ᠥᠪᠥᠷ ᠮᠣᠩᠭᠤᠯ᠄ ᠲᠣᠮᠣ ᠳᠤᠮᠳᠠ ᠬᠤᠲᠠ ᠬᠤᠯᠪᠣᠭᠠᠯᠠᠨ ᠠᠵᠢᠯᠲᠠᠨ ᠡᠯᠰᠡᠬᠦ ᠬᠤᠷᠠᠯ ᠨᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 3800 ᠭᠠᠷᠤᠢ ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2018/10/29
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 10 ᠳ᠋ᠤᠭᠠᠷ ᠰᠠᠷ᠎ᠠ ᠶᠢᠨ 27᠎ ᠤ ᠡᠳᠦᠷ ᠲᠣᠮᠣ ᠳᠤᠮᠳᠠ ᠬᠤᠲᠠ ᠬᠤᠯᠪᠣᠭᠠᠯᠠᠨ ᠠᠵᠢᠯᠲᠠᠨ ᠡᠯᠰᠡᠬᠦ ᠬᠤᠷᠠᠯ ᠢ ᠡᠷᠬᠢᠯᠡᠵᠦ᠂ ᠥᠷᠭᠡᠨ ᠤᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 3800 ᠭᠠᠷᠤᠢ ᠠᠵᠢᠯ ᠤᠨ ᠪᠠᠶᠢᠷᠢ ᠬᠠᠩᠭᠠᠪᠠ᠃      ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠠᠵᠢᠯᠲᠠᠨ ᠡᠯᠰᠡᠬᠦ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ ᠳᠠᠭᠠᠭᠠᠴᠢᠯᠠᠨ ᠡᠷᠭᠢᠯᠡᠵᠦ᠂ ᠬᠤᠲᠠ ᠨᠤᠭᠤᠳ ᠬᠤᠯᠪᠣᠭᠠᠯᠠᠨ ᠬᠥᠳᠡᠯᠦᠯᠴᠡᠵᠦ᠂ ᠲᠦᠢᠯ ᠤᠨ ᠣᠨᠣᠪᠴᠢᠲᠠᠶ ᠦᠢᠯᠡᠴᠢᠯᠡᠶ᠎ᠡ ᠭᠡᠰᠡᠨ ᠢᠶᠠᠷ ᠭᠤᠣᠯ ᠰᠡᠳᠦᠪ ᠪᠣᠯᠭᠠᠨ᠂ ᠣᠷᠣᠨ ᠤ ᠳᠣᠲᠣᠨ᠎ᠠ ᠭᠠᠳᠠᠨᠠᠬᠢ ᠤᠯᠤᠰ ᠤᠨ ᠦᠮᠴᠢᠯᠡᠯᠲᠦ᠂ ᠬᠤᠪᠢ ᠣᠷᠣᠭᠤᠯᠤᠯᠲᠠ ᠶᠢᠨ ᠳᠥᠷᠢᠮᠲᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ᠂ ᠳᠡᠭᠡᠳᠦ ᠰᠢᠨ᠎ᠡ ᠮᠡᠷᠭᠡᠵᠢᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠬᠥᠮᠦᠨ ᠬᠡᠷᠡᠭᠯᠡᠬᠦ 138 ᠨᠢᠭᠡᠴᠢ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠭᠦᠯᠵᠦ᠂ ᠨᠡᠶᠢᠲᠡ 3833 ᠠᠵᠢᠯ ᠤᠨ ᠪᠠᠶᠢᠷᠢ ᠬᠠᠩᠭᠠᠪᠠ᠃ ᠲᠤᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠠᠨᠾᠥ᠋ᠢ᠂ ᠵᠢᠶᠠᠩᠰᠢ᠂ ᠯᠢᠶᠣᠤᠨᠢᠩ ᠵᠡᠷᠭᠡ ᠣᠷᠣᠨ ᠤ ᠳᠣᠲᠣᠨ᠎ᠠ ᠭᠠᠳᠠᠨᠠᠬᠢ ᠲᠣᠮᠣ ᠳᠤᠮᠳᠠ ᠬᠤᠳᠠ ᠶᠢᠨ ᠤᠯᠠᠨ ᠨᠡᠶᠢᠳᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠵᠦ ᠠᠵᠢᠯ ᠰᠣᠩᠭᠤᠬᠤ ᠪᠠ ᠬᠥᠮᠦᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠤᠷᠢᠬᠤ ᠳᠤ ᠳᠥᠭᠦᠮ ᠳᠥᠲᠡ᠂ ᠵᠥᠪ ᠣᠨᠣᠪᠴᠢᠲᠠᠢ᠂ ᠪᠦᠲᠦᠮᠵᠢ ᠰᠠᠶᠢᠲᠠᠶ ᠦᠢᠯᠡᠴᠢᠯᠡᠭᠡᠨ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠷᠣᠨ ᠪᠦᠰᠡ ᠠᠯᠤᠰᠯᠠᠨ ᠠᠵᠢᠯ ᠣᠯᠬᠤ ᠪᠠ ᠬᠥᠮᠦᠨ ᠬᠡᠷᠡᠭᠯᠡᠬᠦ ᠨᠢᠭᠡᠴᠢ ᠶᠢᠨ ᠣᠷᠣᠨ ᠪᠦᠰᠡ ᠠᠯᠤᠰᠯᠠᠨ ᠴᠢᠳᠠᠪᠤᠷᠢᠲᠠᠨ ᠤᠷᠢᠬᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠰᠤᠷᠭᠠᠭᠤᠯᠢ ᠲᠡᠭᠦᠰᠦᠭᠰᠡᠳ ᠤᠨ ᠨᠡᠩ ᠴᠢᠨᠠᠷ ᠰᠠᠶᠢᠲᠠᠢ ᠨᠡᠩ ᠭᠦᠢᠴᠡᠳ ᠠᠵᠢᠯ ᠣᠯᠭᠤᠯᠲᠠ ᠶᠢ ᠠᠬᠢᠭᠤᠯᠤᠨ᠂ ᠠᠵᠢᠯ ᠣᠯᠭᠤᠯᠲᠠ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠠᠢ᠃      ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠠᠵᠢᠯᠲᠠᠨ ᠡᠯᠰᠡᠬᠦ ᠬᠤᠷᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ ᠭᠤᠷᠪᠠ ᠳᠤ ᠵᠢᠭᠰᠠᠭᠠᠭᠳᠠᠬᠤ ᠲᠤᠰᠬᠠᠢ ᠮᠡᠷᠭᠡᠵᠢᠯ ᠨᠢ ᠲᠣᠰ ᠲᠣᠰ᠄ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠨᠡᠶᠢᠲᠡ ᠶᠢᠨ ᠬᠠᠷᠢᠴᠠᠭ᠎ᠠ᠂ ᠪᠣᠷᠣᠯᠠᠭᠤᠯᠭ᠎ᠠ ᠵᠡᠷᠭᠡ ᠨᠢ ᠲᠡᠷᠢᠭᠦᠨ ᠪᠠᠶᠢᠷᠢ ᠶᠢ ᠡᠵᠡᠯᠡᠵᠦ᠂ ᠪᠦᠬᠦ ᠠᠵᠢᠯ ᠤᠨ ᠪᠠᠶᠢᠷᠢ ᠶᠢᠨ 10.98%᠎ ᠶᠢ ᠡᠵᠡᠯᠡᠪᠡ︔ ᠺᠣᠮᠫᠢᠦ᠋ᠲ᠋ᠧᠷ᠂ ᠢᠨᠲ᠋ᠧᠷ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠨᠢ ᠬᠤᠶᠠᠳᠤᠭᠠᠷ ᠪᠠᠶᠢᠷᠢ ᠶᠢ ᠡᠵᠡᠯᠡᠨ᠂ ᠪᠦᠬᠦ ᠠᠵᠢᠯ ᠤᠨ ᠪᠠᠶᠢᠷᠢ ᠶᠢᠨ 7.83%᠎ ᠶᠢ ᠡᠵᠡᠯᠡᠪᠡ︔ ᠡᠩ ᠤᠨ ᠮᠡᠷᠭᠡᠵᠢᠯ ᠤᠨ ᠲᠥᠷᠥᠯ ᠤᠨ ᠠᠵᠢᠯ ᠲᠥᠷᠥᠯ ᠭᠤᠷᠪᠠᠳᠤᠭᠠᠷ ᠪᠠᠶᠢᠷᠢ ᠶᠢ ᠡᠵᠡᠯᠡᠵᠤ᠂ ᠪᠦᠭᠦ ᠠᠵᠢᠯ ᠤᠨ ᠪᠠᠶᠢᠷᠢ ᠶᠢᠨ 4.59%᠎ ᠶᠢ ᠡᠵᠡᠯᠡᠪᠡ᠃ ᠣᠶᠢᠯᠠᠭᠠᠭᠰᠠᠨ ᠢᠶᠠᠷ᠂ ᠠᠵᠢᠯᠲᠠᠨ ᠡᠯᠰᠡᠬᠦ ᠬᠤᠷᠠᠯ ᠲᠡᠭᠦᠰᠦᠭᠰᠡᠨ ᠤ ᠳᠠᠷᠠᠭ᠎ᠠ᠂ ᠥᠪᠥᠷ ᠮᠣᠩᠭᠤᠯ ᠤᠨ ᠴᠢᠳᠠᠪᠤᠷᠢᠲᠠᠨ ᠤ ᠰᠣᠯᠢᠯᠴᠠᠭᠠᠨ ᠤ ᠲᠥᠪ ᠨᠢ ᠡᠯ᠎ᠡ ᠵᠦᠢᠯ ᠤᠨ ᠠᠵᠢᠯ ᠡᠷᠢᠬᠦ ᠲᠤᠭ᠎ᠠ ᠪᠠᠷᠢᠮᠲᠠ ᠶᠢ ᠴᠤᠭᠯᠠᠭᠤᠯᠤᠨ ᠬᠤᠷᠢᠶᠠᠩᠭᠤᠶᠢᠯᠠᠵᠤ᠂ ᠠᠵᠢᠯᠲᠠᠨ ᠤᠷᠢᠬᠤ ᠰᠠᠨᠠᠮᠵᠢ ᠲᠣᠭᠲᠠᠵᠤ ᠴᠢᠳᠠᠭᠠᠳᠤᠢ ᠠᠵᠢᠯᠲᠠᠨ ᠬᠡᠷᠡᠭᠯᠡᠬᠦ ᠨᠢᠭᠡᠴᠢ ᠪᠣᠯᠣᠨ ᠲᠣᠬᠢᠷᠠᠮᠵᠢᠲᠠᠶ ᠠᠵᠢᠯ ᠤᠨ ᠪᠠᠶᠢᠷᠢ ᠣᠯᠵᠤ ᠴᠢᠳᠠᠭᠰᠠᠨ ᠦᠭᠡᠢ ᠠᠵᠢᠯ ᠡᠷᠢᠭᠴᠢᠳ ᠤᠨ ᠮᠡᠳᠡᠭᠡ ᠵᠠᠩᠭᠢ ᠶᠢ ᠡᠮᠬᠢᠳᠬᠡᠨ᠂ ᠲᠣᠣᠷ ᠰᠦᠯᠵᠢᠶ᠎ᠡ ᠶᠢ ᠠᠰᠢᠭᠯᠠᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号