2017 ᠣᠨ ᠳᠤ ᠥᠪᠥᠷ ᠮᠣᠩᠭᠤᠯ ᠲᠥᠪ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠨᠥᠬᠦᠪᠥᠷᠢ ᠶᠢ 1540 ᠲᠦᠮᠡᠨ ᠲᠦᠭᠦᠷᠢᠭ ᠭᠥᠷᠳᠡᠪᠡ
ᠨᠡᠶᠢᠲᠡᠯᠡᠭᠰᠡᠨ ᠴᠠᠭ᠄
2018/1/8
      2017 ᠣᠨ ᠳᠤ ᠮᠠᠨ ᠤ ᠣᠷᠣᠨ ᠲᠥᠪ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠨᠥᠬᠦᠪᠥᠷᠢ ᠪᠡᠯᠡ ᠮᠦᠩᠭᠦ ᠶᠢ 1540 ᠲᠦᠮᠡᠨ ᠲᠦᠭᠦᠷᠢᠭ ᠭᠥᠷᠳᠡᠪᠡ᠂ ᠡᠭᠦᠨ ᠳᠤ ᠪᠣᠳᠠᠲᠤ ᠴᠣᠭᠴᠠ ᠨᠣᠮ ᠤᠨ ᠳᠡᠯᠭᠡᠭᠦᠷ᠂ ᠷᠠᠳᠢᠣ᠋ ᠲᠧᠯᠸᠢᠰ ᠤᠨ ᠰᠦᠯᠵᠢᠶ᠎ᠡ᠂ ᠨᠡᠶᠢᠯᠡᠯ ᠬᠥᠭᠵᠢᠯᠲᠡ ᠶᠢᠨ ᠭᠤᠷᠪᠠᠨ ᠲᠥᠷᠥᠯ 5 ᠴᠢᠬᠤᠯᠠ ᠶᠡᠭᠡ ᠲᠥᠷᠥᠯ ᠵᠦᠢᠯ ᠪᠠᠭᠲᠠᠨ᠎ᠠ᠃ ᠣᠳᠣᠬᠠᠨ ᠪᠣᠯᠲᠠᠯ᠎ᠠ᠂ ᠪᠦᠬᠦ ᠣᠷᠣᠨ ᠤ 190 ᠺᠢᠨᠣ᠋ ᠲᠢᠶᠠᠲᠷ ᠤᠨ ᠪᠢᠯᠧᠲ ᠬᠤᠳᠠᠯᠳᠤᠭᠰᠠᠨ ᠣᠷᠣᠯᠭ᠎ᠠ ᠨᠢ 5.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠺᠢᠨᠣ᠋ ᠭᠠᠷᠭᠠᠭᠰᠠᠨ ᠤᠳᠠᠭ᠎ᠠ ᠲᠠᠯᠠᠪᠠᠢ᠂ ᠺᠢᠨᠣ᠋ ᠦᠵᠡᠭᠰᠡᠨ ᠬᠦᠮᠦᠨ ᠤᠳᠠᠭ᠎ᠠ᠂ ᠪᠢᠯᠧᠲ ᠬᠤᠳᠠᠯᠳᠤᠭᠰᠠᠨ ᠣᠷᠣᠯᠭ᠎ᠠ ᠨᠢ ᠪᠦᠷ ᠠᠳᠠᠯᠢ ᠬᠤᠭᠤᠴᠠᠭᠠᠨ ᠤ ᠬᠢ ᠠᠴᠠ 22%᠎ ᠠᠴᠠ ᠳᠡᠭᠡᠭᠰᠢ ᠨᠡᠮᠡᠭᠳᠡᠵᠡᠶ᠃      2017 ᠣᠨ ᠳᠤ᠂ ᠲᠤᠰ ᠲᠣᠪᠴᠢᠶ᠎ᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠢᠳᠡᠪᠬᠢᠲᠡᠶ ᠪᠠᠷ ᠰᠦᠪᠡᠭᠴᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ᠂ ᠲᠦᠷᠦ ᠶᠢᠨ ᠪᠤᠳᠤᠯᠭ᠎ᠠ ᠪᠠᠷ ᠲᠡᠳᠬᠦᠨ ᠳᠡᠮᠵᠢᠯᠭᠡ ᠶᠢ ᠬᠥᠲᠥᠯᠥᠨ ᠳᠠᠭᠠᠭᠤᠯᠬᠤ ᠪᠠ ᠵᠠᠭᠤᠴᠢᠯᠠᠭᠤᠷ ᠤᠨ ᠠᠭᠤᠰᠤᠯᠴᠠᠯ ᠢ ᠲᠥᠯᠬᠢᠨ ᠠᠬᠢᠭᠤᠯᠬᠤ ᠪᠠᠷ ᠴᠢᠬᠤᠯᠠ ᠠᠷᠭ᠎ᠠ ᠪᠠᠷᠢᠯ ᠪᠣᠯᠭᠠᠵᠤ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠺᠢᠨᠣ᠋ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠪᠠ᠃ ᠲᠦᠷᠦ ᠶᠢᠨ ᠪᠤᠳᠤᠯᠭ᠎ᠠ ᠪᠠᠷ ᠲᠡᠳᠬᠦᠨ ᠳᠡᠮᠵᠢᠯᠭᠡ ᠶᠢ ᠬᠥᠲᠥᠯᠥᠨ ᠳᠠᠭᠠᠭᠤᠯᠬᠤ ᠲᠠᠯ᠎ᠠ ᠪᠠᠷ᠂ ᠮᠠᠨ ᠤ ᠣᠷᠣᠨ ︽ᠰᠣᠨᠢᠨ ᠮᠡᠳᠡᠭᠡᠯᠡᠯ ᠬᠡᠪᠯᠡᠯ ᠷᠠᠳᠢᠣ᠋ ᠲᠧᠯᠸᠢᠰ ᠺᠢᠨᠣ᠋ ᠤᠨ ᠠᠵᠢᠯ ᠲᠥᠷᠥᠯ ᠳᠤ ᠠᠷᠠᠳ ᠎ ᠤᠨ ᠬᠥᠷᠥᠩᠭᠡ ᠣᠷᠣᠬᠤ ᠶᠢ ᠵᠣᠷᠢᠭᠵᠢᠭᠤᠯᠬᠤ ᠶᠢᠨ ᠵᠢᠯᠣᠭᠤᠳᠬᠤ ᠰᠠᠨᠠᠯ︾᠎ ᠢ ᠨᠡᠶᠢᠲᠡᠯᠡᠵᠦ᠂ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠵᠢᠴᠢ ᠬᠤᠯᠪᠣᠭᠳᠠᠯ ᠪᠦᠬᠦᠢ ᠠᠵᠢᠯ ᠲᠥᠷᠥᠯ ᠤᠨ ᠨᠢᠭᠡᠴᠡ ᠎ ᠯᠦᠭᠡ ᠪᠦᠲᠦᠭᠦᠪᠴᠢ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠪᠠ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ ᠠᠵᠤ ᠦᠢᠯᠡᠰ ᠤᠨ ᠬᠥᠭᠵᠢᠯᠲᠡ ᠶᠢ ᠲᠤᠰᠠᠯᠠᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠤᠷᠲᠤᠰ ᠤᠨ ᠮᠣᠩᠭᠤᠯ ᠤᠨ ᠢᠵᠠᠭᠤᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠠᠵᠤ ᠦᠢᠯᠡᠰ ᠤᠨ ᠳᠦᠷᠦᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠡᠷᠴᠢᠮᠯᠡᠨ ᠠᠬᠢᠭᠤᠯᠪᠠ᠃ ᠵᠠᠭᠤᠴᠢᠯᠠᠭᠤᠷ ᠤᠨ ᠨᠡᠶᠢᠯᠡᠯ ᠬᠥᠭᠵᠢᠯᠲᠡ ᠶᠢᠨ ᠲᠠᠯ᠎ᠠ ᠪᠠᠷ᠂ ᠮᠠᠨ ᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠺᠢᠨᠣ᠋ ᠶᠢᠨ ᠦᠢᠯᠡᠳᠬᠦᠨ ᠤ ᠦᠢᠯᠡᠳᠪᠦᠷᠢᠯᠡᠯ ᠤᠨ ᠬᠡᠮᠵᠢᠶ᠎ᠡ ᠲᠣᠭᠲᠠᠭᠤᠨ ᠢᠶᠠᠷ ᠬᠥᠭᠵᠢᠵᠦ᠂ ᠪᠦᠬᠦ ᠣᠷᠣᠨ ᠤ 75 ᠵᠦᠢᠯ ᠤᠨ ᠰᠣᠨᠢᠨ᠂ 151 ᠵᠦᠢᠯ ᠤᠨ ᠰᠡᠳᠬᠦᠯ᠂ 89 ᠷᠠᠳᠢᠣ᠋ ᠲᠧᠯᠸᠢᠰ ᠤᠨ ᠦᠷᠲᠡᠭᠡ᠂ 18 ᠰᠦᠯᠵᠢᠶᠡᠨ ᠳᠡᠭᠡᠷ᠎ᠡ ᠰᠣᠨᠣᠰᠴᠤ ᠦᠵᠡᠬᠦ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠵᠠᠭᠤᠴᠢᠯᠠᠭᠤᠷ ᠨᠡᠶᠢᠯᠡᠨ ᠬᠥᠭᠵᠢᠵᠦ᠂ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠦᠢᠯᠡᠳᠬᠦ ᠪᠠ ᠨᠡᠪᠲᠡᠷᠡᠭᠦᠯᠬᠦ ᠶᠢ ᠰᠠᠯᠭᠠᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠭᠤᠣᠯ ᠤᠷᠤᠰᠬᠠᠯ ᠤᠨ ᠵᠠᠭᠤᠴᠢᠯᠠᠭᠤᠷ ᠤᠨ ᠰᠢᠨ᠎ᠡ ᠵᠠᠭᠤᠴᠢ ᠶᠢᠨ ᠵᠢᠭᠰᠠᠭᠠᠯ ᠤᠨ ᠭᠠᠵᠠᠷ ᠨᠡᠬᠡᠬᠡᠬᠦ ᠶᠢ ᠬᠦᠴᠦᠲᠡᠶ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠰᠦᠯᠵᠢᠶᠡᠨ ᠤ ᠷᠠᠳᠢᠣ᠋ ᠲᠧᠯᠸᠢᠰ ᠬᠤᠷᠢᠶ᠎ᠠ ᠨᠢ ᠤᠯᠤᠰ ᠤᠨ ᠰᠣᠨᠢᠨ ᠮᠡᠳᠡᠭᠡᠯᠡᠯ ᠬᠡᠪᠯᠡᠯ ᠷᠠᠳᠢᠣ᠋ ᠲᠧᠯᠸᠢᠰ ᠺᠢᠨᠣ᠋ ᠶᠢᠨ ᠶᠡᠷᠦᠩᠬᠡᠶ ᠲᠣᠪᠴᠢᠶᠠᠨ ᠤ ᠵᠥᠪᠰᠢᠶᠡᠷᠡᠯ ᠢ ᠵᠢᠩᠬᠢᠨᠢ ᠪᠠᠷ ᠣᠯᠵᠤ᠂ ᠮᠣᠩᠭᠤᠯ ᠬᠡᠯᠡᠨ ᠤ ᠡᠭᠦᠯᠡᠨ ᠪᠣᠳᠣᠯᠲᠠ ᠶᠢᠨ ᠰᠤᠷᠭᠠᠨ ᠬᠥᠮᠦᠵᠢᠯ ᠤᠨ ᠠᠭᠤᠯᠭ᠎ᠠ ᠶᠢᠨ ᠡᠬᠢ ᠪᠠᠶᠠᠯᠢᠭ ᠤᠨ ᠲᠣᠭᠠᠴᠢᠯᠠᠯᠲᠠ ᠠᠵᠤ ᠦᠢᠯᠡᠰᠵᠢᠯᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号