2018 ᠣᠨ ᠤ ᠳᠡᠭᠡᠳᠦ ᠬᠠᠭᠠᠰ ᠵᠢᠯ ᠳᠤ ᠥᠪᠥᠷ ᠮᠣᠩᠭᠤᠯ ᠤᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠨᠤᠷᠮ᠎ᠠ ᠶᠡᠭᠡ ᠬᠡᠮᠵᠢᠶ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2018/10/23
     2018 ᠣᠨ ᠤ ᠳᠡᠭᠡᠳᠦ ᠬᠠᠭᠠᠰ ᠵᠢᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠯ᠎ᠡ ᠲᠥᠷᠥᠯ ᠤᠨ ᠮᠡᠷᠭᠡᠵᠢᠯ ᠢ ᠨᠡᠶᠢᠲᠡ 951 ᠵᠦᠢᠯ ᠠᠷᠠᠯᠵᠢᠶᠠᠯᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠨᠢ 95.59 ᠳ᠋ᠥᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ᠂ ᠮᠡᠷᠭᠡᠵᠢᠯ ᠤᠨ ᠵᠦᠢᠯ ᠤᠨ ᠲᠤᠭ᠎ᠠ ᠨᠢ 28.92% ᠪᠠᠭᠤᠷᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ 40.93% ᠨᠡᠮᠡᠭᠳᠡᠪᠡ᠃ ᠡᠭᠦᠨ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠭᠠᠵᠠᠷ ᠣᠷᠣᠨ ᠤ ᠬᠤᠭᠤᠷᠣᠨᠳᠣ ᠪᠠᠨ ᠡᠯ᠎ᠡ ᠲᠥᠷᠥᠯ ᠤᠨ ᠮᠡᠷᠭᠡᠵᠢᠯ ᠤᠨ ᠠᠷᠠᠯᠵᠢᠶ᠎ᠠ ᠶᠢ 65 ᠵᠦᠢᠯ ᠪᠡᠶᠡᠯᠡᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠨᠢ 23464.64 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 109.68% ᠪᠠ 803.59% ᠨᠡᠮᠡᠭᠳᠡᠪᠡ᠃ ᠪᠦᠬᠦ ᠣᠷᠣᠨ ᠤ ᠭᠠᠳᠠᠨ᠎ᠠ ᠣᠷᠣᠨ ᠳᠤ ᠭᠠᠷᠭᠠᠭᠰᠠᠨ ᠮᠡᠷᠭᠡᠵᠢᠯ 72 ᠵᠦᠢᠯ ᠪᠠᠶᠢᠵᠤ᠂ 11 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠳᠤ ᠲᠠᠷᠬᠠᠪᠠ︔ ᠭᠡᠷ᠎ᠡ ᠶᠢᠨ ᠵᠣᠭᠤᠰ ᠢ 12081.63 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠮᠡᠷᠭᠡᠵᠢᠯ ᠤᠨ ᠵᠦᠢᠯ ᠤᠨ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2 ᠳᠠᠬᠢᠨ ᠢᠯᠡᠭᠦᠦ ᠪᠣᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3 ᠳᠠᠬᠢᠨ ᠢᠯᠡᠭᠦᠦ ᠪᠣᠯᠪᠠ᠃ ᠪᠦᠬᠦ ᠣᠷᠣᠨ ᠤ ᠰᠢᠩᠭᠡᠭᠡᠨ ᠠᠪᠤᠭᠰᠠᠨ ᠣᠷᠣᠨ ᠤ ᠭᠠᠳᠠᠨᠠᠬᠢ ᠮᠡᠷᠭᠡᠵᠢᠯ 814 ᠵᠦᠢᠯ ᠪᠠᠶᠢᠵᠤ᠂ ᠭᠤᠣᠯ ᠨᠢ ᠪᠦᠬᠦ ᠤᠯᠤᠰ ᠤᠨ 23 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠵᠢᠴᠢ ᠭᠠᠳᠠᠭᠠᠳᠤ ᠤᠯᠤᠰ ᠠᠴᠠ ᠢᠷᠡᠯᠲᠡ ᠲᠠᠢ ᠪᠠᠶᠢᠵᠤ᠂ ᠪᠦᠬᠦ ᠣᠷᠣᠨ ᠢᠶᠠᠷ ᠢᠶᠠᠨ ᠮᠡᠷᠭᠡᠵᠢᠯ ᠰᠢᠩᠭᠡᠭᠡᠨ ᠠᠪᠬᠤ ᠳᠤ ᠨᠡᠶᠢᠲᠡ 920360.60 ᠲᠦᠮᠡᠨ ᠲᠥᠭᠦᠷᠢᠭ ᠤᠨ ᠪᠡᠯᠡ ᠣᠷᠤᠭᠤᠯᠵᠤ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠮᠡᠷᠭᠡᠵᠢᠯ ᠤᠨ ᠵᠦᠢᠯ ᠤᠨ ᠲᠤᠭ᠎ᠠ ᠨᠢ 36.46% ᠪᠠᠭᠤᠷᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠨᠢ 36.90% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号