ᠥᠪᠥᠷ ᠮᠣᠩᠭᠤᠯ ᠤᠰᠤ ᠠᠷᠪᠢᠯᠠᠬᠤ ᠬᠡᠯᠪᠡᠷᠢ ᠶᠢᠨ ᠠᠴᠢᠶᠠᠯᠠᠭᠴᠢ ᠶᠢ ᠨᠡᠶᠢᠲᠡ 853 ᠪᠠᠶᠢᠭᠤᠯᠪᠠ
ᠨᠡᠶᠢᠲᠡᠯᠡᠭᠰᠡᠨ ᠴᠠᠭ᠄
2018/1/9
     ᠥᠪᠥᠷ ᠮᠤᠩᠭᠤᠯ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 2017 ᠣᠨ ᠳᠤ ᠥᠪᠥᠷ ᠮᠣᠩᠭᠤᠯ ᠤᠨ ᠲᠦᠮᠡᠨ ᠲᠥᠭᠦᠷᠢᠭ ᠤᠨ GDP᠎ ᠶᠢᠨ ᠤᠰᠤ ᠬᠡᠷᠡᠭᠯᠡᠬᠦ ᠬᠡᠮᠵᠢᠶ᠎ᠡ 2015 ᠣᠨ ᠤ ᠬᠢ ᠠᠴᠠ 10% ᠪᠠᠭᠤᠷᠠᠵᠤ᠂ ᠪᠦᠬᠦ ᠣᠷᠣᠨ ᠳᠤ ᠤᠰᠤ ᠠᠷᠪᠢᠯᠠᠬᠤ ᠬᠡᠯᠪᠡᠷᠢ ᠶᠢᠨ ᠠᠴᠢᠶᠠᠯᠠᠭᠴᠢ ᠶᠢ ᠨᠡᠶᠢᠲᠡ 853 ᠪᠠᠶᠢᠭᠤᠯᠵᠤ᠂ ᠪᠤᠯᠤᠳ ᠲᠡᠮᠦᠷ᠂ ᠨᠡᠬᠡᠮᠡᠯ᠂ ᠴᠠᠭᠠᠰᠤ ᠬᠢᠬᠦ᠂ ᠴᠢᠯᠠᠭᠤᠨ ᠲᠣᠰᠣ ᠪᠣᠯᠪᠠᠰᠤᠷᠠᠭᠤᠯᠬᠤ᠂ ᠢᠯᠴᠢ ᠶᠢᠨ ᠴᠠᠬᠢᠯᠭᠠᠨ ᠵᠡᠷᠭᠡ 5 ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠭᠰᠠᠨ ᠨᠤᠷᠮ᠎ᠠ 63%᠎ ᠳᠤ ᠬᠦᠷᠴᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 1430 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠦ ᠠᠰᠢᠭᠯᠠᠯᠲᠠ ᠶᠢᠨ ᠢᠯᠡᠳᠬᠡᠭᠴᠢ ᠲᠤᠭ᠎ᠠ 0.532᠎ ᠳᠤ ᠬᠦᠷᠴᠡᠶ᠃ ᠪᠥᠬᠦ ᠣᠷᠣᠨ ᠤᠰᠤ ᠠᠷᠪᠢᠯᠠᠬᠤ ᠬᠡᠯᠪᠡᠷᠢ ᠶᠢᠨ ᠠᠴᠢᠶᠠᠯᠠᠭᠴᠢ ᠶᠢ ᠨᠡᠶᠢᠲᠡ 853 ᠪᠠᠶᠢᠭᠤᠯᠵᠤ᠂ ᠡᠭᠦᠨ ᠳᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 96 ᠡᠷᠦᠬᠡ᠂ ᠪᠠᠶᠢᠭᠤᠯᠭ᠎ᠠ 568᠂ ᠰᠤᠷᠭᠠᠭᠤᠯᠢ 96᠂ ᠰᠠᠭᠤᠭᠠᠯᠢ ᠠᠷᠠᠳ ᠤᠨ ᠲᠣᠭᠤᠷᠢᠭ 48᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠨᠢᠭᠡᠴᠡ 45 ᠪᠠᠶᠢᠭᠤᠯᠪᠠ᠃ ᠪᠤᠭᠤᠲᠤ ᠬᠤᠳᠠ᠂ ᠬᠥᠬᠡᠬᠤᠲᠠ᠂ ᠤᠷᠳᠤᠰ ᠬᠤᠳᠠ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠦᠷᠨᠢᠭᠦᠯᠦᠭᠰᠡᠨ ᠪᠥᠭᠡᠳ ᠪᠥᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠤᠷᠤᠨ ᠤ ᠴᠣᠯᠠ ᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ᠂ ᠥᠨᠳᠥᠷ ᠦᠷ᠎ᠡ ᠪᠦᠲᠦᠮᠵᠢᠲᠦ ᠤᠰᠤ ᠠᠷᠪᠢᠯᠠᠬᠤ ᠢᠨᠵᠧᠨᠧᠷᠢᠩ ᠢ ᠬᠡᠷᠡᠭᠵᠢᠭᠦᠯᠵᠦ᠂ ᠤᠷᠢᠳ ᠬᠤᠵᠢᠳ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ᠂ ᠪᠠᠷᠠᠭᠤᠨ ᠬᠡᠰᠡᠭ ᠤᠨ ᠭᠠᠵᠠᠷ ᠣᠷᠣᠨ ᠳᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠲᠤᠮᠤ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠤᠰᠤ ᠠᠷᠪᠢᠯᠠᠬᠤ ᠥᠭᠡᠷᠡᠴᠢᠯᠡᠯᠲᠡ ᠬᠢᠬᠦ᠂ ᠤᠰᠤᠨ ᠤ ᠡᠷᠬᠡ ᠶᠢ ᠰᠢᠯᠵᠢᠭᠦᠯᠦᠨ ᠥᠭᠬᠦ ᠵᠡᠷᠭᠡ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢ ᠦᠷᠨᠢᠭᠦᠯᠪᠡ᠃ ᠠᠵᠤ ᠦᠢᠯᠡᠳᠪᠦᠷᠢ ᠲᠠᠯ᠎ᠠ ᠪᠠᠷ ᠲᠥᠯᠥᠪᠯᠡᠭᠡ ᠠᠴᠠ ᠬᠡᠲᠦᠷᠡᠭᠦᠯᠦᠨ ᠤᠰᠤ ᠬᠡᠷᠡᠭᠯᠡᠬᠦ ᠪᠠᠷ ᠨᠡᠶᠢᠲᠡ ᠦᠨ᠎ᠡ ᠨᠡᠮᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠯᠤᠭᠤᠳᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠬᠢᠵᠦ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠮᠠᠰᠢ ᠣᠯᠠᠨ ᠨᠡᠭᠦᠷᠡᠰᠦ ᠴᠠᠬᠢᠯᠭᠠᠨ ᠪᠣᠯᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠢᠭᠡᠴᠡ ᠨᠦᠭᠦᠳ ᠦᠢᠯᠡᠳᠬᠦᠨ ᠳᠠᠬᠢ ᠤᠰᠤ ᠪᠠᠭ᠎ᠠ ᠬᠤᠷᠤᠭᠳᠠᠭᠤᠯᠳᠠᠭ ᠢᠶᠠᠷ ᠢᠶᠠᠨ ᠪᠦᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠪᠠᠶᠢᠨ᠎ᠠ᠃      ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠬᠦ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠡᠷᠠᠭ᠎ᠠ ᠠᠯᠬᠤᠮ ᠳᠤ᠂ ᠥᠪᠥᠷ ᠮᠣᠩᠭᠤᠯ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠭᠡᠨ ᠤ ᠤᠰᠤ ᠶᠢ ᠨᠠᠷᠢᠨ ᠤᠨᠤᠪᠴᠢᠲᠠᠢ ᠦᠨᠳᠦᠷ ᠪᠦᠲᠦᠮᠵᠢᠲᠡᠢ ᠠᠷᠪᠢᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠬᠢᠬᠦ᠂ ᠤᠰᠤᠨ ᠤ ᠡᠷᠬᠡ ᠶᠢ ᠰᠢᠯᠵᠢᠭᠦᠯᠦᠨ ᠥᠭᠬᠦ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠤᠶᠤᠨᠲᠤ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ ᠤᠰᠤᠨ ᠤ ᠡᠬᠢ ᠪᠠᠶᠠᠯᠢᠭ ᠠᠷᠪᠢᠯᠠᠬᠤ ᠶᠢ ᠴᠢᠩᠭᠠᠷᠠᠭᠤᠯᠬᠤ᠂ ᠣᠷᠴᠢᠯᠳᠤᠭᠤᠯᠤᠨ ᠠᠰᠢᠭᠯᠠᠬᠤ ᠪᠠᠷ ᠳᠠᠮᠵᠢᠭᠤᠯᠤᠨ᠂ ᠪᠦᠬᠦ ᠣᠷᠣᠨ ᠤ ᠤᠰᠤᠨ ᠤ ᠡᠬᠢ ᠪᠠᠶᠠᠯᠢᠭ ᠢ ᠠᠰᠢᠭᠯᠠᠬᠤ ᠠᠷᠭ᠎ᠠ ᠬᠡᠯᠪᠡᠷᠢ ᠳᠤ ᠦᠨᠳᠦᠰᠦᠨ ᠴᠢᠨᠠᠷᠲᠠᠶ ᠬᠤᠪᠢᠷᠠᠯᠲᠠ ᠭᠠᠷᠭᠠᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号