2018 ᠣᠨ ᠤ ᠥᠪᠥᠷ ᠮᠣᠩᠭᠤᠯ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ | ᠡᠳᠦᠷ ᠤᠨ ᠲᠤᠰᠬᠠᠶ ᠠᠵᠢᠯᠲᠠᠨ ᠡᠯᠰᠡᠬᠦ ᠬᠤᠷᠠᠯ ᠨᠢ 10 ᠳ᠋ᠤᠭᠠᠷ ᠰᠠᠷ᠎ᠠ ᠶᠢᠨ 17 ᠤ ᠡᠳᠦᠷ ᠬᠥᠬᠡᠬᠤᠲᠠ ᠳᠤ | ᠶᠠᠪᠤᠭᠳᠠᠵᠤ᠂ ᠥᠷᠭᠡᠨ ᠣᠯᠠᠨ ᠠᠵᠢᠯ ᠡᠷᠢᠭᠴᠢᠳ ᠲᠤ 1900 ᠰᠢᠬᠠᠮ ᠠᠵᠢᠯ ᠤᠨ ᠪᠠᠶᠢᠷᠢ ᠬᠠᠩᠭᠠᠵᠠᠢ᠃ | ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠡᠯᠰᠡᠯᠲᠡ ᠶᠢᠨ ᠬᠤᠷᠠᠯ ᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠭᠤᠤᠯᠯᠠᠨ | ᠡᠷᠭᠢᠯᠡᠵᠦ᠂ ︽ᠠᠵᠢᠯᠲᠠᠨ ᠡᠯᠰᠡᠬᠦ ᠬᠤᠷᠠᠯ ᠢᠶᠠᠷ ᠶᠠᠳᠠᠭᠤ ᠠᠴᠠ ᠠᠩᠭᠢᠵᠢᠷᠠᠭᠤᠯᠬᠤ︾ ᠢᠶᠠᠷ ᠭᠤᠣᠯ ᠰᠡᠳᠦᠪ | ᠪᠣᠯᠭᠠᠵᠤ᠂ 53 ᠬᠥᠮᠥᠨ ᠬᠡᠷᠡᠭᠯᠡᠬᠦ ᠨᠢᠭᠡᠴᠢ ᠶᠢ ᠵᠣᠬᠢᠶᠠᠨ ᠪᠠᠶᠢᠭᠤᠯᠵᠤ᠂ 1862 ᠠᠵᠢᠯ ᠤᠨ ᠪᠠᠶᠢᠷᠢ ᠬᠠᠩᠭᠠᠪᠠ᠃ | ᠡᠭᠦᠨ ᠳᠤ᠂ ᠺᠣᠮᠫᠢᠦ᠋ᠲ᠋ᠧᠷ᠂ ᠢᠨᠲ᠋ᠧᠷ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠷᠥᠯ ᠤᠨ | ᠠᠵᠢᠯ ᠤᠨ ᠪᠠᠶᠢᠷᠢ 19 % ᠶᠢ ᠡᠵᠡᠯᠡᠵᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠨᠡᠶᠢᠲᠡ ᠶᠢᠨ | ᠬᠠᠷᠢᠴᠠᠭ᠎ᠠ᠂ ᠪᠣᠷᠣᠯᠠᠭᠤᠯᠭ᠎ᠠ ᠶᠢᠨ ᠲᠥᠷᠥᠯ ᠤᠨ ᠠᠵᠢᠯ ᠤᠨ ᠪᠠᠶᠢᠷᠢ ᠪᠠᠷᠤᠭ 19% ᠶᠢ ᠡᠵᠡᠯᠡᠵᠦ᠂ ᠭᠡᠷ ᠪᠠᠶᠢᠰᠢᠩ | ᠭᠠᠵᠠᠷ ᠬᠦ᠋ᠷᠦᠩᠭᠡ ᠶᠢᠨ ᠨᠡᠭᠡᠭᠡᠨ ᠬᠥᠭᠵᠢᠭᠦᠯᠦᠯᠲᠡ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥᠯ ᠤᠨ ᠠᠵᠢᠯ | ᠤᠨ ᠪᠠᠶᠢᠷᠢ 6% ᠶᠢ ᠡᠵᠡᠯᠡᠪᠡ᠃ | ᠥᠪᠥᠷ ᠮᠣᠩᠭᠤᠯ ᠪᠠᠰᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠠᠳᠠᠭᠤ ᠬᠦᠴᠢᠷᠳᠡᠯᠲᠡᠶ | ᠬᠥᠮᠦᠰ ᠤᠨ ᠲᠤᠰᠬᠠᠶ ᠠᠵᠢᠯᠲᠠᠨ ᠡᠯᠰᠡᠬᠦ ᠬᠤᠷᠠᠯ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠠᠵᠢᠯ ᠡᠷᠢᠬᠦ | ᠬᠡᠲᠦ ᠳᠡᠯᠭᠡᠭᠦᠷ᠂ ᠴᠢᠳᠠᠪᠤᠷᠢᠲᠠᠨ ᠤ E ᠥᠷᠲᠡᠭᠡ ᠂ ᠰᠢᠯᠵᠢᠮᠡᠯ ᠦᠵᠦᠭᠦᠷᠯᠢᠭ ᠵᠡᠷᠭᠡ ᠶᠢ ᠭᠦᠢᠴᠡᠳ ᠠᠰᠢᠭᠯᠠᠨ | ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠂ ᠲᠥᠷᠥ ᠶᠢᠨ ᠪᠤᠳᠤᠯᠭ᠎ᠠ ᠨᠡᠶᠢᠲᠡᠯᠡᠬᠦ᠂ | ᠠᠵᠢᠯ ᠤᠨ ᠪᠠᠶᠢᠷᠢ ᠶᠢᠨ ᠮᠡᠳᠡᠭᠡ ᠵᠠᠩᠭᠢ᠂ ᠰᠦᠯᠵᠢᠶ᠎ᠡ ᠪᠠᠷ ᠠᠵᠢᠯᠲᠠᠨ ᠡᠯᠰᠡᠬᠦ᠂ ᠠᠯᠤᠰ ᠠᠴᠠ ᠨᠢᠭᠤᠷᠳᠠᠨ ᠰᠢᠯᠭᠠᠬᠤ᠂ | ᠵᠢᠯᠣᠭᠤᠳᠣᠯᠭ᠎ᠠ ᠬᠢᠬᠦ ᠪᠠ ᠵᠥᠪᠯᠡᠯᠭᠡ ᠥᠭᠬᠦ ᠵᠡᠷᠭᠡ ᠠᠵᠢᠯ ᠣᠯᠭᠤᠬᠤ ᠦᠢᠯᠡᠴᠢᠯᠡᠭᠡᠨ ᠬᠠᠩᠭᠠᠵᠤ᠂ ᠵᠠᠬ᠎ᠠ | ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠠᠵᠢᠯ ᠡᠷᠢᠵᠦ ᠪᠠᠶᠢᠭ᠎ᠠ ᠬᠥᠮᠦᠰ ᠤᠨ ᠣᠶᠤᠨᠴᠢ ᠪᠠᠷ ᠠᠵᠢᠯ ᠡᠷᠢᠬᠦ᠂ | ᠬᠥᠮᠦᠨ ᠬᠡᠷᠡᠭᠯᠡᠬᠦ ᠨᠢᠭᠡᠴᠢ ᠨᠦᠭᠦᠳ ᠤᠨ ᠢᠳᠡᠪᠬᠢᠲᠡᠶ ᠪᠠᠷ ᠠᠵᠢᠯᠲᠠᠨ ᠡᠯᠰᠡᠬᠦ ᠶᠢ ᠬᠥᠲᠥᠯᠥᠨ ᠵᠢᠯᠣᠭᠤᠳᠴᠤ᠂ | ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠵᠤ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠬᠤ ᠶᠢ ᠤᠯᠠᠨ ᠠᠷᠭ᠎ᠠ ᠵᠠᠮ ᠢᠶᠠᠷ ᠬᠠᠪᠰᠤᠷᠬᠤ ᠪᠣᠯᠣᠨ᠎ᠠ᠃ |