10 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠶᠢᠨ ᠲᠡᠮᠳᠡᠭᠲᠦ ᠶᠢ | ᠲᠠᠷᠬᠠᠭᠠᠬᠤ ᠳᠠᠭᠠᠭᠠᠴᠢᠯᠠᠯᠲᠠ ᠵᠠᠷᠯᠠᠵᠤ ᠬᠦᠯᠢᠶᠡᠬᠦ ᠰᠢᠰᠲ᠋ᠧᠮ ᠢᠶᠠᠷ ᠳᠠᠮᠵᠢᠭᠤᠯᠤᠨ᠂ ᠢᠯᠡ ᠪᠠᠷ ᠳᠠᠭᠠᠭᠠᠴᠢᠯᠠᠯᠲᠠ | ᠵᠠᠷᠯᠠᠬᠤ ᠬᠡᠯᠪᠡᠷᠢ ᠪᠠᠷ 2018 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ 29.8959 ᠳ᠋ᠦᠩᠰᠢᠭᠤᠷ ᠲᠥᠭᠦᠷᠢᠭ ᠠᠮᠵᠢᠯᠲᠠ ᠲᠠᠢ ᠪᠠᠷ ᠲᠠᠷᠬᠠᠭᠠᠪᠠ᠃ ᠡᠭᠦᠨ ᠳᠤ᠂ 2 | ᠵᠢᠯ ᠤᠨ ᠬᠤᠭᠤᠴᠠᠭ᠎ᠠ ᠲᠠᠢ᠂ ᠬᠦᠦ ᠶᠢᠨ ᠨᠤᠷᠮ᠎ᠠ ᠨᠢ 3.44% ᠪᠦᠬᠦᠢ ᠡᠩ ᠤᠨ ᠵᠢᠭᠡᠯᠡᠯᠭᠡ ᠶᠢᠨ ᠲᠡᠮᠳᠡᠭᠲᠦ ᠶᠢ | 24.6011 ᠳ᠋ᠦᠩᠰᠢᠭᠤᠷ ᠲᠥᠭᠦᠷᠢᠭ ᠲᠠᠷᠬᠠᠭᠠᠵᠠᠢ︔ 10 ᠵᠢᠯ ᠤᠨ ᠬᠤᠭᠤᠴᠠᠭ᠎ᠠ ᠲᠠᠢ᠂ ᠬᠦᠦ ᠶᠢᠨ ᠨᠤᠷᠮ᠎ᠠ | ᠨᠢ 3.97% ᠪᠦᠬᠦᠢ ᠡᠩ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4.5248 ᠳ᠋ᠦᠩᠰᠢᠭᠤᠷ | ᠲᠥᠭᠦᠷᠢᠭ ᠲᠠᠷᠬᠠᠭᠠᠵᠠᠢ︔ 10 ᠵᠢᠯ ᠤᠨ ᠬᠤᠭᠤᠴᠠᠭ᠎ᠠ ᠲᠠᠢ᠂ ᠬᠦᠦ ᠶᠢᠨ ᠨᠤᠷᠮ᠎ᠠ ᠨᠢ 3.97% ᠪᠦᠬᠦᠢ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ | 0.77 ᠳ᠋ᠦᠩᠰᠢᠭᠤᠷ ᠲᠥᠭᠦᠷᠢᠭ ᠲᠠᠷᠬᠠᠭᠠᠵᠠᠢ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠷᠬᠠᠭᠠᠯᠲᠠ | ᠳᠠᠭᠤᠰᠪᠠᠯ᠂ ᠮᠠᠨ ᠤ ᠣᠷᠣᠨ ᠡᠨᠡ ᠵᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠦᠬᠦ ᠲᠣᠭᠠᠨ ᠤ 93.2% ᠢ | ᠨᠢᠭᠡᠨᠲᠡ ᠪᠡᠶᠡᠯᠡᠭᠦᠯᠦᠭᠰᠡᠨ ᠪᠠᠶᠢᠨ᠎ᠠ᠃ |