ᠥᠪᠥᠷ ᠮᠣᠩᠭᠤᠯ ᠪᠣᠭᠤᠮᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠵᠠᠷᠤᠳᠠᠯ ᠢ ᠪᠠᠭᠤᠷᠠᠭᠤᠯᠬᠤ ᠶᠢ ᠲᠦᠷᠭᠡᠳᠬᠡᠵᠦ ᠪᠣᠢ
ᠨᠡᠶᠢᠲᠡᠯᠡᠭᠰᠡᠨ ᠴᠠᠭ᠄
2018/10/26
    ᠥᠪᠥᠷ ᠮᠣᠩᠭᠤᠯ ᠪᠣᠭᠤᠮᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠵᠠᠷᠤᠳᠠᠯ ᠢ ᠪᠠᠭᠤᠷᠠᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠤ᠂ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤ︾᠎ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠭᠤᠮᠲᠠ ᠶᠢᠨ ᠪᠠᠶᠢᠴᠠᠭᠠᠨ ᠰᠢᠯᠭᠠᠯᠲᠠ ᠶᠢᠨ ᠤᠶᠤᠨᠴᠢᠯᠳᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠪᠦᠬᠦᠯᠢ ᠴᠣᠭᠴᠠ ᠪᠠᠷ ᠪᠣᠭᠤᠮᠲᠠ ᠥᠩᠭᠡᠷᠡᠬᠦ ᠴᠠᠭ ᠢ ᠭᠤᠷᠪᠠᠨ ᠤ ᠨᠢᠭᠡ ᠬᠤᠪᠢ ᠪᠠᠷ ᠪᠣᠭᠤᠨᠢᠰᠬᠠᠬᠤ ᠪᠠᠷ ᠴᠢᠷᠮᠠᠶᠢᠵᠤ ᠪᠠᠶᠢᠨ᠎ᠠ᠃     ᠥᠪᠥᠷ ᠮᠣᠩᠭᠤᠯ ︽ᠨᠢᠭᠡ ᠯᠡ ᠴᠣᠩᠬᠤ︾᠎ ᠶᠢᠨ ᠪᠠᠷᠢᠮᠵᠢᠶᠠᠵᠢᠯᠲᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠬᠦ ᠪᠠᠷ ᠪᠠᠶᠢᠨ᠎ᠠ᠃ ︽ᠨᠢᠭᠡ ᠯᠡ ᠴᠣᠩᠬᠤ  ︾᠎ ᠶᠢᠨ ᠴᠢᠳᠠᠮᠵᠢ ᠶᠢᠨ ᠡᠳ᠋ ᠪᠠᠷᠠᠭ᠎ᠠ᠂ ᠬᠥᠮᠥᠷᠭᠡ᠂ ᠲᠡᠭᠡᠭᠡᠪᠦᠷᠢ ᠶᠢᠨ ᠪᠠᠭᠠᠵᠢ ᠭᠤᠶᠤᠴᠢᠯᠠᠨ ᠮᠡᠳᠡᠭᠦᠯᠬᠦ ᠵᠡᠷᠭᠡ ᠭᠤᠣᠯ ᠪᠣᠯᠬᠤ ᠲᠤᠬᠠᠶᠢᠯᠠᠭᠰᠠᠨ ᠠᠵᠢᠯ ᠳᠠᠬᠢ ᠬᠡᠷᠡᠭᠯᠡᠭᠡᠨ ᠤ ᠨᠣᠷᠮ᠎ᠠ ᠶᠢ 2018 ᠣᠨ ᠤ ᠵᠢᠯ ᠤᠨ ᠡᠴᠦᠰ ᠠᠴᠠ ᠡᠮᠦᠨ᠎ᠡ 80%᠎ ᠳᠤ ᠬᠦᠢᠷᠭᠡᠵᠤ᠂ 2020 ᠣᠨ ᠤ ᠵᠢᠯ ᠤᠨ ᠡᠴᠦᠰ ᠠᠴᠠ ᠡᠮᠦᠨ᠎ᠡ 100%᠎ ᠳᠤ ᠬᠥᠷᠥᠭᠦᠯᠵᠦ᠂ 2021ᠣᠨ ᠪᠣᠯᠬᠤ ᠳᠤ᠂ ᠨᠢᠭᠤᠴᠠ ᠶᠢ ᠬᠠᠮᠠᠭᠠᠯᠠᠬᠤ ᠬᠡᠷᠡᠭᠴᠡᠭᠡ ᠮᠡᠲᠦ ᠶᠢᠨ ᠣᠨᠴᠣᠭᠤᠶ ᠪᠠᠶᠢᠳᠠᠯ ᠢ ᠭᠠᠷᠭᠠᠪᠠᠯ᠂ ︽ᠨᠢᠭᠡ ᠯᠡ ᠴᠣᠩᠬᠤ︾᠎ ᠶᠢᠨ ᠴᠢᠳᠠᠮᠵᠢ ᠶᠢ ᠤᠯᠠᠨ ᠤᠯᠤᠰ ᠤᠨ ᠠᠷᠠᠯᠵᠢᠶᠠᠨ ᠤ ᠬᠠᠮᠢᠶᠠᠷᠤᠯᠲᠠ ᠶᠢᠨ ᠪᠦᠬᠦ ᠶᠠᠪᠤᠴᠠ ᠳᠤ ᠪᠦᠷᠬᠦᠭᠦᠯᠦᠨ᠎ᠡ᠃ ᠥᠪᠥᠷ ᠮᠣᠩᠭᠤᠯ ᠤᠨ ᠡᠯ᠎ᠡ ᠭᠠᠵᠠᠷ ᠤᠨ ᠬᠢᠯᠢ ᠶᠢᠨ ᠪᠣᠭᠤᠮᠲᠠ ᠶᠠᠭ ᠵᠠᠷᠤᠳᠠᠯ ᠬᠤᠷᠢᠶᠠᠬᠤ ᠭᠠᠷᠴᠠᠭ ᠤᠨ ᠨᠠᠷᠢᠨ ᠳᠠᠩᠰᠠ ᠶᠢ ᠲᠣᠭᠲᠠᠭᠠᠵᠤ᠂ ᠤᠶᠢᠷ᠎ᠠ ᠳᠤ ᠨᠡᠶᠢᠭᠡᠮ ᠨᠡᠶᠢᠲᠡ ᠳᠤ ᠨᠡᠶᠢᠲᠡᠯᠡᠬᠦ ᠪᠠᠷ ᠪᠠᠶᠢᠨ᠎ᠠ᠃ ᠬᠤᠶᠢᠰᠢᠳᠠ᠂ ᠨᠠᠷᠢᠨ ᠳᠠᠩᠰᠠ ᠠᠴᠠ ᠪᠤᠰᠤᠳ ᠲᠥᠷᠥᠯ ᠵᠦᠢᠯ ᠠᠴᠠ ᠴᠥᠮ ᠵᠠᠷᠤᠳᠠᠯ ᠬᠤᠷᠢᠶᠠᠵᠤ ᠪᠣᠯᠬᠤ ᠤᠢᠭᠡᠢ᠃ ᠡᠭᠦᠨ ᠤ ᠬᠠᠮᠲᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠥᠷᠢᠰᠥᠯᠳᠦᠭᠡᠨ ᠢ ᠵᠣᠷᠢᠭᠵᠢᠭᠤᠯᠵᠦ᠂ ᠭᠠᠭᠴᠠᠭᠠᠷ ᠡᠵᠡᠮᠰᠢᠬᠦ ᠶᠢ ᠬᠢᠵᠠᠭᠠᠷᠯᠠᠵᠦ᠂ ᠪᠣᠭᠤᠮᠲᠠ ᠳᠤ ᠮᠡᠳᠡᠭᠦᠯᠬᠦ᠂ ᠠᠴᠢᠶ᠎ᠠ ᠲᠡᠭᠡᠭᠡᠰᠢ ᠶᠢ ᠣᠷᠣᠯᠠᠬᠤ᠂ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ ᠦᠢᠯᠡᠴᠢᠯᠡᠭᠡ ᠵᠡᠷᠭᠡ ᠭᠤᠭᠴᠣᠭᠠᠨ ᠳᠠᠬᠢ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠵᠠᠷᠤᠳᠠᠯ ᠬᠤᠷᠢᠶᠠᠬᠤ ᠶᠢ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠡᠨᠡ ᠵᠢᠯ ᠤᠨ ᠡᠴᠦᠰ ᠠᠴᠠ ᠡᠮᠦᠨ᠎ᠡ᠂ ᠴᠢᠩᠭᠡᠯᠢᠭ ᠢᠶᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠎ ᠶᠢᠨ ᠥᠪᠡᠷ ᠤᠨ ᠦᠷᠳᠡᠭ ᠢ ᠨᠢᠳᠤᠨᠤᠨ ᠤ ᠬᠢ ᠠᠴᠠ 10%᠎ ᠪᠠᠷ  ᠪᠠᠭᠤᠷᠠᠭᠤᠯᠤᠨ᠎ᠠ᠃      ᠡᠷᠢᠶᠡᠨ ᠬᠤᠲᠠ ᠶᠢᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠢ ᠰᠠᠭᠠᠳ ᠥᠬᠡᠶ ᠨᠡᠪᠲᠡᠷᠡᠭᠦᠯᠬᠦ ᠵᠠᠮ ᠢ ᠨᠡᠭᠡᠭᠡᠵᠦ ᠪᠣᠭᠤᠮᠲᠠ ᠪᠠᠷ ᠲᠦᠷᠭᠡᠨ ᠥᠩᠭᠡᠷᠡᠭᠦᠯᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠣᠷᠣᠰ ᠲᠤ ᠬᠠᠨᠳᠤᠭᠤᠯᠤᠭᠰᠠᠨ ᠮᠠᠨᠵᠤᠤᠷ ᠪᠣᠭᠤᠮᠲᠠ᠂ ᠮᠣᠩᠭᠤᠯ ᠳᠤ ᠬᠠᠨᠳᠤᠭᠤᠯᠤᠭᠰᠠᠨ ᠭᠠᠭᠴᠠᠮᠤᠳᠤ ᠪᠣᠭᠤᠮᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ ᠢ ᠦᠷᠭᠦᠯᠵᠢᠯᠡᠨ ᠠᠯᠬᠤᠮ ᠬᠤᠪᠢᠶᠠᠨ ᠨᠡᠭᠡᠭᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠢᠨ᠎ᠡ ᠭᠤᠣᠯ ᠱᠤᠭᠤᠮ ᠢ ᠨᠡᠭᠡᠭᠡᠨ᠎ᠡ᠃ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠰᠤᠷᠠᠭ ᠵᠠᠩᠭᠢ ᠶᠢ ᠤᠯᠠᠮ ᠨᠢᠭᠡ ᠠᠯᠬᠤᠮ ᠡᠯᠧᠺᠲᠷᠤᠨᠵᠢᠬᠦᠯᠵᠤ᠂ 2019 ᠣᠨ ᠤ ᠡᠴᠦᠰ ᠪᠣᠯᠬᠤ ᠠᠴᠠ ᠡᠮᠦᠨ᠎ᠡ᠂ ᠮᠠᠨᠵᠤᠤᠷ᠂ ᠡᠷᠢᠶᠡᠨ ᠬᠤᠳᠠ᠂ ᠭᠠᠭᠴᠠᠮᠤᠳᠤ᠂  ᠴᠡᠭᠡ ᠪᠣᠭᠤᠮᠲᠠ ᠶᠢᠨ ᠣᠷᠣᠨ ᠪᠦᠰᠡ ᠵᠢᠴᠢ ᠬᠥᠬᠡᠬᠤᠲᠠ ᠨᠢ ᠵᠠᠰᠠᠮᠠᠯ ᠵᠠᠮ᠂ ᠲᠡᠮᠤᠷ ᠵᠠᠮ᠂ ᠠᠭᠠᠷ ᠠᠶᠠᠯᠠᠯ᠂ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠤᠭᠤᠷᠣᠨᠳᠣᠬᠢ ᠮᠡᠳᠡᠭᠡ ᠵᠠᠩᠭᠢ ᠶᠢᠨ ᠡᠯᠧᠺᠲᠷᠣᠨᠴᠢᠯᠡᠭᠰᠠᠨ ᠡᠷᠭᠢᠯᠲᠡ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠬᠢᠯᠢ ᠶᠢᠨ ᠳᠣᠲᠣᠷ᠎ᠠ ᠳᠤᠮᠳᠠᠳᠤ ᠣᠷᠣᠰ ᠮᠣᠩᠭᠤᠯ ᠤᠨ 4261 ᠺᠢᠯᠣᠮᠧᠲᠷ ᠬᠢᠯᠢ ᠶᠢᠨ ᠱᠤᠭᠤᠮ ᠳᠡᠭᠡᠷ᠎ᠡ᠂ ᠭᠠᠳᠠᠭᠠᠳᠤ ᠨᠡᠭᠡᠭᠡᠯᠳᠡ ᠶᠢᠨ 18 ᠪᠣᠭᠤᠮᠲᠠ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号