10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤᠮᠳᠠᠳᠤ | ᠤᠯᠤᠰ ᠤᠨ ᠬᠤᠳᠠᠯᠳᠤᠭᠠᠨ ᠤ ᠶᠠᠪᠤᠳᠠᠯ ᠤᠨ ᠨᠢᠰᠬᠡᠯ ᠤᠨ ᠺᠣᠮᠫᠠᠨᠢ ᠯᠤᠭ᠎ᠠ ᠪᠡᠭᠡᠵᠢᠩ ᠳᠤ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠪᠦᠲᠦᠭᠦᠪᠴᠢ ᠵᠦᠪᠳᠡᠯᠴᠡᠭᠡᠷ ᠲᠤ ᠭᠠᠷ ᠤᠨ ᠥᠰᠥᠭ ᠵᠢᠷᠤᠪᠠ᠂ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠰᠠᠯᠪᠤᠷᠢ ᠱᠤᠭᠤᠮ ᠤᠨ ᠠᠭᠠᠷ ᠤᠨ ᠠᠵᠤ ᠠᠬᠤᠶᠢᠯᠠᠯ ᠲᠢᠶᠠᠨ ᠵᠢᠶᠣᠣ ᠠᠭᠠᠷ ᠤᠨ | ᠠᠶᠠᠯᠠᠯ ᠨᠢ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠨᠢᠰᠬᠡᠯ ᠤᠨ ᠺᠣᠮᠫᠠᠨᠢ ᠯᠤᠭ᠎ᠠ ARJ21 | ᠨᠢᠰᠬᠡᠯ ᠢ ᠬᠤᠳᠠᠯᠳᠤᠨ ᠠᠪᠬᠤ ᠳᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠡᠨᠡ ᠨᠢ ᠠᠩᠬᠠᠳᠠᠭᠴᠢ | ᠤᠯᠤᠰ ᠲᠤ ᠪᠠᠨ ᠦᠢᠯᠡᠳᠪᠦᠷᠢᠯᠡᠭᠰᠡᠨ ᠴᠣᠷᠭᠢᠯ ᠠᠶᠠᠨᠴᠢᠳ ᠤᠨ ᠨᠢᠰᠬᠡᠯ ᠤᠨ ᠠᠩᠭᠢ ᠨᠢ ᠮᠠᠨ ᠤ ᠣᠷᠣᠨ ᠳᠤ | ᠰᠠᠭᠤᠷᠢᠰᠢᠭᠰᠠᠨ ᠢ ᠬᠠᠷᠠᠭᠤᠯᠵᠤ᠂ ᠲᠢᠶᠠᠨ ᠵᠢᠶᠣᠣ ᠠᠭᠠᠷ ᠤᠨ ᠠᠶᠠᠯᠠᠯ ᠨᠢ ᠪᠦᠬᠦ ᠤᠯᠤᠰ ᠤᠨ ᠠᠩᠬᠠᠳᠠᠭᠴᠢ ᠤᠯᠤᠰ | ᠲᠤ ᠪᠠᠨ ᠦᠢᠯᠡᠳᠪᠦᠷᠢᠯᠡᠭᠰᠡᠨ ᠴᠣᠷᠭᠢᠯ ᠠᠶᠠᠨᠴᠢᠳ ᠤᠨ ᠨᠢᠰᠬᠡᠯ ᠤᠨ ᠠᠩᠭᠢ ᠶᠢᠨ ᠡᠵᠡᠩᠨᠡᠯᠲᠡ ᠶᠢᠨ ᠲᠠᠪᠴᠠᠩ | ᠪᠤᠯᠪᠠ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠨᠢᠰᠭᠡᠯ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠲᠠᠰᠤᠷᠠᠯᠲᠠ ᠥᠬᠡᠶ ᠲᠦᠷᠭᠡᠳᠴᠦ᠂ ᠣᠳᠣᠬᠠᠨ ᠳᠤ ᠠᠷᠠᠳ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ 28 ᠪᠠᠶᠢᠨ᠎ᠠ᠂ ᠡᠭᠦᠨ ᠳᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 20 ᠪᠠᠶᠢᠵᠤ᠂ ᠪᠦᠬᠦ | ᠤᠯᠤᠰ ᠤᠨ ᠲᠡᠷᠢᠭᠦᠨ ᠳᠤ ᠤᠷᠤᠵᠤ᠂ 12 ᠠᠶᠢᠮᠠᠭ ᠬᠤᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠭᠤᠣᠯ | ᠱᠤᠭᠤᠮ᠂ ᠰᠠᠯᠠᠭ᠎ᠠ ᠱᠤᠭᠤᠮ᠂ ᠵᠠᠶᠢᠳᠠ ᠠᠯᠪᠠ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠭᠲᠠᠭᠠᠭᠰᠠᠨ | ᠤᠯᠠᠨ ᠱᠠᠳᠤ ᠳᠠᠪᠬᠤᠷᠭ᠎ᠠ ᠪᠥᠬᠦᠢ ᠨᠢᠰᠬᠡᠯ ᠤᠨ ᠪᠠᠭᠤᠳᠠᠯ ᠤᠨ ᠲᠤᠤᠷ ᠰᠦᠯᠵᠢᠶ᠎ᠡ ᠪᠣᠯᠤᠨ ᠠᠶᠠᠯᠠᠯ ᠤᠨ | ᠱᠤᠭᠤᠮ ᠤᠨ ᠲᠣᠣᠷ ᠰᠦᠯᠵᠢᠶ᠎ᠡ ᠲᠠᠢ ᠪᠤᠯᠤᠭᠰᠠᠨ ᠪᠠᠶᠢᠨ᠎ᠠ᠃ ᠲᠢᠶᠠᠨ ᠵᠢᠶᠣᠣ ᠠᠭᠠᠷ ᠤᠨ ᠠᠶᠠᠯᠠᠯ ᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ | ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠡᠯᠡ ᠮᠥᠩᠭᠦ ᠭᠠᠷᠭᠠᠵᠤ᠂ 2018 | ᠤᠨ ᠤ 3 ᠳ᠋ᠤᠭᠠᠷ ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ | ᠠᠶᠠᠯᠠᠯ ᠤᠨ ᠲᠤᠪᠴᠢᠶ᠎ᠠ ᠶᠢᠨ ᠵᠦᠪᠰᠢᠶᠡᠷᠡᠯ ᠢᠶᠠᠷ ᠪᠡᠯᠡᠳᠬᠡᠨ ᠪᠠᠶᠢᠭᠤᠯᠵᠤ᠂ ᠬᠥᠬᠡᠬᠤᠲᠠ ᠶᠢᠨ ᠴᠠᠭᠠᠨ ᠰᠤᠪᠤᠷᠭ᠎ᠠ | ᠣᠯᠠᠨ ᠤᠯᠤᠰ ᠤᠨ ᠨᠢᠰᠬᠡᠯ ᠤᠨ ᠪᠠᠭᠤᠳᠠᠯ ᠢᠶᠠᠷ ᠭᠤᠣᠯ ᠡᠵᠡᠩᠨᠡᠯᠲᠡ ᠶᠢᠨ ᠰᠠᠭᠤᠷᠢᠨ ᠭᠠᠵᠠᠷ ᠪᠤᠯᠭᠠᠵᠤ᠂ 5 | ᠵᠢᠯ ᠤᠨ ᠳᠣᠲᠣᠷ᠎ᠠ ᠨᠢᠰᠭᠡᠯ ᠤᠨ ᠠᠩᠭᠢ ᠶᠢᠨ ᠬᠡᠪᠴᠢᠶ᠎ᠡ ᠶᠢ 25 ᠳᠤ ᠬᠦᠷᠦᠭᠦᠯᠬᠦ ᠪᠠᠷ ᠲᠦᠯᠦᠪᠯᠡᠵᠦ ᠪᠠᠶᠢᠨ᠎ᠠ᠃ | ᠡᠨᠡ ᠤᠳᠠᠭ᠎ᠠ ᠶᠢᠨ ᠲᠢᠶᠠᠨ ᠵᠢᠶᠣᠣ ᠠᠭᠠᠷ ᠤᠨ ᠠᠶᠠᠯᠠᠯ ᠤᠨ ᠰᠤᠩᠭᠤᠨ ᠡᠵᠡᠩᠨᠡᠬᠦ ARJ21 ᠨᠢᠰᠬᠡᠯ ᠪᠣᠯ | ᠮᠠᠨ ᠤ ᠤᠯᠤᠰ ᠤᠨ ᠠᠩᠬ᠎ᠠ ᠤᠳᠠᠭ᠎ᠠ ᠤᠯᠠᠨ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠳᠦᠷᠢᠮ | ᠲᠣᠭᠲᠠᠭᠠᠯ ᠶᠣᠰᠣᠭᠠᠷ ᠪᠡᠶ᠎ᠡ ᠪᠠᠨ ᠳᠠᠭᠠᠭᠠᠨ ᠰᠤᠳᠤᠯᠤᠨ ᠦᠢᠯᠡᠳᠪᠦᠷᠢᠯᠡᠭᠰᠡᠨ᠂ ᠡᠵᠡᠨ ᠮᠡᠳᠡᠬᠦ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠰᠠᠯᠪᠤᠷᠢ ᠱᠤᠭᠤᠮ ᠤᠨ ᠨᠢᠰᠬᠡᠯ ᠪᠣᠯᠤᠨ᠎ᠠ᠃ ᠵᠦᠪᠳᠡᠯᠴᠡᠭᠡᠷ ᠢ | ᠦᠨᠳᠦᠰᠦᠯᠡᠪᠡᠯ᠂ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠨᠢᠰᠬᠡᠯ ᠤᠨ ᠺᠣᠮᠫᠠᠨᠢ 2018 ᠣᠨ ᠤ | ᠵᠢᠯ ᠤᠨ ᠡᠴᠦᠰ ᠲᠤ ᠲᠢᠶᠠᠨ ᠵᠢᠶᠣᠣ ᠠᠭᠠᠷ ᠤᠨ ᠠᠶᠠᠯᠠᠯ ᠳᠤ ᠠᠩᠬᠠᠨ ᠤ ᠪᠦᠯᠦᠭ ARJ21 ᠨᠢᠰᠬᠡᠯ ᠲᠤᠰᠢᠶᠠᠨ | ᠦᠭᠴᠦ᠂ 2019 ᠤᠨ ᠤ ᠡᠬᠢ ᠪᠠᠷ ᠠᠩᠬᠠᠨ ᠤ ᠠᠶᠠᠯᠠᠯ ᠢᠶᠠᠨ ᠡᠬᠢᠯᠡᠭᠦᠯᠬᠦ ᠪᠠᠷ ᠲᠦᠯᠦᠪᠯᠡᠵᠡᠢ᠃ | ᠲᠢᠶᠠᠨ ᠵᠢᠶᠣᠣ ᠠᠭᠠᠷ ᠤᠨ ᠠᠶᠠᠯᠠᠯ ᠨᠢ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠨᠢᠰᠬᠡᠯ ᠤᠨ | ᠺᠣᠮᠫᠠᠨᠢ ᠶᠢᠨ ᠨᠢᠰᠭᠡᠯ ᠢ ᠰᠤᠩᠭᠤᠨ ᠡᠵᠡᠩᠨᠡᠯᠲᠡ ᠶᠢᠨ ᠬᠡᠯᠪᠡᠷᠢ ᠶᠢᠨ ᠨᠢᠰᠭᠡᠯ ᠪᠤᠯᠭᠠᠭᠰᠠᠨ ᠶᠠᠪᠤᠳᠠᠯ ᠨᠢ ᠤᠯᠤᠰ ᠤᠨ | ᠬᠤᠳᠠᠯᠳᠤᠭᠠᠨ ᠤ ᠶᠠᠪᠤᠳᠠᠯ ᠤᠨ ᠨᠢᠰᠬᠡᠯ ᠤᠨ ᠡᠵᠡᠩᠨᠡᠯᠲᠡ ᠶᠢᠨ ᠬᠥᠭᠵᠢᠯᠲᠡ ᠳᠤ ᠰᠠᠶᠢᠨ ᠰᠠᠶᠢᠬᠠᠨ | ᠳᠠᠶᠢᠴᠢᠯᠠᠯᠲᠠ ᠶᠢᠨ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠬᠦ ᠪᠤᠯᠤᠨ᠎ᠠ᠃ ᠲᠡᠷᠡᠴᠢᠯᠡᠨ ᠮᠠᠨ ᠤ ᠣᠷᠣᠨ ᠳᠤᠮᠳᠠᠳᠤ | ᠤᠯᠤᠰ ᠤᠨ ᠬᠤᠳᠠᠯᠳᠤᠭᠠᠨ ᠤ ᠶᠠᠪᠤᠳᠠᠯ ᠤᠨ ᠨᠢᠰᠬᠡᠯ ᠤᠨ ᠺᠣᠮᠫᠠᠨᠢ ᠯᠤᠭ᠎ᠠ ᠠᠭᠠᠷ ᠤᠨ ᠠᠶᠠᠯᠠᠯ ᠤᠨ ᠠᠵᠤ | ᠦᠶᠯᠡᠰ ᠤᠨ ᠬᠦᠷᠢᠶᠡᠨ ᠳᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ | ᠪᠠᠶᠢᠭᠤᠯᠬᠤ ᠶᠢ ᠳᠠᠭᠠᠯᠳᠤᠨ᠂ ᠤᠯᠤᠰ ᠲᠤ ᠪᠠᠨ ᠦᠢᠯᠡᠳᠪᠦᠷᠢᠯᠡᠭᠰᠡᠨ ᠨᠢᠰᠬᠡᠯ ᠤᠨ ᠡᠵᠡᠩᠨᠡᠯᠲᠡ᠂ ᠨᠢᠰᠬᠡᠯ ᠤᠨ | ᠵᠠᠰᠠᠯᠭ᠎ᠠ᠂ ᠴᠢᠳᠠᠪᠤᠷᠢᠲᠠᠨ ᠤ ᠪᠣᠯᠪᠠᠰᠤᠷᠠᠯ᠂ ᠦᠢᠯᠡᠳᠪᠦᠷᠢᠯᠡᠯ ᠮᠥᠩᠭᠦᠨ ᠭᠦᠶᠯᠭᠡᠭᠡᠨ ᠢ ᠤᠶᠠᠯᠳᠤᠭᠤᠯᠬᠤ ᠵᠡᠷᠭᠡ | ᠤᠯᠠᠨ ᠲᠠᠯ᠎ᠠ ᠪᠠᠷ ᠬᠠᠮᠲᠤᠷᠠᠯᠴᠠᠭ᠎ᠠ ᠦᠷᠨᠢᠭᠦᠯᠬᠦ ᠨᠢ ᠮᠠᠨ ᠤ ᠤᠷᠤᠨ ᠤ ᠠᠭᠠᠷ ᠤᠨ ᠠᠶᠠᠯᠠᠯ ᠤᠨ ᠠᠵᠤ ᠦᠢᠯᠡᠰ ᠤᠨ | ᠬᠥᠭᠵᠢᠯᠲᠡ ᠶᠢ ᠬᠦᠴᠦᠲᠡᠶ ᠠᠬᠢᠭᠤᠯᠬᠤ ᠪᠤᠯᠤᠨ᠎ᠠ᠃ |