10 ᠳ᠋ᠤᠭᠠᠷ ᠰᠠᠷ᠎ᠠ ᠶᠢᠨ 16 ᠤ ᠡᠳᠦᠷ᠂ ᠰᠤᠷᠪᠤᠯᠵᠢ ᠪᠢᠴᠢᠭ ᠤᠨ ᠪᠠᠷᠢᠮᠳᠠᠳᠤ ᠹᠢᠯᠢᠮ ︽ᠵᠢᠨᠢᠩ ᠤᠨ | ᠲᠠᠶᠢᠯᠠᠯᠳᠤᠭᠠᠨ︾ ᠢ ᠪᠡᠭᠡᠵᠢᠩ ᠳᠤ ᠰᠡᠭᠦᠳᠡᠷᠯᠡᠵᠤ ᠡᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠦᠨᠳᠦᠰᠦᠳᠡᠨ ᠤ ᠠᠷᠠᠯᠵᠢᠶ᠎ᠠ ᠶᠢ ᠠᠬᠢᠭᠤᠯᠬᠤ | ᠨᠡᠶᠢᠭᠡᠮᠯᠢᠭ ᠤᠨ ᠲᠠᠷᠤᠭ᠎ᠠ ᠾᠧ ᠯᠢ ᠮᠢᠩ᠂ ᠲᠤᠮᠳᠠᠳᠤ ᠤᠯᠤᠰ ᠤᠨ ᠴᠡᠷᠢᠭ ᠤᠨ ᠶᠠᠪᠤᠳᠠᠯ ᠤᠨ ᠰᠤᠶᠤᠯ ᠤᠨ | ᠰᠤᠳᠤᠯᠭᠠᠨ ᠤ ᠨᠡᠶᠢᠭᠡᠮᠯᠢᠭ ᠤᠨ ᠲᠠᠷᠤᠭ᠎ᠠ ᠴᠧᠩ ᠪᠤᠤ ᠱᠠᠨ ᠲᠤᠰ ᠲᠤᠰ ᠶᠠᠷᠢᠶ᠎ᠠ ᠲᠠᠯᠪᠢᠭᠰᠠᠨ ᠪᠦᠬᠡᠳ ᠲᠤᠰ | ᠹᠢᠯᠢᠮ ᠤᠨ ᠰᠡᠭᠦᠳᠡᠷᠯᠡᠭᠦ ᠮᠠᠰᠢᠨ ᠢ ᠰᠡᠭᠦᠪᠡ᠃ | ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠵᠢᠨᠢᠩ ᠤᠨ ᠲᠠᠶᠢᠯᠠᠯᠳᠤᠭᠠᠨ ᠪᠤᠯ ᠲᠤᠮᠳᠠᠳᠤ ᠤᠯᠤᠰ ᠤᠨ | ᠬᠤᠪᠢᠰᠬᠠᠯ ᠤᠨ ᠲᠡᠤᠭᠡᠨ ᠳᠠᠬᠢ ᠬᠤᠪᠤᠷ ᠨᠠᠨᠳᠢᠨ ᠦᠪ ᠬᠦᠷᠦᠩᠭᠡ ᠪᠤᠯᠤᠨ᠎ᠠ᠂ ᠪᠢᠳᠡ ᠡᠭᠦᠨ ᠢ ᠮᠦᠩᠭᠡ | ᠲᠤᠷᠠᠰᠬᠠᠵᠤ ᠡᠨᠡ ᠬᠡᠰᠡᠭ ᠬᠤᠪᠢᠰᠬᠠᠯ ᠤᠨ ᠲᠡᠤᠭᠡ ᠶᠢ ᠪᠦᠷᠢᠨ ᠪᠦᠳᠦᠨ ᠲᠡᠮᠳᠡᠭᠯᠡᠵᠤ᠂ ᠦᠷᠡᠭᠳᠡᠭᠰᠡᠨ | ᠪᠠᠭᠠᠳᠤᠷᠴᠤᠳ ᠢᠶᠠᠨ ᠲᠠᠶᠢᠳᠬᠤᠷᠠᠭᠤᠯᠬᠤ ᠴᠢᠬᠤᠯᠠᠳᠠᠢ᠃ ᠶᠡᠷᠦᠩᠬᠡᠢ ᠱᠦᠵᠢ ᠰᠢ ᠶᠢᠨ ᠫᠢᠩ ᠤᠨ ︽ᠬᠤᠪᠢᠰᠬᠠᠯ | ᠤᠨ ᠡᠬᠢ ᠪᠠᠶᠠᠯᠢᠭ ᠢ ᠰᠠᠶᠢᠳᠤᠷ ᠠᠰᠢᠬᠯᠠᠵᠤ᠂ ᠬᠤᠪᠢᠰᠬᠠᠯ ᠤᠨ ᠤᠯᠠᠮᠵᠢᠯᠠᠯ ᠢ ᠰᠠᠶᠢᠳᠤᠷ ᠪᠠᠳᠠᠷᠠᠭᠤᠯᠵᠦ᠂ | ᠬᠤᠪᠢᠰᠬᠠᠯᠳᠦ ᠤᠳᠤᠮᠰᠢᠯ ᠢ ᠰᠠᠶᠢᠳᠤᠷ ᠵᠠᠯᠭᠠᠮᠵᠢᠯᠠᠬᠤ ᠬᠡᠷᠡᠭᠳᠡᠢ︾ ᠬᠡᠭᠦ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠬᠤ ᠶᠢᠨ ᠬᠠᠮᠳᠤ ᠪᠤᠳᠠᠳᠤ ᠠᠵᠢᠯᠯᠠᠭ᠎ᠠ ᠳᠠᠭᠠᠨ ᠨᠡᠶᠢᠳᠡᠪᠦᠷᠢᠵᠢᠭᠤᠯᠵᠤ᠂ | ᠡᠪ ᠬᠠᠮᠳᠤᠴᠤᠳ ᠤᠨ ᠬᠤᠪᠢᠰᠬᠠᠯᠳᠦ ᠲᠡᠮᠡᠴᠡᠯ ᠤᠨ ᠦᠢᠯᠡᠳᠦᠯᠭᠡ ᠪᠤᠯᠤᠨ ᠡᠷᠡᠯᠬᠡᠭ ᠪᠠᠭᠠᠳᠤᠷᠯᠢᠭ᠂ ᠡᠮᠦᠨᠡᠬᠢ ᠨᠢ | ᠤᠨᠠᠪᠠᠯ ᠬᠤᠶᠢᠨᠠᠬᠢ ᠨᠢ ᠵᠠᠯᠭᠠᠮᠵᠢᠯᠠᠬᠤ ᠵᠤᠷᠢᠭ ᠰᠠᠨᠠᠭ᠎ᠠ ᠶᠢ ᠤᠯᠠᠨ ᠵᠦᠢᠯ ᠤᠨ ᠬᠡᠯᠪᠡᠷᠢ ᠪᠠᠶᠢᠳᠠᠯ ᠢᠶᠠᠷ ᠢᠯᠡᠷᠠᠭᠦᠯᠤᠨ᠂ | ᠤᠯᠠᠨ ᠢ ᠬᠦᠮᠦᠵᠢᠭᠦᠯᠵᠤ᠂ ᠡᠨᠡ ᠬᠦ ᠬᠢᠯᠪᠠᠷ ᠪᠤᠰᠤ ᠪᠠᠷ ᠢᠷᠡᠭᠰᠡᠨ ᠬᠤᠪᠢᠰᠬᠠᠯ ᠤᠨ ᠦᠷ᠎ᠠ ᠪᠦᠳᠦᠭᠡᠯ ᠢ ᠬᠤᠪᠢ | ᠲᠠᠬᠢᠨ ᠢᠶᠠᠷ ᠨᠠᠨᠳᠢᠩᠨᠠᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ | ᠦᠷᠭᠦᠯᠵᠢᠯᠡᠨ ᠲᠡᠮᠡᠴᠡᠭᠦ ᠬᠡᠷᠡᠭᠳᠡᠢ ᠬᠡᠵᠠᠢ᠃ | ᠲᠡᠤᠭᠡᠨ ᠳᠠᠬᠢ ᠵᠢᠨᠢᠩ ᠤᠨ ᠲᠠᠶᠢᠯᠠᠯᠳᠤᠭᠠᠨ ᠪᠤᠯ 1946 ᠣᠨ ᠤ 1 ᠳ᠋ᠦ᠋ᠭᠡᠷ ᠰᠠᠷ᠎ᠠ ᠠᠴᠠ 1948 ᠣᠨ | ᠤ 9 ᠳ᠋ᠦ᠋ᠭᠡᠷ ᠰᠠᠷ᠎ᠠ ᠪᠣᠯᠲᠠᠯ᠎ᠠ᠂ ᠲᠤᠬᠠᠢ ᠶᠢᠨ ᠦᠶ᠎ᠠ ᠶᠢᠨ ᠰᠦᠢᠶᠤᠸᠠᠨ ᠤᠷᠤᠨ ᠳᠤ ᠡᠭᠦᠰᠦᠭᠰᠡᠨ ᠲᠤᠮᠳᠠᠳᠤ ᠤᠯᠤᠰ | ᠤᠨ ᠡᠪ ᠬᠠᠮᠳᠤ ᠨᠠᠮ ᠪᠤᠯᠤᠨ ᠲᠤᠮᠳᠠᠳᠤ ᠤᠯᠤᠰ ᠤᠨ ᠭᠤᠮᠢᠨᠳᠠᠩ ᠤᠨ ᠬᠤᠭᠤᠷᠤᠨᠳᠤᠬᠢ ᠵᠢᠨᠢᠩ ᠢ ᠪᠤᠯᠢᠶᠠᠯᠳᠤᠬᠤ | ᠲᠠᠶᠢᠯᠠᠯᠳᠤᠭᠠᠨ᠂ ᠳ᠋ᠠᠲ᠋ᠥ᠋ᠩ — ᠵᠢᠨᠢᠩ ᠤᠨ ᠲᠠᠶᠢᠯᠠᠯᠳᠤᠭᠠᠨ ᠪᠠ ᠵᠢᠨᠢᠩ ᠤᠨ ᠴᠢᠯᠦᠭᠡᠯᠡᠯᠳᠡ ᠶᠢᠨ ᠲᠠᠶᠢᠨ | ᠪᠤᠯᠤᠨ᠎ᠠ᠂ ᠲᠡᠤᠭᠡᠨ ᠲᠡᠭᠡᠷ᠎ᠠ ᠡᠨᠡ ᠭᠤᠷᠪᠠᠨ ᠨᠡᠯᠢᠶᠡᠳ ᠶᠡᠭᠡ ᠬᠡᠪᠴᠢᠶᠡᠨ ᠤ ᠲᠠᠶᠢᠯᠠᠯᠳᠤᠭᠠᠨ ᠢ ᠵᠢᠨᠢᠩ ᠤᠨ | ᠲᠠᠶᠢᠯᠠᠯᠳᠤᠭᠠᠨ ᠬᠡᠳᠡᠭ᠃ ᠲᠠᠶᠢᠯᠠᠯᠳᠤᠭᠠᠨ ᠤ ᠲᠠᠷᠠᠭ᠎ᠠ᠂ ᠵᠢᠨᠢᠩ ᠳᠤ ᠲᠠᠬᠢᠨ ᠲᠠᠶᠢᠨ ᠡᠭᠦᠰᠦᠭᠰᠡᠨ ᠦᠭᠡᠢ᠂ ᠡᠩᠭᠡ | ᠲᠠᠶᠢᠪᠤᠩ ᠮᠦᠡᠭᠬᠡ ᠰᠠᠭᠠᠳᠠᠵᠠᠢ᠃ ᠵᠢᠨᠢᠩ ᠤᠨ ᠲᠠᠶᠢᠯᠠᠯᠳᠤᠭᠠᠨ ᠨᠢ ᠦᠪᠤᠷ ᠮᠤᠩᠭᠤᠯ ᠤᠨ ᠴᠢᠯᠦᠭᠡᠯᠡᠯᠳᠡ ᠶᠢᠨ | ᠲᠠᠶᠢᠨ ᠤ ᠲᠡᠤᠭᠡᠨ ᠳᠤ ᠬᠡᠷᠡᠯ ᠰᠠᠴᠤᠷᠠᠩᠭᠤᠢ ᠬᠠᠭᠤᠳᠠᠰᠦ ᠶᠢ ᠦᠯᠡᠳᠡᠬᠡᠭᠰᠡᠨ ᠪᠦᠭᠡᠳ ᠪᠠᠰᠠ ᠲᠤᠮᠳᠠᠳᠤ ᠤᠯᠤᠰ | ᠤᠨ ᠬᠤᠪᠢᠰᠬᠠᠯ ᠤᠨ ᠲᠡᠤᠭᠡᠨ ᠲᠡᠭᠡᠷ᠎ᠠ ᠲᠤᠮᠤᠬᠳᠦ ᠬᠠᠭᠤᠳᠠᠰᠦ ᠶᠢ ᠪᠢᠴᠢᠭᠯᠡᠭᠰᠡᠨ ᠪᠠᠶᠢᠨ᠎ᠠ᠃ ᠰᠢᠨ᠎ᠠ ᠲᠤᠮᠳᠠᠳᠤ | ᠤᠯᠤᠰ ᠪᠠᠶᠢᠭᠤᠯᠤᠬᠳᠠᠬᠰᠠᠨ 69 ᠵᠢᠯ ᠤᠨ ᠤᠢ ᠪᠠ ᠵᠢᠨᠢᠩ ᠢ ᠴᠢᠯᠦᠭᠡᠯᠡᠭᠰᠡᠨ 70 ᠵᠢᠯ ᠤᠨ ᠤᠢ ᠶᠢᠨ | ᠲᠠᠰᠢᠷᠠᠮ ᠳᠤ᠂ ᠤᠯᠠᠭᠠᠨᠴᠠᠪ ᠬᠤᠳᠠ ᠤᠯᠠᠨ ᠰᠠᠯᠠᠭ᠎ᠠ ᠮᠦᠴᠢᠷ ᠲᠠᠢ ᠬᠤᠯᠪᠤᠭᠠᠯᠠᠵᠤ ᠪᠠᠶᠢᠭᠠᠳ ᠰᠤᠷᠪᠤᠯᠵᠢ ᠪᠢᠴᠢᠭ | ᠤᠨ ᠪᠠᠷᠢᠮᠳᠠᠳᠤ ᠹᠢᠯᠢᠮ ︽ᠵᠢᠨᠢᠩ ᠤᠨ ᠲᠠᠶᠢᠯᠠᠯᠳᠤᠭᠠᠨ︾ ᠢ ᠦᠢᠯᠡᠳᠭᠦ ᠪᠠᠷ ᠪᠤᠯᠵᠠᠢ᠃ ᠲᠤᠰ ᠹᠢᠯᠢᠮ ᠳᠤ | ᠤᠷᠤᠰᠢᠯ᠂ ᠲᠤᠶᠢᠯ ᠤᠨ ᠲᠦᠭᠰᠢᠭᠦᠷᠢᠳᠠᠢ ᠦᠶ᠎ᠡ ᠳᠤ᠂ ᠬᠡᠨᠡᠳᠳᠡ ᠶᠢᠨ ᠬᠤᠪᠢᠷᠠᠯᠳᠠ᠂ ᠬᠠᠷᠢᠯᠴᠠᠨ | ᠲᠡᠮᠡᠴᠡᠯᠲᠥᠭᠰᠡᠨ ᠨᠢ᠂ ᠲᠡᠭᠦᠰᠭᠡᠯ ᠬᠡᠭᠦ ᠲᠠᠪᠤᠨ ᠬᠡᠰᠡᠭ ᠢᠶᠠᠷ ᠪᠦᠷᠢᠯᠳᠦᠵᠤ᠂ ᠲᠡᠭᠡᠳᠦ ᠲᠤᠮᠳᠠ ᠲᠤᠤᠷᠠᠳᠤ ᠭᠤᠷᠪᠠᠨ | ᠪᠦᠯᠦᠭ ᠢᠶᠠᠷ ᠵᠢᠨᠢᠩ ᠤᠨ ᠲᠠᠶᠢᠯᠠᠯᠳᠤᠭᠠᠨ ᠨᠢ ᠦᠪᠤᠷ ᠮᠤᠩᠭᠤᠯ ᠤᠨ ᠴᠢᠯᠦᠭᠡᠯᠡᠯᠳᠡ ᠶᠢᠨ ᠲᠠᠶᠢᠨ ᠤ ᠲᠡᠤᠭᠡᠨ ᠳᠤ | ᠬᠡᠷᠡᠯ ᠰᠠᠴᠤᠷᠠᠩᠭᠤᠢ ᠬᠠᠭᠤᠳᠠᠰᠦ ᠶᠢ ᠦᠯᠡᠳᠡᠬᠡᠭᠰᠡᠨ ᠪᠦᠭᠡᠳ ᠪᠠᠰᠠ ᠲᠤᠮᠳᠠᠳᠤ ᠤᠯᠤᠰ ᠤᠨ ᠬᠤᠪᠢᠰᠬᠠᠯ ᠤᠨ | ᠲᠡᠤᠭᠡᠨ ᠲᠡᠭᠡᠷ᠎ᠠ ᠲᠤᠮᠤᠬᠳᠦ ᠬᠠᠭᠤᠳᠠᠰᠦ ᠶᠢ ᠪᠢᠴᠢᠭᠯᠡᠭᠰᠡᠨ ᠪᠠᠶᠢᠨ᠎ᠠ᠃ | ᠰᠡᠭᠦᠳᠡᠷᠯᠡᠨ ᠦᠢᠯᠡᠳᠭᠦ ᠲᠤᠭᠤᠶᠢᠯᠠᠩ ᠤᠨ ᠬᠢᠨ ᠵᠢᠨᠢᠩ ᠤᠨ ᠲᠠᠶᠢᠯᠠᠯᠳᠤᠭᠠᠨ ᠤ ᠲᠤᠷᠠᠰᠬᠠᠯ ᠤᠨ | ᠬᠦᠷᠢᠶᠡᠯᠡᠩ᠂ ᠵᠢᠨᠢᠩ ᠭᠠᠯᠳᠤ ᠲᠡᠷᠭᠡᠨ ᠦᠷᠳᠡᠭᠡ ᠶᠢᠨ ᠤᠰᠤᠨ ᠴᠠᠮᠬᠠᠭ᠂ ᠵᠢᠨᠢᠩ ᠭᠤᠯᠢᠷ ᠤᠨ ᠦᠢᠯᠡᠳᠪᠦᠷᠢ ᠶᠢᠨ | ᠶᠠᠫᠤᠨ ᠤ ᠪᠠᠷᠢᠯᠭ᠎ᠠ ᠶᠢᠨ ᠭᠤᠤᠯ ᠠᠰᠠᠷ ᠤᠨ ᠪᠠᠭᠤᠷᠢ᠂ ᠾᠧ ᠯᠦᠩ ᠤᠨ ᠬᠤᠪᠢᠰᠬᠠᠯᠳᠦ ᠠᠵᠢᠯᠯᠠᠭ᠎ᠠ ᠶᠢᠨ ᠪᠠᠭᠤᠷᠢ᠂ | ᠰᠦᠢᠶᠤᠸᠠᠨ ᠦᠪᠦᠷ ᠮᠤᠩᠭᠤᠯ ᠤᠨ ᠬᠤᠪᠢᠰᠬᠠᠯ ᠤᠨ ᠲᠤᠷᠠᠰᠬᠠᠯ ᠤᠨ ᠬᠦᠷᠢᠶᠡᠯᠡᠩ᠂ ᠵᠦᠸᠧᠽᠢ ᠰᠢᠶᠠᠨ ᠳᠠᠬᠢ | ᠾᠧ ᠯᠦᠩ ᠤᠨ ᠵᠢᠯᠤᠭᠤᠳᠬᠤ ᠭᠠᠵᠠᠷ ᠤᠨ ᠪᠠᠭᠤᠷᠢ ᠵᠡᠷᠭᠡ ᠭᠠᠵᠠᠷ ᠢᠶᠠᠷ ᠬᠦᠨᠵᠡᠭᠡᠶᠢᠷᠡᠵᠤ ᠰᠡᠭᠦᠳᠡᠷᠯᠡᠭᠦ ᠪᠤᠯᠤᠨ᠎ᠠ᠃ |