ᠪᠦ᠋ ᠰᠢᠶᠤᠤ ᠯᠢᠨ ᠦᠬᠠᠢ ᠬᠤᠳᠠ ᠳᠤ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠬᠰᠠᠨ ᠨᠢ  ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠭᠡᠪᠡ
ᠨᠡᠶᠢᠲᠡᠯᠡᠭᠰᠡᠨ ᠴᠠᠭ᠄
2018/10/11
     10 ᠳ᠋ᠤᠭᠠᠷ ᠰᠠᠷ᠎ᠠ ᠶᠢᠨ 9᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠬᠠᠢ ᠬᠤᠳᠠ ᠳᠤ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠎ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠦᠷᠭᠦᠯᠵᠢᠯᠡᠨ ᠰᠤᠯᠢᠬᠳᠠᠬᠤ ᠶᠢ ᠲᠦᠷᠭᠡᠳᠭᠡᠨ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠭᠡᠵᠡᠢ᠃      ᠺᠠᠪᠤᠲ ᠶᠧᠴᠧᠩ ᠲᠡᠭᠡᠳᠦ ᠴᠢᠳᠠᠪᠬᠢᠳᠦ ᠮᠠᠲ᠋ᠧᠷᠢᠶᠠᠯ ︵ᠦᠪᠦᠷ ᠮᠤᠩᠭᠤᠯ︶᠎ ᠤᠨ ᠬᠢᠵᠠᠭᠠᠷᠳᠤ ᠺᠤᠮᠫᠠᠨᠢ ᠶᠢᠨ ᠬᠡᠢ ᠹᠠᠰ ᠤᠨ ᠴᠠᠬᠢᠭᠤᠷ ᠤᠨ ᠲᠠᠪᠬᠤᠷ ᠢᠰᠦᠯ᠂ ᠳ᠋ᠦᠩᠶᠤᠸᠠᠨ ᠰᠢᠨᠵᠢᠯᠡᠭᠦ ᠤᠬᠠᠭᠠᠨ ᠮᠡᠷᠭᠡᠵᠢᠯ ᠤᠨ ᠤᠰᠤᠳᠦ᠋ᠷᠦᠭᠴᠢ ᠵᠡᠷᠭᠡ ᠢᠶᠤᠨ ᠪᠡᠶᠡᠳᠦ ᠨᠡᠭᠦᠷᠡᠰᠦᠨ ᠡᠲ᠋ᠢᠨ᠂ ᠯᠦᠩᠴᠠᠩ ᠤᠨ ᠲᠡᠮᠡᠭᠡᠳᠦ ᠠᠭᠤᠯᠠ ᠨᠡᠭᠦᠷᠡᠰᠦᠨ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠦᠩᠬᠡᠶᠢᠯᠡᠭᠰᠡᠨ ᠵᠠᠰᠠᠯᠳᠠ ᠪᠠ ᠪᠤᠬᠢᠷᠳᠦᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ᠂ ᠦᠪᠦᠷ ᠮᠤᠩᠭᠤᠯ ᠤᠨ ᠵᠦᠩ ᠢᠤᠢ ᠮᠠᠬᠨᠢᠳᠦ ᠬᠠᠶᠢᠯᠤᠰᠢ ᠪᠠᠷ ᠬᠦᠷᠳᠦᠨ ᠤ ᠬᠦᠢᠰᠦ ᠦᠢᠯᠡᠳᠭᠦ ᠺᠤᠮᠫᠠᠨᠢ ᠶᠢᠨ ᠦᠢᠯᠡᠳᠪᠦᠷᠢᠯᠡᠯ ᠵᠢᠴᠢ ᠦᠬᠠᠢ ᠶᠢᠨ ᠵᠢᠩ ᠶᠦᠨ ᠲᠦᠩ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠲᠦᠪ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠪᠦ᠋ ᠰᠢᠶᠤᠤ ᠯᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠯᠢᠭ ᠤᠶᠢᠯᠠᠭᠠᠭᠰᠠᠨ ᠪᠦᠭᠡᠳ ᠲᠦᠷᠦᠯ ᠵᠦᠢᠯ ᠤᠨ ᠬᠠᠷᠢᠭᠤᠴᠠᠯᠭᠠᠳᠠᠨ ᠳᠤ ᠤᠷᠴᠢᠨ ᠲᠤᠭᠤᠷᠢᠨ ᠤ ᠬᠠᠮᠠᠭᠠᠯᠠᠯᠳᠠ᠂ ᠠᠶᠤᠯ ᠦᠭᠡᠢ ᠦᠢᠯᠡᠳᠪᠦᠷᠢᠯᠡᠯ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠳᠤᠭᠠᠢ ᠭᠡᠵᠤ ᠵᠠᠬᠢᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠯᠠᠮᠵᠢᠯᠠᠯᠳᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ ᠶᠢ ᠲᠦᠷᠭᠡᠳᠭᠡᠵᠤ᠂ ᠰᠢᠨ᠎ᠠ ᠪᠠᠷ ᠮᠠᠨᠳᠤᠬᠰᠠᠨ ᠠᠵᠤ ᠦᠢᠯᠡᠰ ᠢ ᠶᠡᠭᠡ ᠪᠠᠷ ᠬᠦᠭᠵᠢᠭᠦᠯᠵᠤ᠂ ᠤᠯᠠᠮᠵᠢᠯᠠᠯᠳᠤ ᠠᠵᠤ ᠦᠢᠯᠡᠰ ᠤᠯᠠᠨ ᠰᠢᠨ᠎ᠠ ᠪᠠᠷ ᠮᠠᠨᠳᠤᠬᠰᠠᠨ ᠠᠵᠤ ᠦᠢᠯᠡᠰ ᠴᠦᠭᠡᠨ ᠪᠠᠶᠢᠬᠤ᠂ ᠲᠤᠤᠷᠠᠳᠦ ᠲᠡᠰ ᠤᠨ ᠠᠵᠤ ᠦᠢᠯᠡᠰ ᠤᠯᠠᠨ ᠲᠡᠭᠡᠳᠦ ᠲᠡᠰ ᠤᠨ ᠠᠵᠤ ᠦᠢᠯᠡᠰ ᠴᠦᠭᠡᠨ ᠪᠠᠶᠢᠬᠤ᠂ ᠡᠬᠢ ᠪᠠᠶᠠᠯᠢᠭ ᠎ ᠤᠨ ᠠᠵᠤ ᠦᠢᠯᠡᠰ ᠤᠯᠠᠨ ᠨᠡᠮᠡᠭᠳᠡᠯ ᠦᠷᠳᠡᠭ ᠶᠡᠭᠡᠳᠡᠢ ᠠᠵᠤ ᠦᠢᠯᠡᠰ ᠴᠦᠭᠡᠨ ᠪᠠᠶᠢᠬᠤ᠂ ᠬᠦᠳᠡᠯᠮᠤᠷᠢ ᠬᠦᠴᠦ ᠲᠦᠪᠯᠡᠷᠡᠭᠰᠡᠨ ᠠᠵᠤ ᠦᠢᠯᠡᠰ ᠤᠯᠠᠨ ᠪᠡᠯᠡ ᠮᠦᠩᠭᠦ ᠰᠢᠨᠵᠢᠯᠡᠭᠦ ᠤᠬᠠᠭᠠᠨ ᠮᠡᠷᠭᠡᠵᠢᠯ ᠲᠦᠪᠯᠡᠷᠡᠭᠰᠡᠨ ᠠᠵᠤ ᠦᠢᠯᠡᠰ ᠴᠦᠭᠡᠨ ᠪᠠᠶᠢᠬᠤ ᠪᠠᠶᠢᠳᠠᠯ ᠢ ᠴᠢᠷᠮᠠᠶᠢᠨ ᠬᠤᠪᠢᠷᠠᠭᠤᠯᠬᠤ ᠬᠡᠷᠡᠭᠳᠡᠢ᠃ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠨ ᠬᠦᠭᠵᠢᠭᠦ ᠲᠠᠪᠴᠠᠩ ᠢ ᠰᠠᠶᠢᠲᠤᠷ ᠪᠠᠶᠢᠭᠤᠯᠵᠤ᠂ ᠴᠡᠷᠢᠭ ᠠᠷᠠᠳ ᠎ ᠤᠨ ᠬᠡᠷᠡᠭᠯᠡᠭᠡ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠬᠤᠤᠰ ᠴᠢᠭᠯᠡᠯ ᠢᠶᠠᠷ ᠰᠢᠯᠵᠢᠭᠦᠯᠦᠨ ᠤᠯᠠᠷᠢᠭᠤᠯᠬᠤ ᠠᠷᠭ᠎ᠠ ᠵᠠᠮ ᠢ ᠪᠠᠶᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠨ ᠬᠦᠭᠵᠢᠭᠦ ᠶᠢ ᠠᠬᠢᠭᠤᠯᠬᠤ ᠬᠡᠷᠡᠭᠳᠡᠢ᠃ ᠲᠤᠳᠠᠭᠤᠳᠠᠯ ᠢᠶᠠᠨ ᠨᠦᠬᠦᠪᠦᠷᠢᠯᠡᠭᠦ ᠪᠠ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢ ᠰᠢᠯᠢᠳᠡᠭᠵᠢᠭᠦᠯᠭᠦ ᠲᠤᠭᠤᠷᠢᠨ ᠳᠤ᠂ ᠵᠠᠬ᠎ᠠ ᠲᠡᠯᠭᠡᠭᠦᠷ ᠤᠨ ᠬᠦᠭᠵᠢᠯᠳᠡ ᠶᠢᠨ ᠢᠷᠡᠭᠡᠳᠦᠢ ᠲᠠᠢ ᠨᠢᠭᠡ ᠪᠦᠯᠦᠭ ᠲᠦᠷᠦᠯ ᠵᠦᠢᠯ ᠢ ᠨᠦᠭᠡᠴᠡᠯᠡᠵᠤ᠂ ᠪᠤᠳᠠᠳᠤ ᠴᠤᠬᠴᠠ ᠶᠢᠨ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠬᠢᠵᠢᠭᠦᠯᠭᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号