ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠪᠥᠬᠦ ᠣᠷᠣᠨ ᠤ ᠰᠢᠭᠦᠬᠦ ᠬᠤᠷᠢᠶ᠎ᠠ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠬᠦᠷᠢᠶᠡᠨ ᠳᠠᠬᠢ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ 63 | ᠬᠡᠷᠡᠭ᠂ 75 ᠬᠥᠮᠦᠨ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠵᠡᠢ᠃ ᠥᠪᠥᠷ ᠮᠣᠩᠭᠤᠯ ᠤᠨ ᠪᠥᠬᠦ | ᠣᠷᠣᠨ ᠤ ᠰᠢᠭᠦᠬᠦ ᠬᠤᠷᠢᠶ᠎ᠠ ᠬᠦᠴᠦᠲᠡᠶ ᠴᠣᠬᠢᠯᠲᠠ ᠥᠭᠬᠦ ᠪᠠᠶᠢᠳᠠᠯ ᠢ ᠥᠷᠭᠦᠯᠵᠢᠯᠡᠨ ᠪᠠᠷᠢᠮᠲᠠᠯᠠᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠳᠤ ᠬᠠᠤᠯᠢ ᠴᠠᠭᠠᠵᠠ ᠶᠢᠨ ᠬᠦᠴᠦᠲᠡᠶ ᠪᠠᠲᠤᠯᠠᠭ᠎ᠠ ᠬᠠᠩᠭᠠᠬᠤ ᠪᠣᠯᠣᠨ᠎ᠠ᠃ | 2018 ᠣᠨ ᠤ 5 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠤᠰᠬᠠᠶᠢᠯᠠᠨ ᠮᠡᠳᠡᠭᠳᠡᠯ ᠲᠠᠷᠬᠠᠭᠠᠵᠤ᠂ ᠪᠦᠬᠦ ᠣᠷᠣᠨ ᠤ | ᠰᠢᠭᠦᠬᠦ ᠬᠤᠷᠢᠶ᠎ᠠ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠦᠷᠢᠶᠡᠨ ᠳᠠᠬᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠱᠠᠭᠠᠷᠳᠠᠪᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠰᠣᠨᠢᠨ ᠮᠡᠳᠡᠭᠡ | ᠨᠡᠶᠢᠲᠡᠯᠡᠭᠴᠢ ᠸᠠᠩ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠪᠥᠬᠦ | ᠣᠷᠣᠨ ᠤ ᠰᠢᠭᠦᠬᠦ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠦᠷᠢᠶᠡᠨ ᠳᠠᠬᠢ ᠡᠷᠬᠡ | ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ 63 ᠬᠡᠷᠡᠭ᠂ 75 ᠬᠥᠮᠦᠨ ᠢ ᠬᠠᠤᠯᠢ ᠶᠣᠰᠣᠭᠠᠷ ᠬᠦᠯᠢᠶᠡᠨ ᠠᠪᠴᠤ | ᠰᠢᠢᠳᠪᠦᠷᠢᠯᠡᠵᠡᠢ᠃ ᠥᠪᠥᠷ ᠮᠣᠩᠭᠤᠯ ᠤᠨ ᠪᠦᠬᠦ ᠣᠷᠣᠨ ᠤ ᠰᠢᠭᠦᠬᠦ ᠬᠤᠷᠢᠶ᠎ᠠ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠬᠦᠷᠢᠶᠡᠨ ᠳᠠᠬᠢ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ | ᠬᠡᠷᠡᠭ ᠤᠨ ᠲᠣᠬᠠᠢ ᠳ᠋ᠦᠩᠨᠡᠯᠲᠡ ᠪᠣᠯᠣᠨ ᠵᠠᠳᠠᠯᠤᠯᠲᠠ ᠠᠴᠠ ᠦᠵᠡᠪᠡᠯ᠂ ᠱᠠᠮᠰᠢᠵᠤ ᠢᠯᠵᠠᠷᠠᠨ ᠳᠣᠷᠦ᠋ᠢᠳᠠᠭᠰᠠᠨ | ᠪᠠᠭ᠎ᠠ ᠨᠣᠶᠠᠨ ᠣᠯᠠᠨ ᠪᠠᠶᠢᠵᠤ᠂ ᠰᠢᠶᠠᠩ ᠤᠨ ᠰᠠᠯᠠᠭᠠᠨ ᠤ ᠳᠡᠰ ᠤᠨ ᠠᠯᠪᠠᠨ ᠲᠤᠰᠢᠶᠠᠯᠲᠠᠨ ᠪᠣᠯᠣᠨ ᠭᠠᠴᠠᠭᠠᠨ ᠤ | ᠺᠠᠳ᠋ᠷ ᠭᠤᠣᠯᠯᠠᠵᠤ᠂ ᠨᠢᠭᠡᠨᠲᠡ ᠰᠢᠢᠳᠪᠦᠷᠢᠯᠡᠭᠳᠡᠭᠰᠡᠨ ᠬᠥᠮᠦᠨ ᠤ 68% ᠶᠢ ᠡᠵᠡᠯᠡᠪᠡ᠃ ᠡᠭᠦᠨ ᠠᠴᠠ ᠭᠠᠳᠠᠨ᠎ᠠ᠂ | ᠵᠠᠷᠢᠮ ᠣᠨᠴᠠᠭᠠᠶ ᠬᠡᠷᠡᠭ ᠨᠢ ᠬᠡᠳᠦ᠋ᠢᠪᠡᠷ ᠬᠤᠯᠪᠣᠭᠳᠠᠭᠰᠠᠨ ᠵᠣᠭᠤᠰ ᠤᠨ ᠲᠤᠭ᠎ᠠ ᠨᠢ ᠣᠯᠠᠨ ᠪᠢᠰᠢ ᠪᠣᠯᠪᠠᠴᠤ | ᠬᠤᠯᠪᠣᠭᠳᠠᠬᠤ ᠬᠡᠪᠴᠢᠶ᠎ᠡ ᠨᠢ ᠨᠡᠯᠢᠶᠡᠳ ᠥᠷᠭᠡᠨ ᠪᠠᠶᠢᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ | ᠬᠤᠯᠪᠣᠭᠳᠠᠵᠤ ᠪᠠᠶᠢᠳᠠᠭ᠃ ᠡᠶᠢᠮᠦᠷᠬᠦ ᠶᠠᠯᠠᠲᠤ ᠠᠵᠢᠯᠯᠠᠭ᠎ᠠ ᠨᠢ ᠭᠤᠣᠯᠳᠠᠭᠤ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ ᠨᠥᠬᠦᠪᠦᠷᠢ ᠮᠥᠩᠭᠦ᠂ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ᠂ | ᠤᠯᠤᠰ ᠤᠨ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠨᠥᠬᠦᠪᠥᠷᠢ ᠮᠥᠩᠭᠦ ᠵᠡᠷᠭᠡ ᠵᠣᠭᠤᠰ ᠲᠠᠢ | ᠬᠤᠯᠪᠣᠭᠳᠠᠵᠠᠢ᠃ | ᠪᠦᠬᠦ ᠣᠷᠣᠨ ᠤ ᠰᠢᠭᠦᠬᠦ ᠬᠤᠷᠢᠶ᠎ᠠ ᠨᠤᠭᠤᠳ ᠬᠠᠤᠯᠢᠵᠢᠯ ᠤᠨ ᠠᠷᠭ᠎ᠠ ᠪᠠᠷᠢᠯ ᠢ ᠠᠰᠢᠭᠯᠠᠨ᠂ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠦᠷᠢᠶᠡᠨ ᠳᠠᠬᠢ | ᠢᠯᠵᠠᠷᠠᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯᠯᠠᠭ᠎ᠠ ᠶᠢ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ᠦᠨᠳᠦᠰᠦᠨ ᠱᠠᠲᠤᠨ ᠤ ︽ᠢᠯᠠᠭ᠎ᠠ ᠭᠦᠪᠢᠬᠦ︾ ᠠᠵᠢᠯᠯᠠᠭ᠎ᠠ ᠯᠤᠭ᠎ᠠ | ᠤᠶᠠᠯᠳᠤᠭᠤᠯᠤᠨ ᠨᠢᠭᠡ ᠴᠣᠭᠴᠠᠵᠢᠭᠤᠯᠤᠨ ᠪᠠᠶᠢᠷᠢᠯᠠᠭᠤᠯᠤᠯᠲᠠ ᠬᠢᠵᠦ᠂ ᠬᠠᠮᠲᠤ ᠪᠠᠷ ᠦᠷᠨᠢᠭᠦᠯᠬᠦ ᠪᠣᠯᠣᠨ᠎ᠠ᠃ | ᠡᠭᠦᠨ ᠤ ᠬᠠᠮᠲᠤ᠂ ᠲᠦᠷᠭᠡᠨ ᠰᠢᠭᠦᠵᠦ ᠲᠦᠷᠭᠡᠨ ᠲᠠᠰᠤᠯᠬᠤ᠂ ᠬᠠᠤᠯᠢ ᠶᠣᠰᠣᠭᠠᠷ ᠴᠢᠩᠭ᠎ᠠ ᠰᠢᠢᠳᠬᠡᠬᠦ᠂ ᠡᠷᠡᠭᠦᠦ | ᠰᠢᠢᠳᠬᠡᠯ ᠢᠶᠠᠷ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠴᠢᠳᠠᠮᠵᠢ ᠶᠢ ᠭᠦᠢᠴᠡᠳ ᠪᠠᠳᠠᠷᠠᠭᠤᠯᠤᠨ᠂ | ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ | ᠪᠦᠬᠦᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠪᠣᠯᠣᠨ᠎ᠠ᠃ | | |