ᠥᠪᠥᠷ ᠮᠣᠩᠭᠤᠯ ᠤᠨ ᠪᠦᠬᠦ ᠰᠢᠶᠠᠩ ᠪᠠᠯᠭᠠᠰᠤ ᠶᠢᠨ ᠪᠠᠶᠢᠩᠭᠤ ᠶᠢᠨ ᠴᠠᠬᠢᠯᠭᠠᠨ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠪᠡ
ᠨᠡᠶᠢᠲᠡᠯᠡᠭᠰᠡᠨ ᠴᠠᠭ᠄
2018/1/9
     12 ᠳ᠋ᠤᠭᠠᠷ ᠰᠠᠷ᠎ᠠ ᠶᠢᠨ 31᠎ ᠤ ᠡᠳᠦᠷ᠂ ᠳᠤᠮᠳᠠᠳᠤ ᠤᠷᠤᠰ ᠤᠨ ᠬᠢᠯᠢ ᠳᠠᠭᠠᠤ ᠶᠡᠭᠡ ᠬᠢᠩᠭᠠᠨ ᠳᠠᠪᠠᠭᠠᠨ ᠤ ᠪᠠᠯᠠᠷ ᠰᠢᠭᠤᠶ ᠶᠢᠨ ᠣᠷᠣᠨ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠬᠠᠮᠤᠭ ᠤᠨ ᠬᠤᠶᠢᠲᠤ ᠵᠠᠬ᠎ᠠ ᠶᠢᠨ ᠨᠢᠭᠡᠨ ᠵᠢᠵᠢᠭ ᠲᠣᠰᠬᠤᠨ ᠡᠷᠭᠦᠨ᠎ᠡ ᠬᠤᠲᠠ ᠶᠢᠨ ᠴᠢ ᠴᠢᠶᠠᠨ ᠰᠢᠶᠠᠩ ᠪᠠᠶᠢᠩᠭᠤ ᠶᠢᠨ ᠴᠠᠬᠢᠯᠭᠠᠨ ᠲᠠᠢ ᠪᠣᠯᠣᠭᠰᠠᠨ ᠶᠠᠪᠤᠳᠠᠯ ᠨᠢ ᠥᠪᠥᠷ ᠮᠣᠩᠭᠤᠯ ᠤᠨ ᠰᠤᠮᠤ ᠪᠠᠯᠭᠠᠰᠤ ᠶᠢᠨ ᠪᠠᠶᠢᠩᠭᠤ ᠶᠢᠨ ᠴᠠᠬᠢᠯᠭᠠᠨ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠦᠭᠰᠡᠨ ᠢ ᠬᠠᠷᠠᠭᠤᠯᠪᠠ᠃      ᠲᠤᠬᠠᠶ ᠶᠢᠨ ᠭᠠᠵᠠᠷ ᠤᠨ ᠴᠠᠬᠢᠯᠭᠠᠨ ᠬᠡᠷᠡᠭᠯᠡᠬᠦ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ 2017 ᠣᠨ ᠤ 11 ᠳ᠋ᠦ᠋ᠭᠡᠷ ᠰᠠᠷ᠎ᠠ ᠳᠤ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠴᠢ ᠴᠢᠶᠠᠨ ᠰᠢᠶᠠᠩ ᠤᠨ ᠤᠤᠯ ᠭᠡᠷᠡᠯ ᠴᠡᠨᠡᠭ ᠤᠨ ᠦᠷᠳᠡᠭᠡ ᠳᠤ ᠪᠠᠭᠲᠠᠭᠠᠮᠵᠢ ᠨᠡᠮᠡᠭᠳᠡᠭᠦᠯᠬᠦ ᠥᠭᠡᠷᠡᠴᠢᠯᠡᠯᠲᠡ ᠬᠢᠵᠡᠢ᠃ ᠰᠠᠭᠤᠭᠠᠯᠢ ᠠᠷᠠᠳ ᠢ ᠡᠷᠲᠡᠬᠡᠨ ᠴᠠᠬᠢᠯᠭᠠᠨ ᠬᠡᠷᠡᠭᠯᠡᠭᠦᠯᠬᠦ ᠶᠢ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠲᠠᠨ ᠲᠡᠭ ᠠᠴᠠ ᠳᠣᠷᠣᠭᠰᠢ 30 ᠭᠷᠠᠳᠦ᠋ᠰ ᠤᠨ ᠲᠦᠢᠯ ᠤᠨ ᠬᠦᠢᠲᠡᠨ ᠳᠤ 60 ᠰᠢᠬᠠᠮ ᠡᠳᠦᠷ ᠬᠠᠲᠠᠭᠤᠵᠢᠯᠲᠠᠶ ᠠᠵᠢᠯᠯᠠᠬᠤ ᠪᠠᠷ ᠳᠠᠮᠵᠢᠭᠠᠳ᠂ ᠲᠦᠷᠦᠯ ᠵᠦᠢᠯ ᠨᠢ 2017 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠵᠡᠢ᠃ ᠴᠠᠬᠢᠯᠭᠠᠨ ᠨᠡᠪᠲᠡᠷᠡᠭᠰᠡᠨ ᠨᠢ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠦᠨ ᠰᠠᠶᠢᠵᠢᠷᠠᠭᠤᠯᠵᠤ᠂ ᠲᠠᠷᠠᠭᠠᠴᠢ ᠶᠢᠨ ᠠᠯᠬᠤᠮ ᠳᠠᠬᠢ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠵᠢᠴᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠪᠣᠯᠤᠯᠴᠠᠭ᠎ᠠ ᠣᠯᠭᠤᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号