ᠦᠪᠦᠷ ᠮᠣᠩᠭᠤᠯ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢ ᠰᠢᠨ᠎ᠡ ᠪᠠᠷ 25 ᠨᠡᠮᠡᠭᠳᠡᠭᠦᠯᠪᠡ
ᠨᠡᠶᠢᠲᠡᠯᠡᠭᠰᠡᠨ ᠴᠠᠭ᠄
2018/1/9
      ᠣᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︽2017 ᠣᠨ ᠳᠤ ᠰᠢᠨ᠎ᠡ ᠪᠠᠷ ᠦᠨᠡᠮᠰᠢᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢ ᠨᠡᠶᠢᠲᠡᠯᠡᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠡᠬᠢ ᠪᠠᠶᠠᠯᠢᠭ ᠤᠨ ᠵᠢᠵᠢᠭ ᠮᠣᠯᠧᠺᠦ᠋ᠯ ᠢ ᠲᠦᠷᠭᠡᠳᠬᠡᠨ ᠬᠤᠪᠢᠷᠠᠭᠤᠯᠵᠤ ᠠᠰᠢᠭᠯᠠᠬᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠵᠡᠷᠭᠡ 25 ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢᠶᠠᠷ ᠦᠨᠡᠮᠰᠢᠨ ᠲᠣᠭᠲᠠᠭᠠᠪᠠ᠃      ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠦ᠂ ᠦᠢᠯᠡᠳᠪᠦᠷᠢᠯᠡᠬᠦ ᠰᠤᠷᠭᠠᠬᠤ ᠰᠣᠳᠤᠯᠬᠤ ᠶᠢ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠷᠬᠡᠭᠵᠢᠭᠦᠯᠬᠦ ᠶᠢᠨ ᠴᠢᠬᠤᠯᠠ ᠠᠴᠢᠶᠠᠯᠠᠭᠴᠢ ᠮᠥᠨ᠃ ᠣᠳᠣᠬᠠᠨ ᠪᠣᠯᠲᠠᠯ᠎ᠠ᠂ ᠮᠠᠨ ᠤ ᠣᠷᠣᠨ ᠤ ᠮᠠᠭᠠᠳᠯᠠᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠨᠡᠶᠢᠲᠡ 184 ᠪᠠᠶᠢᠵᠤ᠂ ᠬᠤᠪᠣᠷ ᠰᠢᠷᠣᠶ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠮᠣᠩᠭᠤᠯ ᠡᠮ ᠡᠮᠨᠡᠯᠭᠡ᠂ ᠲᠣᠨᠣᠭᠯᠠᠯ ᠦᠢᠯᠡᠳᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠠᠯᠢ ᠣᠯᠠᠨ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠬᠤᠯᠪᠣᠭᠳᠠᠵᠤ ᠪᠣᠢ᠃ ᠮᠠᠨ ᠤ ᠣᠷᠣᠨ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢ ᠦᠨᠡᠮᠰᠢᠨ ᠲᠣᠭᠲᠠᠭᠠᠭᠰᠠᠨ ᠶᠠᠪᠤᠳᠠᠯ ᠨᠢ᠂ ᠣᠷᠣᠨ ᠤ ᠳᠣᠲᠣᠭᠠᠳᠤ ᠶᠢᠨ ᠢᠨᠵᠧᠨᠧᠷᠢᠩᠴᠢᠯᠡᠭᠰᠡᠨ ᠰᠤᠳᠤᠯᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠦ᠂ ᠨᠢᠭᠡ ᠪᠦᠯᠦᠭ ᠳᠡᠭᠡᠳᠦ ᠬᠡᠪ ᠴᠢᠨᠠᠷ ᠪᠦᠬᠦᠢ ᠢᠨᠵᠧᠨᠧᠷᠢᠩᠴᠢᠯᠡᠭᠰᠡᠨ ᠮᠡᠷᠭᠡᠵᠢᠯ ᠤᠨ ᠲᠠᠯ᠎ᠠ ᠶᠢᠨ ᠳᠠᠭᠠᠭᠤᠯᠤᠭᠴᠢ ᠪᠣᠯᠣᠨ ᠮᠡᠷᠭᠡᠵᠢᠯ ᠤᠨ ᠭᠤᠣᠯ ᠬᠦᠴᠦᠨ ᠢ ᠪᠤᠶᠢᠵᠢᠭᠤᠯᠬᠤ ᠶᠢᠨ ᠬᠠᠮᠲᠤ ᠴᠤᠭᠯᠠᠭᠤᠯᠵᠤ᠂ ᠦᠢᠯᠡᠳᠪᠦᠷᠢᠯᠡᠬᠦ ᠰᠤᠷᠭᠠᠬᠤ ᠰᠣᠳᠤᠯᠬᠤ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠢᠨᠵᠧᠨᠧᠷᠢᠩᠵᠢᠬᠦᠯᠬᠦ ᠶᠢ ᠲᠥᠷᠭᠡᠳᠬᠡᠬᠦ ᠪᠠ ᠰᠢᠰᠲ᠋ᠧᠮ ᠤᠨ ᠴᠤᠭᠯᠠᠷᠠᠯ ᠢ ᠰᠤᠳᠤᠯᠬᠤ ᠵᠡᠷᠭᠡ ᠲᠠᠯ᠎ᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠢᠯᠠᠩᠭᠤᠶ᠎ᠠ ᠠᠵᠤ ᠦᠢᠯᠡᠰ ᠤᠨ ᠬᠥᠭᠵᠢᠯᠲᠡ ᠳᠤ ᠪᠣᠯᠪᠠᠰᠤᠷᠠᠩᠭᠤᠶ ᠪᠦᠭᠡᠳ ᠢᠵᠢ ᠪᠦᠷᠢᠳᠦᠭᠰᠡᠨ ᠲᠡᠷᠢᠭᠦᠨ ᠤ ᠮᠡᠷᠭᠡᠵᠢᠯ᠂ ᠤᠷ᠎ᠠ ᠮᠡᠷᠭᠡᠰᠢᠯ᠂ ᠵᠡᠪᠰᠡᠭ ᠲᠣᠨᠣᠭᠯᠠᠯ ᠪᠣᠯᠤᠨ ᠦᠢᠯᠡᠳᠬᠦᠨ ᠢ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠪᠣᠯᠪᠠᠰᠤᠷᠠᠩᠭᠤᠶ ᠴᠢᠨᠠᠷ᠂ ᠢᠵᠢ ᠪᠦᠷᠢᠳᠦᠯ ᠤᠨ ᠴᠢᠨᠠᠷ ᠪᠠ ᠢᠨᠵᠧᠨᠧᠷᠢᠩᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠢᠶ᠎ᠠ ᠪᠦᠬᠦᠢ ᠠᠵᠢᠯ ᠲᠦᠷᠦᠯ ᠪᠣᠯᠤᠨ ᠬᠦᠷᠢᠶᠡᠨ ᠳᠠᠬᠢ ᠮᠡᠷᠭᠡᠵᠢᠯ ᠤᠨ ᠳᠠᠪᠰᠢᠯᠲᠠ ᠶᠢ ᠳᠠᠶᠢᠴᠢᠯᠠᠬᠤ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号