳᠤ ᠤᠯᠤᠰ ᠤᠨ ᠬᠤᠶᠢᠴᠢ ᠦᠶ᠎ᠡ ᠪᠠᠨ ᠬᠠᠷᠠᠭᠠᠯᠵᠠᠬᠤ ᠠᠵᠢᠯ ᠤᠨ ᠺᠣᠮᠢᠰ ᠤᠨ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠲᠥᠪ ᠠᠴᠠ ᠭᠤᠣᠯᠯᠠᠨ ᠡᠷᠭᠢᠯᠡᠵᠦ᠂ ᠰᠣᠯᠣᠩᠭ᠎ᠠ ᠶᠢᠨ ᠪᠦᠷᠬᠦᠪᠴᠢ ᠪᠠᠷ ᠢᠯᠭᠠᠨ ᠲᠠᠨᠢᠬᠤ ᠮᠡᠷᠭᠡᠵᠢᠯ ᠢ ᠬᠡᠦᠬᠡᠳ ᠤᠨ ᠠᠶᠤᠯ ᠦᠭᠡᠢ ᠶᠢᠨ ᠠᠵᠢᠯ ᠤᠨ ᠬᠦᠷᠢᠶ᠎ᠡ ᠬᠡᠪᠴᠢᠶᠠᠨ ᠳᠤ ᠠᠩᠬ᠎ᠠ ᠤᠳᠠᠭ᠎ᠠ ᠬᠡᠷᠡᠭᠯᠡᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠪᠠ ᠤᠯᠠᠨ ᠤᠯᠤᠰ ᠲᠤ ᠲᠦᠷᠦᠭᠦᠯᠡᠭᠰᠡᠨ ᠰᠣᠯᠣᠩᠭ᠎ᠠ ᠶᠢᠨ ᠪᠦᠷᠬᠦᠪᠴᠢ ᠪᠠᠷ ᠢᠯᠭᠠᠨ ᠲᠠᠨᠢᠬᠤ ᠮᠡᠷᠭᠡᠵᠢᠯ ᠳᠤ ᠲᠦᠰᠢᠭᠯᠡᠨ᠂ 0᠎ ᠠᠴᠠ 12 ᠨᠠᠰᠤᠨ ᠤ ᠬᠡᠦᠬᠡᠳ ᠤᠨ ᠰᠣᠯᠣᠩᠭ᠎ᠠ ᠶᠢᠨ ᠪᠦᠷᠬᠦᠪᠴᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠡᠦᠬᠡᠳ ᠤᠨ ᠰᠣᠯᠣᠩᠭ᠎ᠠ ᠶᠢᠨ ᠪᠦᠷᠬᠦᠪᠴᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠤᠯᠠᠮ ᠠᠴᠠ ᠬᠡᠬᠡᠭᠰᠡᠨ ᠬᠡᠦᠬᠡᠳ ᠢ ᠣᠯᠵᠤ ᠠᠪᠬᠤ ᠲᠣᠬᠢᠶᠠᠯᠳᠤᠮᠵᠢ ᠶᠢ ᠳᠡᠭᠡᠭᠰᠢᠯᠡᠭᠦᠯᠬᠦ ᠪᠠᠷ ᠪᠠᠶᠢᠭ᠎ᠠ ᠶᠤᠮ᠃ ᠡᠬᠢᠯᠡᠯᠲᠡ ᠶᠤᠰᠤᠯᠠᠯ ᠤᠨ ᠲᠤᠬᠠᠢ ᠶᠢᠨ ᠲᠠᠯᠠᠪᠠᠢ ᠳᠤ᠂ ᠠᠵᠢᠯᠲᠠᠳ ᠰᠤᠯᠤᠩᠭ᠎ᠠ ᠶᠢᠨ ᠪᠦᠷᠬᠦᠪᠴᠢ ᠶᠢ ᠰᠢᠩᠭᠡᠭᠡᠬᠦ ᠪᠦᠬᠦ ᠶᠠᠪᠤᠴᠠ ᠶᠢ ᠦᠵᠡᠬᠦᠯᠵᠤ᠂ ᠪᠦᠬᠦ ᠶᠠᠪᠤᠴᠠ ᠨᠢ ᠮᠠᠰᠢ ᠳᠥᠭᠦᠮᠬᠡᠨ ᠪᠠᠶᠢᠵᠤ᠂ ᠵᠥᠪᠬᠡᠨ ᠪᠡᠯᠡᠳᠭᠡᠮᠵᠢ ᠪᠠᠷ ᠬᠡᠦᠬᠡᠳ ᠤᠨ ᠨᠢᠳᠦ ᠶᠢ ᠰᠢᠷᠪᠢᠪᠡᠯ ᠪᠤᠯᠴᠢᠬᠠᠨ᠎ᠠ᠂ ᠬᠡᠤᠭᠡᠳ ᠤᠨ ᠪᠡᠶ᠎ᠡ ᠳᠤ ᠤᠶᠢᠷᠠᠲᠤᠬᠤ ᠦᠭᠡᠶ ᠮᠥᠷᠲᠡᠭᠡᠨ ᠪᠠᠰᠠ ᠬᠡᠦᠬᠡᠳ ᠲᠤ ᠶᠠᠮᠠᠷ ᠴᠤ ᠬᠤᠬᠢᠷᠠᠯ ᠢ ᠤᠴᠠᠷᠠᠭᠤᠯᠬᠤ ᠦᠭᠡᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号