10 ᠳ᠋ᠤᠭᠠᠷ ᠰᠠᠷ᠎ᠠ ᠶᠢᠨ 24 ᠤ ᠡᠳᠦᠷ ᠬᠤᠷᠠᠯᠳᠤᠬᠰᠠᠨ ᠪᠦᠬᠦ ᠤᠷᠤᠨ ᠤ ︽ᠡᠭᠡᠴᠤᠤᠯ ᠤᠨ ᠡᠷᠡᠬᠦᠯ | ᠮᠡᠨᠳᠦ ᠶᠢᠨ ᠬᠤᠷᠳᠤᠨ ᠲᠡᠷᠭᠡ︾ ᠨᠡᠶᠢᠳᠡ ᠶᠢᠨ ᠠᠰᠠᠷᠠᠮᠵᠢ ᠶᠢᠨ ᠲᠦᠷᠦᠯ ᠵᠤᠶᠢᠯ ᠢ ᠬᠡᠷᠡᠭᠵᠢᠬᠦᠯᠦᠭᠰᠡᠨ 15 ᠵᠢᠯ | ᠤᠨ ᠤᠢ ᠶᠢ ᠲᠤᠷᠠᠰᠬᠠᠬᠤ ᠳ᠋ᠥᠩᠨᠡᠬᠦ ᠠᠬᠢᠭᠤᠯᠬᠤ ᠵᠢᠴᠢ ᠪᠤᠯᠪᠠᠰᠤᠷᠠᠯ ᠤᠨ ᠬᠤᠷᠠᠯ ᠠᠴᠠ ᠤᠶᠢᠯᠠᠭᠠᠬᠰᠠᠨ ᠢᠶᠠᠷ᠂ | ᠲᠤᠮᠳᠠᠳᠤ ᠤᠯᠤᠰ ᠤᠨ ᠡᠮᠡᠭᠳᠡᠶᠢᠴᠤᠳ ᠤᠨ ᠭᠦᠭᠵᠢᠬᠦᠯᠦᠯᠳᠠ ᠶᠢᠨ ᠰᠠᠭᠤᠷᠢ ᠮᠦᠩᠭᠦᠨ ᠤ ᠨᠡᠶᠢᠭᠡᠮᠯᠢᠭ ᠠᠴᠠ ᠮᠠᠨ ᠤ | ᠤᠷᠤᠨ ᠳᠤ 118 ︽ᠡᠭᠡᠴᠤᠤᠯ ᠤᠨ ᠡᠷᠡᠬᠦᠯ ᠮᠡᠨᠳᠦ ᠶᠢᠨ ᠬᠤᠷᠳᠤᠨ ᠲᠡᠷᠭᠡ︾ ᠬᠠᠨᠳᠢᠪᠯᠠᠵᠤ᠂ ᠦᠪᠡᠷᠳᠡᠭᠡᠨ | ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭ᠎ᠠ ᠠᠴᠠ 38 ︽ᠲᠠᠯ᠎ᠠ ᠨᠤᠳᠤᠭ ᠤᠨ ᠡᠭᠡᠴᠤᠤᠯ ᠤᠨ ᠡᠷᠡᠬᠦᠯ | ᠮᠡᠨᠳᠦ ᠶᠢᠨ ᠬᠤᠷᠳᠤᠨ ᠲᠡᠷᠭᠡ︾ ᠶᠢ ᠢᠵᠢ ᠪᠦᠷᠢᠳᠦᠬᠦᠯᠵᠦ᠂ ᠪᠦᠬᠦ ᠤᠷᠤᠨ ᠤ 103 ᠬᠤᠰᠢᠭᠤ ᠰᠢᠶᠠᠨ ᠳᠤ ︽ | ᠡᠭᠡᠴᠤᠤᠯ ᠤᠨ ᠡᠷᠡᠬᠦᠯ ᠮᠡᠨᠳᠦ ᠶᠢᠨ ᠬᠤᠷᠳᠤᠨ ᠲᠡᠷᠭᠡ︾ ᠶᠢ ᠪᠦᠷᠢᠨ ᠪᠦᠷᠬᠦᠭᠦᠯᠪᠡ᠃ | ︽ᠡᠭᠡᠴᠤᠤᠯ ᠤᠨ ᠡᠷᠡᠬᠦᠯ ᠮᠡᠨᠳᠦ ᠶᠢᠨ ᠬᠤᠷᠳᠤᠨ ᠲᠡᠷᠭᠡ︾ ᠶᠢᠨ ᠲᠦᠷᠦᠯ ᠵᠤᠶᠢᠯ ᠨᠢ ᠪᠦᠬᠦ ᠤᠯᠤᠰ ᠤᠨ | ᠡᠮᠡᠭᠳᠡᠶᠢᠴᠤᠳ ᠤᠨ ᠬᠤᠯᠪᠤᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠡᠭᠳᠡᠶᠢᠴᠤᠳ ᠬᠡᠤᠬᠡᠳ ᠤᠨ ᠠᠵᠢᠯ | ᠤᠨ ᠵᠥᠪᠯᠡᠯ ᠤᠨ ᠠᠯᠪᠠᠨ ᠭᠡᠷ ᠠᠴᠠ ᠬᠠᠮᠳᠤᠷᠠᠨ ᠡᠷᠬᠢᠯᠡᠵᠦ᠂ ᠲᠤᠮᠳᠠᠳᠤ ᠤᠯᠤᠰ ᠤᠨ ᠡᠮᠡᠭᠳᠡᠶᠢᠴᠤᠳ ᠤᠨ | ᠭᠦᠭᠵᠢᠬᠦᠯᠦᠯᠳᠠ ᠶᠢᠨ ᠰᠠᠭᠤᠷᠢ ᠮᠦᠩᠭᠦᠨ ᠤ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠭᠰᠡᠨ ᠨᠡᠶᠢᠳᠡ ᠶᠢᠨ | ᠠᠰᠠᠷᠠᠮᠵᠢ ᠶᠢᠨ ᠲᠦᠷᠦᠯ ᠵᠤᠶᠢᠯ ᠪᠣᠯᠣᠨ᠎ᠠ᠂ ᠮᠠᠨ ᠤ ᠤᠯᠤᠰ ᠤᠨ ᠪᠠᠷᠠᠭᠤᠨ ᠤᠷᠤᠨ ᠳᠤ ᠨᠡᠭᠦᠳᠡᠯ ᠡᠮ ᠡᠮᠨᠡᠯᠭᠡ ᠶᠢᠨ | ᠬᠡᠯᠪᠡᠷᠢ ᠪᠠᠷ ᠶᠠᠳᠠᠭᠤ ᠬᠦᠴᠢᠷᠳᠡᠯᠳᠡᠢ ᠡᠬᠡᠴᠤᠤᠯ ᠳᠤ ︽ᠡᠷᠡᠬᠦᠯ ᠮᠡᠨᠳᠦ ᠶᠢᠨ ᠤᠶᠢᠯᠠᠭᠠᠬᠳᠠᠬᠤᠨ᠂ ᠡᠷᠡᠬᠦᠯ | ᠮᠡᠨᠳᠦ ᠶᠢᠨ ᠮᠡᠳᠡᠯᠭᠡ᠂ ᠡᠷᠡᠬᠦᠯ ᠮᠡᠨᠳᠦ ᠶᠢᠨ ᠦᠢᠯᠡᠴᠢᠯᠡᠭᠡ︾ ᠬᠦᠷᠬᠡᠵᠦ᠂ ᠡᠮᠡᠭᠳᠡᠶᠢᠴᠤᠳ ᠬᠡᠤᠬᠡᠳ ᠤᠨ ᠡᠷᠡᠬᠦᠯ | ᠮᠡᠨᠳᠦ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠤᠳᠤ ᠪᠤᠯᠳᠠᠯ᠎ᠠ ᠨᠢᠭᠡᠨᠳᠡ 15 ᠵᠢᠯ | ᠬᠡᠷᠡᠭᠵᠢᠬᠦᠯᠦᠭᠰᠡᠨ ᠪᠠᠶᠢᠨ᠎ᠠ᠃ | ᠪᠦᠷᠢᠨ ᠪᠤᠰᠤ ᠪᠦᠷᠢᠳᠭᠡᠯ ᠢ ᠦᠨᠳᠦᠰᠦᠯᠡᠪᠡᠯ᠂ 15 ᠵᠢᠯ ᠤᠨ ᠲᠤᠷᠰᠢ ︽ᠡᠭᠡᠴᠤᠤᠯ ᠤᠨ ᠡᠷᠡᠬᠦᠯ | ᠮᠡᠨᠳᠦ ᠶᠢᠨ ᠬᠤᠷᠳᠤᠨ ᠲᠡᠷᠭᠡ︾ 1000 ᠭᠠᠷᠤᠢ ᠲᠦᠮᠡᠨ ᠺᠢᠯᠤᠮᠧᠲᠷ ᠠᠶᠠᠯᠠᠵᠤ᠂ 200 ᠭᠠᠷᠤᠢ ᠲᠦᠮᠡᠨ | ᠬᠦᠮᠦᠨ ᠳᠤ ᠠᠯᠪᠠᠨ ᠵᠢᠷᠤᠮ ᠤᠨ ᠡᠮᠴᠢᠯᠡᠭᠡᠨ ᠤ ᠠᠰᠠᠭᠤᠨ ᠯᠠᠪᠯᠠᠭ᠎ᠠ᠂ ᠡᠷᠡᠬᠦᠯ ᠮᠡᠨᠳᠦ ᠶᠢᠨ ᠨᠡᠶᠢᠳᠡᠮ ᠪᠠᠶᠢᠴᠠᠭᠠᠯᠳᠠ | ᠵᠡᠷᠭᠡ ᠦᠢᠯᠡᠴᠢᠯᠡᠭᠡ ᠬᠠᠨᠭ᠍ᠭᠠᠵᠤ᠂ 100 ᠭᠠᠷᠤᠢ ᠲᠦᠮᠡᠨ ᠡᠮᠡᠭᠳᠡᠶᠢᠴᠤᠳ ᠲᠤ ︽ᠬᠤᠶᠠᠷ ᠦᠮᠡᠨ︾ ᠤ | ᠪᠠᠶᠢᠴᠠᠭᠠᠯᠳᠠ ᠬᠢᠵᠤ ᠦᠭᠴᠦ᠂ 200 ᠭᠠᠷᠤᠢ ᠲᠦᠮᠡᠨ ᠲᠦᠭᠦᠷᠢᠭ ᠤᠨ ᠡᠮ ᠡᠮᠨᠡᠯᠭᠡ ᠶᠢᠨ ᠡᠳ᠋ ᠪᠤᠳᠠᠰ | ᠲᠠᠷᠬᠠᠭᠠᠵᠤ᠂ 10 ᠭᠠᠷᠤᠢ ᠲᠦᠮᠡᠨ ᠰᠢᠶᠠᠩ ᠪᠠᠯᠭᠠᠰᠤ ᠶᠢᠨ ᠡᠮᠴᠢᠯᠡᠭᠡᠨ ᠤ ᠠᠵᠢᠯᠳᠠᠨ ᠪᠠ ᠵᠢᠷᠮᠦᠰᠦᠯᠡᠬᠦ ᠨᠠᠰᠤᠨ | ᠳᠤ ᠬᠦᠷᠦᠭᠰᠡᠨ ᠡᠮᠡᠭᠳᠡᠶᠢᠴᠤᠳ ᠲᠤ ᠪᠤᠯᠪᠠᠰᠤᠷᠠᠯ ᠬᠦᠷᠳᠡᠭᠡᠪᠡ᠃ |