︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠢ ᠨᠡᠶᠢᠲᠡᠯᠡᠪᠡ
ᠨᠡᠶᠢᠲᠡᠯᠡᠭᠰᠡᠨ ᠴᠠᠭ᠄
2018/10/26
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠢ ᠨᠡᠶᠢᠲᠡᠯᠡᠪᠡ᠃ ︽ᠲᠥᠰᠦᠯ︾᠎ ᠳᠤ ᠵᠢᠭᠠᠭᠰᠠᠨ ᠨᠢ᠂ ᠬᠥᠬᠡᠬᠤᠲᠠ ᠪᠤᠭᠤᠲᠤ ᠣᠷᠳᠣᠰ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠢᠶᠠᠷ ᠭᠤᠣᠯ ᠹᠷᠣᠨᠲ ᠪᠣᠯᠭᠠᠵᠤ᠂ ᠪᠦᠲᠦᠴᠡ ᠨᠢ ᠰᠢᠯᠢᠳᠡᠭᠵᠢᠭᠰᠡᠨ᠂ ᠬᠠᠮᠲᠤᠪᠠᠷ ᠰᠡᠷᠭᠡᠶᠢᠯᠡᠵᠦ ᠡᠵᠡᠮᠳᠡᠬᠦ᠂ ᠬᠦᠨᠳᠦ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠬᠤ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠵᠥᠷᠢᠶᠡᠲᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ ᠭᠡᠵᠡᠢ᠃       ︽ᠲᠥᠰᠦᠯ︾᠎ ᠳᠤ ᠭᠤᠣᠯ ᠬᠠᠷᠠᠯᠲᠠ ᠶᠢ ᠳᠤᠷᠠᠳᠤᠨ ᠭᠠᠷᠭᠠᠪᠠ᠄ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠠᠭᠠᠷ ᠮᠠᠨᠳᠠᠯ ᠤᠨ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠶᠡᠭᠡ ᠪᠠᠷ ᠪᠠᠭᠤᠷᠠᠭᠤᠯᠵᠤ᠂ PM 2.5᠎ ᠶᠢᠨ ᠥᠳᠬᠡᠴᠡ ᠶᠢ ᠮᠡᠳᠡᠭᠳᠡᠮ᠎ᠡ ᠪᠠᠭᠤᠷᠠᠭᠤᠯᠵᠤ᠂ ᠬᠦᠨᠳᠦ ᠪᠣᠬᠢᠷᠲᠤᠯᠳᠤ ᠡᠳᠦᠷ ᠤᠨ ᠲᠤᠭ᠎ᠠ ᠶᠢ ᠮᠡᠳᠡᠭᠳᠡᠮ᠎ᠡ ᠪᠠᠭᠠᠰᠬᠠᠵᠤ᠂ ᠠᠭᠠᠷ ᠮᠠᠨᠳᠠᠯ ᠤᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠵᠤ᠂ ᠠᠷᠠᠳ ᠲᠦᠮᠡᠨ ᠤ ᠴᠡᠯᠮᠡᠭ ᠲᠩᠷᠢ ᠶᠢᠨ ᠵᠣᠯ ᠵᠢᠷᠭᠠᠯ ᠤᠨ ᠲᠥᠷᠥᠭᠳᠡᠯ ᠢ ᠢᠯᠡᠳᠲᠡ ᠨᠡᠮᠡᠭᠳᠡᠭᠦᠯᠦᠨ᠎ᠡ᠃ 2020 ᠣᠨ ᠪᠣᠯᠬᠤ ᠳᠤ᠂ ᠲᠤᠰᠬᠠᠶ ᠣᠷᠣᠨ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠠᠭᠠᠷ ᠤᠨ ᠴᠡᠯᠮᠡᠭ ᠡᠳᠦᠷ ᠤᠨ ᠲᠤᠭ᠎ᠠ ᠶᠢᠨ ᠬᠠᠷᠢᠴᠠᠯ ᠤᠨ ᠨᠤᠷᠮ᠎ᠠ ᠶᠢ 83.8%᠎ ᠳᠤ ᠬᠦᠷᠦᠭᠦᠯᠵᠦ᠂ ᠨᠠᠷᠢᠨ ᠮᠥᠬᠦᠯᠢᠭᠲᠦ ᠪᠣᠳᠠᠰ ︵PM 2 .5︶᠎ ᠤᠨ ᠪᠠᠷᠢᠮᠵᠢᠶᠠᠨ ᠳᠤ ᠦᠯᠦ ᠬᠦᠷᠬᠦ ᠲᠤᠰᠬᠠᠶ ᠣᠷᠣᠨ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠥᠳᠬᠡᠴᠡ ᠶᠢᠨ ᠬᠡᠮᠵᠢᠶ᠎ᠡ ᠶᠢ 2015 ᠣᠨ ᠤ ᠬᠢ ᠠᠴᠠ 12%᠎ ᠢᠶᠠᠷ ᠪᠠᠭᠤᠷᠠᠭᠤᠯᠤᠨ᠎ᠠ᠃ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ 2015 ᠣᠨ ᠤ ᠬᠢ ᠠᠴᠠ ᠲᠤᠰ ᠲᠤᠰ 15 %᠂ 11%᠎ ᠪᠠᠷ ᠪᠠᠭᠠᠰᠬᠠᠨ᠎ᠠ᠃       ︽ᠲᠥᠰᠦᠯ︾᠎ ᠳᠤ ᠵᠢᠭᠠᠭᠰᠠᠨ ᠨᠢ᠂ ᠣᠷᠣᠨ ᠪᠦᠰᠡ ᠶᠢᠨ ᠠᠵᠤ ᠦᠢᠯᠡᠰ ᠤᠨ ᠪᠠᠶᠢᠷᠢᠰᠢᠯ ᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠬᠤᠳᠠ ᠠᠴᠠ ᠭᠠᠷᠭᠠᠨ ᠬᠦᠷᠢᠶᠡᠯᠡᠩ ᠳᠤ ᠣᠷᠣᠭᠤᠯᠬᠤ ᠶᠢ ᠲᠥᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠪᠤᠯᠤᠳ ᠲᠡᠮᠦᠷ᠂ ᠴᠢᠯᠠᠭᠤ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠲᠡᠮᠦᠷᠯᠢᠭ ᠬᠠᠶᠢᠯᠤᠭᠤᠯᠬᠤ᠂ ᠱᠦᠢᠨᠢ ᠵᠡᠷᠭᠡ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠨᠡᠭᠦᠯᠭᠡᠬᠦ ᠪᠠ ᠵᠠᠰᠠᠵᠤ ᠥᠭᠡᠷᠡᠴᠢᠯᠡᠬᠦ ᠬᠡᠷᠡᠭᠲᠡᠢ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠬᠤᠲᠠ ᠠᠴᠠ ᠭᠠᠷᠤᠭᠰᠠᠨ ᠦᠭᠡᠢ ᠪᠣᠯ ᠬᠠᠤᠯᠢ ᠶᠣᠰᠣᠭᠠᠷ ᠦᠢᠯᠡᠳᠪᠦᠷᠢᠯᠡᠯ ᠢ ᠨᠢ ᠵᠣᠭᠰᠣᠭᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号