ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠰᠤᠷᠭᠠᠨ ᠬᠥᠮᠥᠵᠢᠯ ᠤᠨ | ᠶᠠᠮᠤᠨ ᠠᠴᠠ ︽ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ ᠲᠦᠷᠭᠡᠳᠬᠡᠨ | ᠪᠠᠶᠢᠭᠤᠯᠵᠤ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠠᠨᠠᠯ︾ | ︵ᠳᠣᠷᠣᠭᠰᠢ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠭᠡᠵᠦ | ᠲᠣᠪᠴᠢᠯᠠᠨ᠎ᠠ︶ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ︽ᠵᠢᠷᠭᠤᠭ᠎ᠠ ᠶᠢ ᠰᠢᠯᠭᠠᠷᠠᠭᠤᠯᠵᠤ | ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢ ᠬᠡᠷᠡᠭᠵᠢᠭᠦᠯᠬᠦ ᠪᠠᠷ ᠲᠣᠭᠲᠠᠭᠠᠪᠠ᠃ ᠡᠭᠦᠨ ᠤ ᠲᠤᠬᠠᠢ᠂ | ᠰᠤᠷᠭᠠᠨ ᠬᠥᠮᠥᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠵᠤᠷᠭᠠᠨ ᠤ ᠬᠠᠷᠢᠭᠤᠴᠠᠯᠭᠠᠲᠠᠨ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | 1. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ | ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢ ᠨᠡᠶᠢᠲᠡᠯᠡᠭᠰᠡᠨ ᠠᠬᠤᠢ | ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠢ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ | ᠳᠡᠭᠡᠷ᠎ᠡ᠂ ᠰᠤᠷᠭᠠᠨ ᠬᠥᠮᠥᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠣᠯᠣᠨ᠎ᠠ᠂ ᠮᠤᠷᠠᠯ | ᠣᠶᠣᠨ ᠲᠠᠮᠢᠷ ᠭᠤᠸ᠎ᠠ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ | ᠪᠠ ᠵᠠᠯᠭᠠᠮᠵᠢᠯᠠᠭᠴᠢ ᠶᠢ ᠬᠥᠮᠥᠵᠢᠭᠦᠯᠬᠦ ᠪᠣᠯ ᠰᠤᠷᠭᠠᠨ ᠬᠥᠮᠥᠵᠢᠯ ᠤᠨ ᠦᠨᠳᠦᠰᠦᠨ ᠡᠭᠦᠷᠭᠡ ᠪᠣᠯᠣᠨ᠎ᠠ᠃ ᠶᠡᠭᠡ | ᠳᠡᠭᠡᠳᠦ ᠰᠤᠷᠭᠠᠭᠤᠯᠢ ᠨᠤᠭᠤᠳ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠨ᠂ ᠨᠡᠩ ᠥᠨᠳᠥᠷ | ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠢ᠃ ᠵᠢᠩᠬᠢᠨᠢ | ᠠᠩᠭᠢ ᠶᠢᠨ ᠰᠤᠷᠭᠠᠨ ᠬᠥᠮᠥᠵᠢᠯ ᠨᠢ ᠴᠢᠳᠠᠪᠤᠷᠢᠲᠠᠨ ᠢ ᠬᠥᠮᠥᠵᠢᠭᠦᠯᠬᠦ ᠠᠵᠢᠯ ᠳᠤ ᠰᠠᠭᠤᠷᠢ ᠪᠣᠯᠬᠤ ᠪᠠᠶᠢᠷᠢ | ᠰᠠᠭᠤᠷᠢ ᠶᠢ ᠡᠵᠡᠯᠡᠵᠦ ᠪᠠᠶᠢᠳᠠᠭ᠃ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ | ᠲᠦᠷᠭᠡᠳᠬᠡᠨ ᠪᠠᠶᠢᠭᠤᠯᠬᠤ ᠳᠤ᠂ ᠡᠷᠬᠡᠪᠰᠢ ︽ᠵᠢᠩᠬᠢᠨᠢ ᠠᠩᠭᠢ ᠶᠢᠨ ᠰᠤᠷᠭᠠᠨ ᠬᠥᠮᠥᠵᠢᠯ ᠢᠶᠠᠷ ᠦᠨᠳᠦᠰᠦ ᠪᠣᠯᠭᠠᠬᠤ︾ | ᠶᠢ ᠪᠠᠷᠢᠮᠲᠠᠯᠠᠵᠤ᠂ ︽ᠳᠥᠷᠪᠡ ᠶᠢ ᠪᠤᠴᠠᠭᠠᠨ ᠡᠭᠡᠭᠦᠯᠬᠦ︾ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠥᠵᠢᠯ ᠤᠨ ᠲᠤᠬᠠᠢ ᠴᠢᠬᠤᠯᠠ | ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠨ᠂ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠥᠮᠥᠵᠢᠭᠦᠯᠬᠦ | ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠬᠦ ᠶᠢᠨ ᠲᠥᠯᠥᠭᠡ᠂ ᠰᠤᠷᠭᠠᠨ ᠬᠥᠮᠥᠵᠢᠯ ᠤᠨ ᠶᠠᠮᠤᠨ ᠠᠴᠠ ︽ᠰᠢᠨ᠎ᠡ | ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠵᠡᠷᠭᠡ ᠪᠢᠴᠢᠭ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠵᠤ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢ | ᠬᠡᠷᠡᠭᠵᠢᠭᠦᠯᠬᠦ ᠪᠠᠷ ᠲᠣᠭᠲᠠᠭᠠᠵᠠᠢ᠃ | 2. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ | ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢ ᠰᠤᠳᠤᠯᠤᠨ ᠲᠣᠭᠲᠠᠭᠠᠭᠰᠠᠨ | ᠶᠠᠪᠤᠴᠠ ᠶᠢ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠨᠢᠭᠡ ᠳᠤ᠂ ᠲᠥᠪ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠪᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠪᠦᠬᠦ ᠤᠯᠤᠰ ᠤᠨ ᠰᠤᠷᠭᠠᠨ | ᠬᠥᠮᠥᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠰᠤᠷᠭᠠᠨ ᠬᠥᠮᠥᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠭᠠᠵᠤ᠂ | ᠴᠢᠳᠠᠪᠤᠷᠢᠲᠠᠨ ᠢ ᠬᠥᠮᠥᠵᠢᠭᠦᠯᠬᠦ ᠠᠵᠢᠯ ᠤᠨ ᠲᠤᠬᠠᠢ ᠲᠥᠪ ᠪᠠ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ | ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ | ᠬᠤᠶᠠᠷ ᠲᠤ᠂ ᠪᠠᠶᠢᠴᠠᠭᠠᠯᠲᠠ ᠰᠤᠳᠤᠯᠤᠯᠲᠠ ᠶᠢ ᠭᠦᠨᠵᠡᠭᠡᠢ ᠥᠷᠨᠢᠭᠦᠯᠪᠡ᠃ ᠲᠤᠬᠠᠢ ᠶᠢᠨ ᠭᠠᠵᠠᠷ ᠲᠤ ᠨᠢ | ᠪᠠᠶᠢᠴᠠᠭᠠᠯᠲᠠ ᠰᠤᠳᠤᠯᠤᠯᠲᠠ ᠬᠢᠬᠦ ᠪᠠ ᠰᠤᠷᠪᠤᠯᠵᠢ ᠪᠢᠴᠢᠭ ᠢ ᠡᠮᠬᠢᠯᠡᠨ ᠳᠢᠭᠯᠡᠬᠦ ᠪᠠᠷ ᠳᠠᠮᠵᠢᠭᠤᠯᠤᠨ᠂ ᠣᠶᠢᠷ᠎ᠠ ᠶᠢᠨ | ᠵᠢᠯ ᠤᠳ ᠠᠴᠠ ᠨᠠᠭᠠᠰᠢᠬᠢ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠦᠭᠰᠡᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠦ᠂ ᠴᠢᠳᠠᠪᠤᠷᠢᠲᠠᠨ ᠢ ᠰᠢᠯᠭᠠᠷᠠᠭᠤᠯᠤᠨ | ᠣᠷᠣᠶᠢᠯᠠᠭᠤᠯᠬᠤ ᠰᠤᠷᠭᠠᠨ ᠬᠥᠮᠥᠵᠢᠯ ᠤᠨ ᠬᠥᠮᠥᠵᠢᠭᠦᠯᠬᠦ ᠰᠢᠷᠢᠰ ᠲᠥᠯᠥᠪᠯᠡᠭᠡ ᠶᠢᠨ ᠠᠮᠵᠢᠯᠲᠠ ᠲᠠᠢ | ᠲᠤᠷᠰᠢᠯᠭ᠎ᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠬᠥᠭᠵᠢᠭᠰᠡᠨ ᠤᠯᠤᠰ ᠤᠨ ᠳᠡᠭᠡᠳᠦ ᠵᠡᠷᠭᠡ ᠶᠢᠨ ᠰᠤᠷᠭᠠᠨ | ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠦᠭᠰᠡᠨ ᠥᠭᠡᠷᠡᠴᠢᠯᠡᠯᠲᠡ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠨ᠂ | ᠪᠢᠴᠢᠭ ᠮᠠᠲ᠋ᠧᠷᠢᠶᠠᠯ ᠢ ᠲᠤᠭᠤᠷᠪᠢᠬᠤ ᠰᠡᠳᠬᠢᠮᠵᠢ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠭᠤᠷᠪᠠ ᠳᠤ᠂ ᠥᠷᠭᠡᠨ ᠢᠶᠠᠷ ᠰᠠᠨᠠᠯ ᠬᠤᠷᠢᠶᠠᠪᠠ᠃ ᠰᠢᠨ᠎ᠡ ᠴᠠᠭ ᠦᠶ᠎ᠡ ᠶᠢᠨ ᠪᠦᠬᠦ ᠤᠯᠤᠰ ᠤᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠠᠵᠢᠯ ᠤᠨ ᠬᠤᠷᠠᠯ᠂ ᠪᠦᠬᠦ | ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠲᠢᠩᠬᠢᠮ ᠭᠠᠵᠠᠷ ᠤᠨ ᠳᠠᠷᠤᠭ᠎ᠠ ᠶᠢᠨ ᠬᠤᠷᠠᠯ᠂ ᠬᠡᠰᠡᠭ | ᠱᠦᠵᠢ ᠵᠠᠬᠢᠷᠤᠯ ᠤᠨ ᠶᠠᠷᠢᠯᠴᠠᠭᠠᠨ ᠤ ᠬᠤᠷᠠᠯ᠂ ᠵᠢᠭᠠᠨ ᠰᠤᠷᠭᠠᠯᠲᠠ ᠶᠢᠨ ᠵᠢᠯᠣᠭᠤᠳᠬᠤ ᠵᠥᠪᠯᠡᠯ ᠤᠨ ᠲᠤᠰᠬᠠᠢ | ᠮᠡᠷᠭᠡᠵᠢᠯᠲᠡᠳ ᠤᠨ ᠰᠤᠳᠤᠯᠤᠨ ᠶᠠᠷᠢᠯᠴᠠᠬᠤ ᠬᠤᠷᠠᠯ᠂ ᠠᠺᠠᠳᠧᠮᠢᠴᠢ ᠶᠢᠨ ᠪᠣᠳᠣᠯ ᠰᠠᠨᠠᠯ ᠢᠶᠠᠨ ᠳᠡᠯᠭᠡᠨ ᠰᠣᠯᠢᠯᠴᠠᠬᠤ | ᠬᠤᠷᠠᠯ᠂ ᠨᠢᠭᠡᠳᠦᠭᠡᠷ ᠹᠷᠣᠨᠲ ᠤᠨ ᠪᠠᠭᠰᠢ ᠶᠢᠨ ᠶᠠᠷᠢᠯᠴᠠᠭᠠᠨ ᠤ ᠬᠤᠷᠠᠯ ᠵᠡᠷᠭᠡ ᠶᠢ ᠬᠤᠷᠠᠯᠳᠤᠭᠤᠯᠬᠤ ᠪᠠᠷ | ᠳᠠᠮᠵᠢᠭᠤᠯᠤᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ ᠲᠥᠪ ᠪᠠ ᠤᠯᠤᠰ ᠤᠨ 14 ᠪᠠᠶᠢᠭᠤᠯᠭ᠎ᠠ ᠪᠠ | ᠬᠤᠯᠪᠣᠭᠳᠠᠯ ᠪᠦᠬᠦᠢ ᠨᠢᠭᠡᠴᠢ᠂ ᠶᠠᠮᠤᠨ ᠤ ᠳᠣᠲᠣᠭᠠᠳᠤ ᠶᠢᠨ 16 ᠵᠤᠷᠭᠠᠨ ᠲᠣᠪᠴᠢᠶᠠᠨ ᠤ ᠰᠠᠨᠠᠯ ᠢ ᠪᠢᠴᠢᠭ ᠤᠨ | ᠬᠡᠯᠪᠡᠷᠢ ᠪᠠᠷ ᠬᠤᠷᠢᠶᠠᠪᠠ᠃ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠵᠦ᠂ ᠪᠢᠴᠢᠭ ᠮᠠᠲ᠋ᠧᠷᠢᠶᠠᠯ ᠤᠨ ᠵᠢᠩᠬᠢᠨᠢ | ᠡᠬᠡ ᠨᠣᠣᠷᠠᠭ ᠢ ᠵᠠᠰᠠᠨ ᠥᠭᠡᠷᠡᠴᠢᠯᠡᠵᠦ ᠪᠦᠷᠢᠯᠳᠦᠭᠦᠯᠵᠡᠢ᠃ | 3. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ | ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢᠨ ᠶᠡᠷᠦᠩᠬᠡᠢ ᠰᠡᠳᠬᠢᠮᠵᠢ ᠶᠢ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠨᠢᠭᠡ ᠳᠤ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠵᠢᠩᠬᠢᠨᠢ ᠠᠩᠭᠢ ᠶᠢᠨ ᠰᠤᠷᠭᠠᠨ | ᠬᠥᠮᠥᠵᠢᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠰᠢᠨ᠎ᠡ ᠴᠠᠭ ᠦᠶ᠎ᠡ ᠶᠢᠨ ᠤᠯᠤᠰ ᠤᠨ ᠠᠵᠤ ᠠᠬᠤᠢ | ᠨᠡᠶᠢᠭᠡᠮ ᠤᠨ ᠬᠥᠭᠵᠢᠯᠲᠡ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ᠂ ᠣᠨᠴᠠᠭᠠᠶᠢᠯᠠᠨ ᠵᠢᠩᠬᠢᠨᠢ ᠠᠩᠭᠢ ᠶᠢᠨ | ᠰᠤᠷᠭᠠᠨ ᠬᠥᠮᠥᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠴᠢᠩᠭ᠎ᠠ | ᠨᠢᠭᠲᠠᠷᠠᠨ᠂ ᠰᠢᠨ᠎ᠡ ᠴᠠᠭ ᠦᠶ᠎ᠡ ᠶᠢᠨ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠠᠬᠤᠢ ᠪᠠᠶᠢᠳᠠᠯ᠂ ᠪᠠᠶᠢᠷᠢ ᠲᠣᠭᠲᠠᠭᠠᠯᠲᠠ᠂ ᠦᠢᠯᠡᠳᠦᠯ ᠴᠢᠳᠠᠮᠵᠢ᠂ ᠪᠦᠲᠦᠴᠡ᠂ | ᠪᠠᠶᠢᠷᠢᠯᠠᠭᠤᠯᠤᠯᠲᠠ ᠶᠢᠨ ᠬᠤᠪᠢᠷᠠᠯᠲᠠ ᠲᠠᠢ ᠵᠣᠬᠢᠴᠠᠯᠳᠤᠵᠤ᠂ ᠥᠨᠳᠥᠷ ᠬᠢᠷᠢ ᠲᠦᠪᠰᠢᠨ ᠪᠦᠬᠦᠢ ᠵᠢᠩᠬᠢᠨᠢ | ᠠᠩᠭᠢ ᠶᠢ ᠪᠠᠶᠢᠭᠤᠯᠵᠤ᠂ ᠲᠡᠷᠢᠭᠦᠨ ᠤ ᠲᠤᠰᠬᠠᠢ ᠮᠡᠷᠭᠡᠵᠢᠯ ᠢ ᠴᠢᠨᠠᠷᠯᠢᠭ ᠬᠢᠵᠦ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ | ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ︽ᠳᠥᠷᠪᠡ ᠶᠢ ᠪᠤᠴᠠᠭᠠᠨ ᠡᠭᠡᠭᠦᠯᠬᠦ︾ ᠶᠢ | ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠬᠦ ᠶᠢᠨ ᠲᠥᠪ ᠪᠣᠯᠬᠤ ᠪᠠᠶᠢᠷᠢ ᠰᠠᠭᠤᠷᠢ ᠪᠠ ᠵᠢᠩᠬᠢᠨᠢ ᠠᠩᠭᠢ ᠶᠢᠨ | ᠵᠢᠭᠠᠨ ᠰᠤᠷᠭᠠᠯᠲᠠ ᠶᠢᠨ ᠰᠠᠭᠤᠷᠢ ᠪᠣᠯᠬᠤ ᠪᠠᠶᠢᠷᠢ ᠰᠠᠭᠤᠷᠢ ᠨᠢ ᠭᠦᠢᠴᠡᠳ ᠯᠠᠪᠳᠠᠭᠤᠨ ᠪᠤᠰᠤ᠂ ᠵᠠᠷᠢᠮ | ᠰᠤᠷᠭᠠᠭᠤᠯᠢ ᠶᠢᠨ ᠤᠳᠤᠷᠢᠳᠤᠯᠭ᠎ᠠ ᠶᠢᠨ ᠣᠶᠣᠨ ᠬᠦᠴᠦᠨ᠂ ᠪᠠᠭᠰᠢ ᠨᠠᠷ ᠤᠨ ᠣᠶᠣᠨ ᠬᠦᠴᠦᠨ᠂ | ᠰᠤᠷᠤᠭᠴᠢᠳ ᠤᠨ ᠣᠶᠣᠨ ᠬᠦᠴᠦᠨ᠂ ᠡᠬᠢ ᠪᠠᠶᠠᠯᠢᠭ ᠤᠨ ᠣᠷᠣᠭᠤᠯᠤᠯᠲᠠ ᠨᠢ ᠭᠦᠢᠴᠡᠳ ᠪᠤᠰᠤ᠂ ᠰᠤᠷᠭᠠᠨ | ᠬᠥᠮᠥᠵᠢᠯ ᠤᠨ ᠣᠨᠣᠯᠵᠢᠬᠤᠨ ᠨᠢ ᠮᠥᠨ ᠬᠦ ᠨᠡᠯᠢᠶᠡᠳ ᠬᠤᠴᠣᠷᠤᠩᠭᠤᠢ᠂ ᠦᠨᠡᠯᠡᠯᠲᠡ ᠬᠢᠬᠦ ᠪᠠᠷᠢᠮᠵᠢᠶ᠎ᠠ ᠪᠠ | ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠤᠳᠤᠷᠢᠳᠤᠮᠵᠢ ᠳᠤ ᠠᠩᠬᠠᠷᠤᠭᠤᠯᠤᠨ ᠲᠥᠪᠯᠡᠷᠡᠭᠦᠯᠬᠦ ᠲᠠᠯ᠎ᠠ ᠪᠠᠷ | ᠮᠥᠨ ᠬᠦ ᠭᠦᠢᠴᠡᠳ ᠪᠤᠰᠤ ᠵᠡᠷᠭᠡ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ︽ᠳᠥᠷᠪᠡ ᠶᠢ ᠡᠭᠡᠭᠦᠯᠦᠨ | ᠪᠤᠴᠠᠭᠠᠬᠤ︾ ᠪᠠᠷ ᠦᠨᠳᠦᠰᠦᠨ ᠵᠢᠷᠤᠮᠯᠠᠯ ᠪᠣᠯᠭᠠᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠥᠭᠡᠷᠡᠴᠢᠯᠡᠯᠲᠡ ᠶᠢᠨ | ᠰᠡᠳᠬᠢᠮᠵᠢ ᠪᠠ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ | ᠭᠤᠷᠪᠠ ᠳᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠤᠷᠢᠳ ᠢᠶᠠᠷ ᠳᠠᠭᠠᠭᠤᠯᠤᠨ | ᠤᠷᠤᠭᠰᠢᠯᠠᠬᠤ ᠶᠢ ᠲᠣᠪᠣᠶᠢᠯᠭᠠᠨ᠎ᠠ᠃ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ | 2.0 ᠪᠠᠷ ᠴᠢᠬᠤᠯᠠ ᠭᠠᠷᠳᠠᠴᠠ ᠪᠣᠯᠭᠠᠨ᠂ ᠰᠢᠨ᠎ᠡ ᠢᠨᠵᠧᠨᠧᠷᠢᠩ ᠤᠨ ᠬᠢᠴᠢᠶᠡᠯ ᠲᠥᠷᠥᠯ ᠤᠨ ᠪᠠᠶᠢᠭᠤᠯᠤᠯᠲᠠ ᠶᠢ | ᠴᠢᠩᠭᠠᠳᠬᠠᠵᠤ᠂ ᠠᠨᠠᠭᠠᠬᠤ ᠤᠬᠠᠭᠠᠨ᠂ ᠲᠠᠷᠢᠶᠠᠯᠠᠩ ᠣᠢ ᠰᠢᠭᠤᠢ᠂ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠷᠭᠠᠨ ᠬᠥᠮᠥᠵᠢᠯ ᠳᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠲᠤᠰᠬᠠᠢ | ᠮᠡᠷᠭᠡᠵᠢᠯ ᠬᠥᠲᠥᠯᠥᠨ ᠳᠠᠶᠢᠴᠢᠯᠠᠵᠤ ᠪᠠᠶᠢᠭᠤᠯᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠲᠥᠷᠥᠯ | ᠬᠤᠪᠢᠶᠠᠨ ᠵᠢᠯᠣᠭᠤᠳᠬᠤ ᠪᠠ ᠥᠪᠡᠷᠮᠢᠴᠡ ᠣᠨᠴᠠᠯᠢᠭ ᠢᠶᠠᠷ ᠨᠢ ᠬᠥᠭᠵᠢᠭᠦᠯᠬᠦ ᠶᠢ ᠴᠢᠩᠭᠠᠷᠠᠭᠤᠯᠵᠤ᠂ ᠨᠢᠭᠡ ᠪᠦᠯᠦᠭ | ᠲᠡᠷᠢᠭᠦᠨ ᠤ ᠲᠤᠰᠬᠠᠢ ᠮᠡᠷᠭᠡᠵᠢᠯ ᠢ ᠪᠠᠶᠢᠭᠤᠯᠤᠨ᠂ ᠪᠦᠬᠦ ᠲᠠᠯ᠎ᠠ ᠶᠢᠨ ᠴᠢᠨᠠᠷᠲᠠᠢ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠪᠦᠷᠢᠯᠳᠦᠭᠦᠯᠦᠨ᠎ᠡ᠃ | ᠳᠥᠷᠪᠡ ᠳᠤ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠵᠣᠯᠭᠠᠯᠳᠤᠭᠤᠯᠤᠨ ᠵᠣᠬᠢᠴᠠᠭᠤᠯᠬᠤ ᠶᠢ | ᠴᠢᠬᠤᠯᠠᠴᠢᠯᠠᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠭᠡᠷᠡᠴᠢᠯᠡᠯᠲᠡ ᠬᠥᠭᠵᠢᠯᠲᠡ ᠶᠢᠨ ᠦᠢᠯᠡᠳᠦᠯᠭᠡ | ᠳᠤᠮᠳᠠᠬᠢ ᠪᠦᠲᠦᠮᠵᠢᠲᠡᠢ ᠲᠤᠷᠰᠢᠯᠭ᠎ᠠ ᠬᠢᠳᠡᠯ ᠢ ᠬᠢᠨᠠᠮᠠᠭᠠᠢ ᠳ᠋ᠦᠩᠨᠡᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ | ᠠᠯᠬᠤᠮ ᠨᠢᠭᠲᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠦᠨ᠎ᠡ᠃ ︽ᠰᠢᠨ᠎ᠡ | ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠵᠡᠷᠭᠡ ᠪᠢᠴᠢᠭ ᠮᠠᠲ᠋ᠧᠷᠢᠶᠠᠯ ᠬᠢᠭᠡᠳ | ︽ᠡᠷᠡᠯᠬᠡᠭᠯᠡᠨ ᠤᠷᠤᠭᠰᠢᠯᠠᠬᠤ ᠪᠢᠴᠢᠭᠡᠰᠦ︾ ᠶᠢᠨ ᠶᠡᠷᠦᠩᠬᠡᠢ ᠲᠥᠰᠥᠯ᠂ ︽13 · 5︾ ᠶᠢᠨ ᠲᠥᠯᠥᠪᠵᠢᠭᠦᠯᠭᠡ | ᠵᠡᠷᠭᠡ ᠶᠢ ᠣᠷᠭᠠᠨᠢᠭ ᠢᠶᠠᠷ ᠵᠣᠯᠭᠠᠯᠳᠤᠭᠤᠯᠬᠤ ᠶᠢ ᠴᠢᠬᠤᠯᠠᠴᠢᠯᠠᠨ ᠰᠠᠶᠢᠲᠤᠷ ᠬᠢᠵᠦ᠂ ︽ᠬᠤᠶᠠᠷ ᠢ ᠲᠡᠷᠢᠭᠦᠨ | ᠪᠠᠶᠢᠷᠢᠨ ᠳᠤ ᠣᠷᠣᠭᠤᠯᠬᠤ︾ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠵᠡᠷᠭᠡ ᠲᠠᠢ | ᠵᠣᠬᠢᠴᠠᠭᠤᠯᠤᠨ ᠠᠬᠢᠭᠤᠯᠤᠨ᠎ᠠ᠃ | 4. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ | ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢᠨ ᠭᠤᠣᠯ ᠠᠭᠤᠯᠭ᠎ᠠ ᠨᠢ ᠶᠠᠭᠤ | ᠪᠣᠢ︖ | ᠬᠠᠷᠢᠭᠤᠯᠲᠠ᠄ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ | ᠨᠢ 10 ᠲᠠᠯ᠎ᠠ ᠶᠢᠨ 40 ᠵᠦᠢᠯ ᠢ ᠪᠠᠭᠲᠠᠭᠠᠵᠤ᠂ 4 ᠶᠡᠭᠡ ᠬᠡᠰᠡᠭ ᠬᠤᠪᠢᠶᠠᠵᠤ ᠪᠣᠯᠣᠨ᠎ᠠ᠃ ᠨᠢᠭᠡ ᠳᠤ᠂ ᠴᠢᠬᠤᠯᠠ | ᠠᠴᠢ ᠬᠤᠯᠪᠣᠭᠳᠠᠯ ᠪᠠ ᠴᠠᠭ ᠤᠨ ᠪᠠᠶᠢᠳᠠᠯ ᠤᠨ ᠱᠠᠭᠠᠷᠳᠠᠯᠭ᠎ᠠ᠂ ᠡᠨᠡ ᠨᠢ 1᠂ 2 ᠳ᠋ᠤᠭᠠᠷ ᠵᠦᠢᠯ ᠢ ᠪᠠᠭᠲᠠᠭᠠᠵᠤ᠂ | ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠴᠢᠬᠤᠯᠠ ᠠᠴᠢ ᠬᠤᠯᠪᠣᠭᠳᠠᠯ | ᠪᠠ ᠰᠢᠨ᠎ᠡ ᠴᠠᠭ ᠤᠨ ᠪᠠᠶᠢᠳᠠᠯ ᠤᠨ ᠱᠠᠭᠠᠷᠳᠠᠯᠭ᠎ᠠ ᠶᠢ ᠲᠠᠶᠢᠯᠪᠤᠷᠢᠯᠠᠨ ᠥᠭᠦᠯᠡᠪᠡ᠃ ᠬᠤᠶᠠᠷ ᠲᠤ᠂ ᠵᠢᠯᠣᠭᠤᠳᠬᠤ | ᠦᠵᠡᠯ ᠰᠠᠨᠠᠭ᠎ᠠ ᠪᠠ ᠬᠠᠷᠠᠯᠲᠠ ᠵᠠᠷᠴᠢᠮ᠂ ᠡᠨᠡ ᠨᠢ 3᠂ 4᠂ 5 ᠳ᠋ᠤᠭᠠᠷ ᠵᠦᠢᠯ ᠢ ᠪᠠᠭᠲᠠᠭᠠᠵᠤ᠂ ᠥᠨᠳᠥᠷ ᠬᠢᠷᠢ | ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ ᠪᠠᠶᠢᠭᠤᠯᠬᠤ ᠶᠢᠨ ᠵᠢᠯᠣᠭᠤᠳᠬᠤ ᠦᠵᠡᠯ | ᠰᠠᠨᠠᠭ᠎ᠠ ᠶᠢ ᠲᠣᠳᠣᠷᠬᠠᠢ ᠳᠤᠷᠠᠳᠤᠨ᠂ ᠢᠷᠡᠭᠡᠳᠦᠢ ᠶᠢᠨ 5 ᠵᠢᠯ ᠤᠨ ᠱᠠᠲᠤᠴᠢ ᠴᠢᠨᠠᠷᠲᠠᠢ ᠬᠠᠷᠠᠯᠲᠠ ᠪᠠ 2035 | ᠣᠨ ᠬᠦᠷᠬᠦ ᠦᠶ᠎ᠡ ᠶᠢᠨ ᠶᠡᠷᠦᠩᠬᠡᠢ ᠬᠠᠷᠠᠯᠲᠠ ᠶᠢ ᠲᠣᠭᠲᠠᠭᠠᠵᠤ᠂ ᠬᠡᠷᠡᠭᠵᠢᠭᠦᠯᠬᠦ ᠲᠠᠪᠤᠨ ᠵᠦᠢᠯ ᠤᠨ ᠦᠨᠳᠦᠰᠦᠨ | ᠵᠠᠷᠴᠢᠮ ᠢ ᠳᠤᠷᠠᠳᠤᠨ ᠭᠠᠷᠭᠠᠪᠠ᠃ ᠭᠤᠷᠪᠠ ᠳᠤ᠂ ᠭᠤᠣᠯ ᠡᠭᠦᠷᠭᠡ᠂ ᠡᠨᠡ ᠨᠢ 6 ᠠᠴᠠ 35 ᠳ᠋ᠤᠭᠠᠷ ᠵᠦᠢᠯ ᠢ | ᠪᠠᠭᠲᠠᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠤᠨ ᠠᠵᠢᠯ ᠢ ᠥᠨᠳᠥᠷ ᠬᠢᠷᠢ ᠲᠦᠪᠰᠢᠨ ᠪᠦᠬᠦᠢ | ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠪᠦᠬᠦ ᠶᠠᠪᠤᠴᠠ ᠳᠤ ᠨᠡᠶᠢᠳᠡᠮ ᠲᠤᠭᠤᠰᠢᠯᠠᠭᠤᠯᠬᠤ᠂ | ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠳᠠᠯᠳᠠ ᠴᠢᠳᠠᠪᠤᠷᠢ ᠶᠢ ᠬᠥᠭᠵᠢᠭᠡᠬᠦ ᠶᠢᠨ ᠲᠣᠭᠤᠷᠢᠨ ᠳᠤ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠠᠭᠰᠢ ᠨᠠᠷ ᠤᠨ ᠪᠢᠴᠢᠭ ᠵᠢᠭᠠᠵᠤ ᠬᠥᠮᠥᠨ | ᠬᠥᠮᠥᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠲᠡᠷᠢᠭᠦᠨ ᠤ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠬᠤ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ | ᠰᠤᠷᠭᠠᠨ ᠬᠥᠮᠥᠵᠢᠯ ᠵᠢᠭᠠᠨ ᠰᠤᠷᠭᠠᠯᠲᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ | ᠪᠦᠬᠦ ᠶᠠᠪᠤᠴᠠ ᠳᠤ ᠭᠦᠨᠵᠡᠭᠡᠢ ᠠᠭᠤᠰᠤᠯᠴᠠᠭᠰᠠᠨ ᠵᠣᠬᠢᠴᠠᠯᠳᠤᠭᠤᠯᠵᠤ ᠬᠥᠮᠥᠨ ᠢ ᠬᠥᠮᠥᠵᠢᠭᠦᠯᠬᠦ ᠰᠢᠨ᠎ᠡ | ᠲᠣᠭᠲᠠᠴᠠ ᠶᠢ ᠪᠠᠶᠢᠭᠤᠯᠬᠤ᠂ ᠶᠡᠭᠡ ᠰᠤᠷᠭᠠᠭᠤᠯᠢ ᠶᠢᠨ ᠶᠠᠰᠤ ᠴᠢᠨᠠᠷ ᠤᠨ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠳᠣᠯᠣᠭᠠᠨ ᠲᠠᠯ᠎ᠠ ᠠᠴᠠ᠂ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ | ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢᠨ ᠭᠤᠣᠯ ᠡᠭᠦᠷᠭᠡ ᠪᠠ ᠭᠤᠣᠯᠳᠠᠯᠭ᠎ᠠ ᠲᠠᠢ ᠠᠷᠭ᠎ᠠ | ᠬᠡᠮᠵᠢᠶ᠎ᠡ ᠶᠢ ᠲᠤᠰ ᠲᠤᠰ ᠲᠣᠳᠣᠷᠬᠠᠶᠢᠯᠠᠪᠠ᠃ ᠳᠥᠷᠪᠡ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ | ᠴᠢᠩᠭᠠᠳᠬᠠᠬᠤ᠂ ᠡᠨᠡ ᠨᠢ 36 ᠠᠴᠠ 40 ᠳ᠋ᠦ᠋ᠭᠡᠷ ᠵᠦᠢᠯ ᠢ ᠪᠠᠭᠲᠠᠭᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ᠂ ᠰᠠᠯᠠᠭ᠎ᠠ | ᠮᠥᠴᠢᠷ ᠤᠳ ᠤᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ᠂ ᠳᠡᠮᠵᠢᠯᠭᠡ ᠪᠠᠲᠤᠯᠠᠭ᠎ᠠ ᠶᠢ ᠴᠢᠩᠭᠠᠷᠠᠭᠤᠯᠬᠤ᠂ | ᠳ᠋ᠦᠩᠨᠡᠨ ᠤᠬᠠᠭᠤᠯᠬᠤ ᠶᠢ ᠴᠢᠬᠤᠯᠠᠴᠢᠯᠠᠬᠤ ᠵᠡᠷᠭᠡ 5 ᠲᠠᠯ᠎ᠠ ᠠᠴᠠ ᠠᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠵᠠᠢ᠃ | ᠡᠭᠦᠨ ᠤ ᠬᠠᠮᠲᠤ᠂ ᠵᠡᠷᠭᠡ ᠳᠤ ᠨᠢ ᠳᠠᠷᠤᠮᠠᠯᠯᠠᠨ ᠲᠠᠷᠬᠠᠭᠠᠭᠰᠠᠨ ᠢᠨᠵᠧᠨᠧᠷ ᠰᠢᠯᠭᠠᠷᠠᠭᠤᠯᠬᠤ ᠰᠤᠷᠭᠠᠨ | ᠬᠥᠮᠥᠵᠢᠭᠦᠯᠬᠦ ᠲᠥᠯᠥᠪᠯᠡᠭᠡ 2.0 ᠵᠡᠷᠭᠡ ᠪᠢᠴᠢᠭ ᠮᠠᠲ᠋ᠧᠷᠢᠶᠠᠯ ᠪᠣᠯ ᠨᠡᠶᠢᠭᠡᠮ᠂ ᠪᠠᠶᠢᠭᠠᠯᠢ᠂ ᠢᠨᠵᠧᠨᠧᠷᠢᠩ᠂ | ᠲᠠᠷᠢᠶᠠᠯᠠᠩ᠂ ᠡᠮᠨᠡᠯᠭᠡ᠂ ᠰᠤᠷᠭᠠᠨ ᠬᠥᠮᠥᠵᠢᠯ ᠵᠡᠷᠭᠡ ᠬᠦᠷᠢᠶ᠎ᠡ ᠴᠠᠷᠠᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠶᠠᠰᠤ | ᠴᠢᠨᠠᠷ ᠢ ᠳᠡᠭᠡᠭᠰᠢᠯᠡᠭᠦᠯᠬᠦ ᠳᠤ ᠪᠣᠳᠠᠲᠠᠢ ᠲᠣᠬᠢᠷᠠᠭᠤᠯᠤᠯᠲᠠ ᠬᠢᠵᠦ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ | ᠣᠷᠣᠶᠢᠯᠠᠭᠤᠯᠬᠤ︾ ᠲᠥᠯᠥᠪᠯᠡᠭᠡ 2.0 ᠶᠢᠨ ᠶᠡᠷᠦᠩᠬᠡᠢ ᠰᠡᠳᠬᠢᠮᠵᠢ᠂ ᠬᠠᠷᠠᠯᠲᠠ ᠱᠠᠭᠠᠷᠳᠠᠯᠭ᠎ᠠ᠂ | ᠥᠭᠡᠷᠡᠴᠢᠯᠡᠯᠲᠡ ᠶᠢᠨ ᠡᠭᠦᠷᠭᠡ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ︽ᠵᠢᠷᠭᠤᠭ᠎ᠠ ᠶᠢ | ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠨᠢ ᠳᠤᠮᠳᠠᠳᠤ ᠤᠯᠤᠰ ᠤᠨ ᠣᠨᠴᠠᠯᠢᠭ ᠲᠠᠢ᠂ | ᠴᠢᠳᠠᠪᠤᠷᠢᠲᠠᠨ ᠢ ᠰᠢᠯᠭᠠᠷᠠᠭᠤᠯᠤᠨ ᠣᠷᠣᠶᠢᠯᠠᠭᠤᠯᠵᠤ ᠬᠥᠮᠥᠵᠢᠭᠦᠯᠬᠦ ᠳᠡᠯᠡᠬᠡᠢ ᠶᠢᠨ ᠲᠡᠷᠢᠭᠦᠨ ᠤ ᠰᠢᠰᠲ᠋ᠧᠮᠵᠢ ᠶᠢ | ᠪᠠᠶᠢᠭᠤᠯᠤᠨ᠂ ᠴᠢᠳᠠᠪᠤᠷᠢᠲᠠᠨ ᠢ ᠰᠢᠯᠭᠠᠷᠠᠭᠤᠯᠤᠨ ᠣᠷᠣᠶᠢᠯᠠᠭᠤᠯᠵᠤ ᠬᠥᠮᠥᠵᠢᠭᠦᠯᠬᠦ ᠰᠢᠷᠢᠰ ᠲᠥᠯᠥᠪᠯᠡᠭᠡ 1.0 ᠶᠢᠨ | ᠰᠠᠭᠤᠷᠢᠨ ᠳᠡᠭᠡᠷ᠎ᠡ᠂ ᠬᠡᠪᠴᠢᠶ᠎ᠡ ᠶᠢ ᠨᠢ ᠥᠷᠭᠡᠳᠬᠡᠬᠦ᠂ ᠬᠡᠮᠵᠢᠶ᠎ᠡ ᠶᠢ ᠨᠢ ᠨᠡᠮᠡᠭᠳᠡᠭᠦᠯᠬᠦ᠂ ᠶᠠᠰᠤ ᠴᠢᠨᠠᠷ ᠢ ᠨᠢ | ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠡᠯ᠎ᠡ ᠲᠥᠯᠥᠪᠯᠡᠭᠡ ᠶᠢᠨ ᠬᠡᠷᠡᠭᠵᠢᠭᠦᠯᠬᠦ ᠬᠡᠪᠴᠢᠶ᠎ᠡ ᠶᠢ | ᠥᠷᠭᠡᠳᠬᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶᠡᠨ ᠤ ᠡᠷᠴᠢᠮ ᠢ ᠴᠢᠩᠭᠠᠷᠠᠭᠤᠯᠵᠤ᠂ | ᠥᠭᠡᠷᠡᠴᠢᠯᠡᠯᠲᠡ ᠬᠥᠭᠵᠢᠯᠲᠡ ᠶᠢᠨ ᠶᠠᠰᠤ ᠴᠢᠨᠠᠷ ᠪᠠ ᠠᠭᠤᠯᠤᠭᠳᠠᠬᠤᠨ ᠢ ᠳᠡᠭᠡᠭᠰᠢᠯᠡᠭᠦᠯᠦᠨ᠂ ᠴᠢᠳᠠᠪᠤᠷᠢᠲᠠᠨ ᠢ | ᠬᠥᠮᠥᠵᠢᠭᠦᠯᠬᠦ ᠨᠢᠭᠡᠨ ᠲᠥᠬᠦᠷ ᠳᠤᠮᠳᠠᠳᠤ ᠤᠯᠤᠰ ᠤᠨ ᠵᠠᠭᠪᠤᠷ᠂ ᠳᠤᠮᠳᠠᠳᠤ ᠤᠯᠤᠰ ᠤᠨ ᠲᠥᠰᠥᠯ ᠪᠠ ᠳᠤᠮᠳᠠᠳᠤ | ᠤᠯᠤᠰ ᠤᠨ ᠪᠠᠷᠢᠮᠵᠢᠶ᠎ᠠ ᠶᠢ ᠰᠦᠪᠡᠭᠴᠢᠯᠡᠨ ᠭᠠᠷᠭᠠᠪᠠ᠃ | 5. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ | ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0 ᠶᠢ ᠨᠠᠶᠢᠳᠠᠪᠤᠷᠢᠵᠢᠭᠤᠯᠬᠤ ᠭᠤᠣᠯ | ᠠᠷᠭ᠎ᠠ ᠬᠡᠮᠵᠢᠶ᠎ᠡ ᠨᠢ ᠶᠠᠭᠤ ᠪᠣᠢ︖ | ᠬᠠᠷᠢᠭᠤᠯᠲᠠ᠄ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ | ᠨᠢ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠳᠤ ᠴᠢᠭᠯᠡᠭᠦᠯᠦᠨ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ | ᠣᠷᠣᠶᠢᠯᠠᠭᠤᠯᠬᠤ︾ ᠲᠥᠯᠥᠪᠯᠡᠭᠡ 2.0 ᠶᠢ ᠬᠡᠷᠡᠭᠵᠢᠭᠦᠯᠬᠦ ᠪᠠᠷ ᠬᠥᠲᠥᠴᠢ ᠪᠣᠯᠭᠠᠵᠤ᠂ ᠰᠢᠨ᠎ᠡ ᠶᠢ ᠡᠭᠦᠳᠬᠦ ᠰᠢᠷᠢᠰ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠥᠭᠡᠷᠡᠴᠢᠯᠡᠯᠲᠡ ᠶᠢᠨ ︽ᠬᠠᠮ ᠠᠷᠭ᠎ᠠ ᠪᠣᠳᠣᠯᠭ᠎ᠠ︾ ᠶᠢ | ᠬᠡᠷᠡᠭᠵᠢᠭᠦᠯᠵᠦ᠂ ᠲᠡᠷᠡ ᠨᠢ ᠭᠤᠣᠯᠳᠠᠯᠭ᠎ᠠ ᠲᠠᠢ ᠪᠠᠷ ᠳᠣᠣᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠡ ᠶᠢ | ᠪᠠᠭᠲᠠᠭᠠᠪᠠ᠄ | ᠨᠢᠭᠡ ᠳᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠢᠴᠢᠶᠡᠯ ᠪᠠ ᠲᠤᠰᠬᠠᠢ ᠮᠡᠷᠭᠡᠵᠢᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠪᠠᠭᠰᠢ ᠨᠢᠭᠡᠪᠦᠷᠢ ᠶᠢᠨ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠦᠵᠡᠯ ᠤᠬᠠᠮᠰᠠᠷ ᠢ | ᠴᠢᠩᠭᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠢ ᠬᠢᠴᠢᠶᠡᠯ ᠨᠢᠭᠡᠪᠦᠷᠢ ᠳᠤ | ᠣᠷᠭᠠᠨᠢᠭ ᠢᠶᠠᠷ ᠠᠭᠤᠰᠤᠯᠴᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠤᠨ ᠦᠷ᠎ᠡ | ᠪᠦᠲᠦᠮᠵᠢ ᠪᠠᠷ ᠢᠯᠡᠷᠬᠡᠢ ᠨᠢᠭᠡ ᠪᠦᠯᠦᠭ ᠣᠬᠢ ᠰᠢᠯᠢᠳᠡᠭ ᠲᠤᠰᠬᠠᠢ ᠮᠡᠷᠭᠡᠵᠢᠯ ᠤᠨ ᠬᠢᠴᠢᠶᠡᠯ ᠢ ᠪᠠᠶᠢᠭᠤᠯᠤᠨ᠂ | ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠢᠶᠠᠷ ᠵᠢᠱᠢᠶ᠎ᠡ ᠦᠵᠡᠭᠦᠯᠬᠦ ᠨᠢᠭᠡ ᠪᠦᠯᠦᠭ | ᠬᠢᠴᠢᠶᠡᠯᠯᠡᠭᠡ ᠶᠢ ᠡᠭᠦᠳᠴᠦ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠤᠨ ᠨᠢᠭᠡ | ᠪᠦᠯᠦᠭ ᠰᠢᠯᠢᠳᠡᠭ ᠪᠠᠭᠰᠢ ᠶᠢ ᠰᠣᠩᠭᠤᠨ ᠬᠥᠮᠥᠵᠢᠭᠦᠯᠵᠦ᠂ ᠲᠤᠰᠬᠠᠢ ᠮᠡᠷᠭᠡᠵᠢᠯ ᠤᠨ ᠬᠢᠴᠢᠶᠡᠯ ᠤᠨ ᠵᠢᠭᠠᠨ | ᠰᠤᠷᠭᠠᠯᠲᠠ ᠬᠢᠭᠡᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠨᠢᠭᠲᠠ | ᠤᠶᠠᠯᠳᠤᠭᠤᠯᠤᠭᠰᠠᠨ᠂ ᠠᠳᠠᠯᠢ ᠴᠢᠭᠯᠡᠯ ᠲᠠᠢ ᠠᠳᠠᠯᠢ ᠠᠵᠢᠯ ᠲᠥᠷᠥᠯ ᠤᠨ ᠬᠥᠮᠥᠨ ᠢ ᠬᠥᠮᠥᠵᠢᠭᠦᠯᠬᠦ | ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠶᠢ ᠠᠬᠢᠭᠤᠯᠤᠨ᠎ᠠ᠃ | ᠬᠤᠶᠠᠷ ᠲᠤ᠂ ᠰᠤᠷᠤᠭᠴᠢᠳ ᠤᠨ ᠰᠢᠷᠭᠠᠭᠤ ᠬᠠᠲᠠᠭᠤᠵᠢᠯᠲᠠᠢ ᠰᠤᠷᠤᠯᠴᠠᠬᠤ ᠶᠢ ᠠᠬᠢᠭᠤᠯᠤᠨ᠎ᠠ᠃ | ᠰᠤᠷᠤᠯᠭ᠎ᠠ ᠶᠢᠨ ᠬᠤᠪᠢ ᠶᠢᠨ ᠳᠦᠷᠢᠮ ᠢ ᠲᠡᠭᠦᠯᠳᠡᠷᠵᠢᠭᠦᠯᠦᠨ᠂ ᠢᠷᠠᠭᠤ ᠠᠯᠳᠠᠷ ᠤᠨ ᠡᠷᠳᠡᠮ ᠤᠨ ᠴᠣᠯᠠ ᠶᠢ | ᠰᠦᠪᠡᠭᠴᠢᠯᠡᠨ ᠬᠡᠷᠡᠭᠵᠢᠭᠦᠯᠵᠦ᠂ ᠬᠠᠪᠰᠤᠷᠤᠨ ᠰᠤᠷᠬᠤ ᠲᠤᠰᠬᠠᠢ ᠮᠡᠷᠭᠡᠵᠢᠯ ᠤᠨ ᠳᠦᠷᠢᠮ ᠤᠨ ᠥᠭᠡᠷᠡᠴᠢᠯᠡᠯᠲᠡ ᠶᠢ | ᠠᠬᠢᠭᠤᠯᠵᠤ᠂ ᠰᠤᠷᠤᠯᠴᠠᠬᠤ ᠶᠠᠪᠤᠴᠠ ᠳᠠᠬᠢ ᠬᠠᠮᠢᠶᠠᠷᠤᠯᠲᠠ ᠶᠢ ᠴᠢᠩᠭᠠᠳᠬᠠᠨ᠂ ᠶᠠᠪᠤᠴᠠ ᠶᠢᠨ ᠰᠢᠯᠭᠠᠨ ᠬᠢᠨᠠᠯᠲᠠ ᠶᠢ | ᠴᠢᠩᠭᠠᠷᠠᠭᠤᠯᠵᠤ᠂ ᠰᠢᠯᠭᠠᠯᠲᠠ ᠶᠢᠨ ᠬᠡᠯᠪᠡᠷᠢ ᠳᠤ ᠥᠭᠡᠷᠡᠴᠢᠯᠡᠯᠲᠡ ᠬᠢᠵᠦ᠂ ᠨᠥᠬᠦᠴᠡᠯ ᠳᠤ ᠨᠡᠶᠢᠴᠡᠭᠰᠡᠨ | ᠰᠤᠷᠤᠭᠴᠢᠳ ᠤᠨ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠬᠤ ᠴᠢᠳᠠᠪᠤᠷᠢ ᠶᠢ ᠨᠢ ᠴᠢᠩᠭᠠᠷᠠᠭᠤᠯᠤᠨ᠎ᠠ᠃ | ᠭᠤᠷᠪᠠ ᠳᠤ᠂ ᠪᠠᠭᠰᠢ ᠨᠠᠷ ᠤᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠ ᠪᠢᠴᠢᠭ ᠵᠢᠭᠠᠵᠤ ᠬᠥᠮᠥᠨ ᠬᠥᠮᠥᠵᠢᠭᠦᠯᠬᠦ | ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢᠶᠠᠷ ᠪᠠᠭᠰᠢ | ᠨᠠᠷ ᠤᠨ ᠬᠡᠪ ᠴᠢᠨᠠᠷ ᠲᠤ ᠦᠨᠡᠯᠡᠯᠲᠡ ᠬᠢᠬᠦ ᠬᠠᠮᠤᠭ ᠤᠨ ᠲᠦᠷᠦᠭᠦᠨ ᠤ ᠪᠠᠷᠢᠮᠵᠢᠶ᠎ᠠ ᠪᠣᠯᠭᠠᠬᠤ ᠶᠢ ᠲᠣᠳᠣᠷᠬᠠᠶᠢᠯᠠᠨ᠂ | ᠪᠠᠭᠰᠢ ᠶᠢᠨ ᠮᠣᠷᠠᠯ ᠢ ᠰᠢᠯᠭᠠᠨ ᠬᠢᠨᠠᠬᠤ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤᠨ ᠤ ᠳᠦᠷᠢᠮ ᠢ | ᠬᠡᠷᠡᠭᠵᠢᠭᠦᠯᠵᠦ᠂ ᠪᠠᠭᠰᠢ ᠶᠢᠨ ᠬᠤᠪᠢ ᠬᠥᠮᠥᠨ ᠤ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠤᠨ᠂ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢ ᠬᠥᠭᠵᠢᠭᠦᠯᠬᠦ ᠲᠥᠪ ᠤᠨ ᠪᠠᠶᠢᠭᠤᠯᠤᠯᠲᠠ ᠶᠢ | ᠴᠢᠩᠭᠠᠳᠬᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠪᠠᠭᠰᠢ ᠶᠢᠨ ᠲᠤᠰᠬᠠᠢ ᠮᠡᠷᠭᠡᠵᠢᠯ ᠤᠨ | ᠲᠤᠰᠢᠶᠠᠯ ᠢ ᠳᠡᠪᠰᠢᠭᠦᠯᠬᠦ ᠶᠠᠪᠤᠴᠠ ᠳᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠢ ᠰᠢᠯᠭᠠᠨ ᠦᠨᠡᠯᠡᠬᠦ | ᠨᠢᠭᠡ ᠪᠢᠯᠧᠲ ᠢᠶᠠᠷ ᠦᠭᠡᠶᠢᠰᠬᠡᠬᠦ ᠳᠦᠷᠢᠮ ᠢ ᠴᠢᠬᠤᠯᠠᠴᠢᠯᠠᠨ ᠬᠡᠷᠡᠭᠵᠢᠭᠦᠯᠦᠨ᠎ᠡ᠃ | ᠳᠥᠷᠪᠡ ᠳᠤ᠂ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠡᠭᠦᠳᠦᠨ ᠪᠠᠶᠢᠭᠤᠯᠤᠨ᠎ᠠ᠃ | ᠢᠷᠡᠭᠡᠳᠦᠢ ᠳᠤ ᠬᠠᠨᠳᠤᠭᠤᠯᠤᠭᠰᠠᠨ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠬᠥᠭᠵᠢᠯᠲᠡ ᠶᠢ ᠬᠥᠲᠥᠯᠥᠨ | ᠳᠠᠭᠠᠭᠤᠯᠤᠭᠰᠠᠨ᠂ ᠣᠨᠣᠯᠵᠢᠬᠤᠨ ᠨᠢ ᠲᠡᠷᠢᠭᠦᠨ ᠤ᠂ ᠪᠠᠲᠤᠯᠠᠭ᠎ᠠ ᠨᠢ ᠬᠦᠴᠦᠨ ᠲᠠᠢ ᠲᠡᠷᠢᠭᠦᠨ ᠤ ᠲᠤᠰᠬᠠᠢ | ᠮᠡᠷᠭᠡᠵᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠳᠡᠰ ᠤᠨ 1 ᠲᠦᠮᠡᠨ ᠲᠡᠷᠢᠭᠦᠨ ᠤ ᠲᠤᠰᠬᠠᠢ | ᠮᠡᠷᠭᠡᠵᠢᠯ ᠤᠨ ᠴᠡᠭ ᠪᠠ ᠮᠤᠵᠢ ᠶᠢᠨ ᠳᠡᠰ ᠤᠨ 1 ᠲᠦᠮᠡᠨ ᠲᠡᠷᠢᠭᠦᠨ ᠤ ᠲᠤᠰᠬᠠᠢ ᠮᠡᠷᠭᠡᠵᠢᠯ ᠤᠨ ᠴᠡᠭ ᠢ | ᠪᠠᠶᠢᠭᠤᠯᠬᠤ ᠪᠠᠷ ᠳᠤᠷᠠᠳᠤᠨ᠎ᠠ᠃ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠶᠡᠭᠡ ᠳᠡᠭᠡᠳᠦ | ᠰᠤᠷᠭᠠᠭᠤᠯᠢ ᠳᠤ ᠤᠷᠢᠳ ᠢᠶᠠᠷ ᠲᠡᠷᠢᠭᠦᠨ ᠤ ᠲᠤᠰᠬᠠᠢ ᠮᠡᠷᠭᠡᠵᠢᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠨ᠎ᠠ᠃ | ᠨᠡᠶᠢᠯᠡᠮᠡᠯ ᠴᠠᠬᠢᠯᠭᠠᠨ ᠵᠠᠮ᠂ ᠵᠣᠬᠢᠶᠠᠮᠠᠯ ᠣᠶᠤᠨᠴᠢ᠂ ᠨᠠᠰᠤᠵᠢᠯ ᠤᠨ ᠠᠰᠠᠷᠠᠮᠵᠢ᠂ ᠬᠡᠦᠬᠡᠳ ᠤᠨ ᠰᠠᠯᠠᠭ᠎ᠠ ᠵᠡᠷᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠪᠠ ᠠᠷᠠᠳ ᠤᠨ | ᠠᠮᠢᠳᠤᠷᠠᠯ ᠳᠤ ᠪᠠᠴᠢᠮ ᠱᠠᠭᠠᠷᠳᠠᠬᠤ ᠬᠠᠮᠢᠶ᠎ᠠ ᠪᠦᠬᠦᠢ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ | ᠰᠠᠨᠠᠭᠠᠴᠢᠯᠠᠭ᠎ᠠ ᠠᠴᠠ ᠪᠠᠨ ᠪᠠᠶᠢᠷᠢᠰᠢᠭᠤᠯᠬᠤ ᠪᠠᠷ ᠳᠤᠷᠠᠳᠤᠨ ᠭᠠᠷᠭᠠᠨ᠎ᠠ᠃ | ᠲᠠᠪᠤ ᠳᠤ᠂ ᠰᠦᠯᠵᠢᠶᠡᠨ ᠬᠢᠴᠢᠶᠡᠯᠯᠡᠭᠡ ᠶᠢ ᠪᠠᠶᠢᠭᠤᠯᠬᠤ᠂ ᠬᠡᠷᠡᠭᠯᠡᠬᠦ᠂ ᠰᠤᠷᠬᠤ᠂ ᠬᠠᠮᠢᠶᠠᠷᠬᠤ ᠶᠢ | ᠠᠬᠢᠭᠤᠯᠤᠨ᠎ᠠ᠃ ᠳᠤᠮᠳᠠᠳᠤ ᠤᠯᠤᠰ ᠤᠨ ᠥᠨᠳᠥᠷ ᠬᠢᠷᠢ ᠲᠦᠪᠰᠢᠨ ᠪᠦᠬᠦᠢ ᠰᠦᠯᠵᠢᠶᠡᠨ ᠬᠢᠴᠢᠶᠡᠯᠯᠡᠭᠡ ᠶᠢ | ᠪᠠᠶᠢᠭᠤᠯᠬᠤ ᠶᠢᠨ ᠲᠣᠭᠤᠷᠢᠨ ᠳᠤ᠂ ᠤᠯᠤᠰ ᠤᠨ ᠳᠡᠰ ᠤᠨ 1 ᠲᠦᠮᠡᠨ ᠲᠥᠷᠥᠯ ᠪᠠ ᠮᠤᠵᠢ ᠶᠢᠨ ᠳᠡᠰ ᠤᠨ 1 | ᠲᠦᠮᠡᠨ ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠬᠢ ᠰᠢᠯᠢᠳᠡᠭ ᠬᠢᠴᠢᠶᠡᠯ ᠢ | ᠪᠠᠶᠢᠭᠤᠯᠬᠤ ᠪᠠᠷ ᠳᠤᠷᠠᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠤᠬᠢ ᠰᠦᠯᠵᠢᠶᠡᠨ ᠬᠢᠴᠢᠶᠡᠯᠯᠡᠭᠡ ᠶᠢᠨ | ᠰᠤᠷᠤᠯᠭ᠎ᠠ ᠶᠢᠨ ᠬᠤᠪᠢ ᠶᠢ ᠨᠤᠲᠠᠯᠠᠨ ᠲᠣᠭᠲᠠᠭᠠᠬᠤ ᠳᠦᠷᠢᠮ ᠢ ᠠᠬᠢᠭᠤᠯᠵᠤ᠂ ᠴᠢᠨᠠᠷ ᠰᠢᠯᠢᠳᠡᠭ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠬᠥᠲᠥᠯᠥᠨ ᠣᠷᠣᠭᠤᠯᠵᠤ᠂ | ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠭᠠᠨ | ᠬᠥᠮᠥᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠎ᠠ᠃ | ᠵᠢᠷᠭᠤᠭ᠎ᠠ ᠳᠤ᠂ ᠵᠣᠬᠢᠴᠠᠭᠤᠯᠤᠨ ᠬᠥᠮᠥᠨ ᠢ ᠬᠥᠮᠥᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠦᠨ᠎ᠡ᠃ | ᠣᠨᠣᠯ ᠤᠨ ᠵᠢᠭᠠᠨ ᠰᠤᠷᠭᠠᠯᠲᠠ ᠬᠢᠭᠡᠳ ᠦᠢᠯᠡᠳᠦᠯᠭᠡ ᠶᠢᠨ ᠵᠢᠭᠠᠨ ᠰᠤᠷᠭᠠᠯᠲᠠ ᠶᠢ ᠬᠠᠷᠢᠯᠴᠠᠨ ᠤᠶᠠᠯᠳᠤᠭᠤᠯᠬᠤ ᠶᠢ | ᠴᠢᠩᠭᠠᠳᠬᠠᠨ᠂ ᠵᠣᠬᠢᠴᠠᠭᠤᠯᠤᠨ ᠬᠥᠮᠥᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠳᠦᠯᠭᠡ ᠶᠢᠨ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠥᠵᠢᠯ ᠢ | ᠵᠣᠬᠢᠴᠠᠭᠤᠯᠬᠤ ᠶᠢ ᠴᠢᠩᠭᠠᠷᠠᠭᠤᠯᠤᠨ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠢᠨᠵᠧᠨᠧᠷᠢᠩ ᠤᠨ ᠰᠢᠨᠵᠢᠯᠡᠬᠦ ᠤᠬᠠᠭᠠᠨ ᠤ ᠪᠠᠭᠰᠢ ᠬᠢᠭᠡᠳ ᠠᠵᠢᠯ ᠲᠥᠷᠥᠯ ᠤᠨ ᠴᠢᠳᠠᠪᠤᠷᠢᠲᠠᠨ ᠤ ᠬᠤᠣᠰ | ᠴᠢᠭᠯᠡᠯ ᠢᠶᠠᠷ ᠰᠣᠯᠢᠯᠴᠠᠬᠤ ︽ᠠᠷᠪᠠᠨ ᠲᠦᠮᠡᠨ ᠲᠥᠯᠥᠪᠯᠡᠭᠡ︾ ᠶᠢ ᠬᠡᠷᠡᠭᠵᠢᠭᠦᠯᠵᠦ᠂ ︽ᠲᠠᠷᠢᠶᠠᠯᠠᠩ ᠤᠨ ᠰᠢᠨᠵᠢᠯᠡᠬᠦ | ᠤᠬᠠᠭᠠᠨ ᠤ ᠵᠢᠭᠠᠨ ᠰᠤᠷᠭᠠᠯᠲᠠ ᠶᠢᠨ ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ︾ ᠢ | 400 ᠣᠷᠴᠢᠮ ᠪᠠᠶᠢᠭᠤᠯᠤᠨ᠂ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠪᠠ ᠬᠠᠷᠢᠶᠠᠲᠤ ᠡᠮᠨᠡᠯᠭᠡ ᠶᠢᠨ | ᠬᠤᠷᠢᠶ᠎ᠠ ᠶᠢ ᠶᠠᠮᠤᠨ ᠵᠥᠪᠯᠡᠯ ᠮᠤᠵᠢ ᠠᠴᠠ ᠬᠠᠮᠲᠤᠷᠠᠨ ᠪᠠᠶᠢᠭᠤᠯᠵᠤ᠂ ᠶᠠᠮᠤᠨ ᠰᠤᠷᠭᠠᠭᠤᠯᠢ ᠠᠴᠠ ᠵᠠᠭᠤᠨ ᠰᠠᠭᠤᠷᠢ | ᠰᠣᠨᠢᠨ ᠮᠡᠳᠡᠭᠡᠨ ᠤ ᠳᠡᠭᠡᠳᠦ ᠰᠤᠷᠭᠠᠭᠤᠯᠢ ᠶᠢ ᠬᠠᠮᠲᠤᠷᠠᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠠᠤᠯᠢ ᠶᠢᠨ | ᠤᠬᠠᠭᠠᠨ ᠤ ᠶᠡᠭᠡ ᠳᠡᠭᠡᠳᠦ ᠰᠤᠷᠭᠠᠭᠤᠯᠢ ᠪᠠ ᠬᠠᠤᠯᠢ ᠪᠠᠷ ᠵᠠᠰᠠᠬᠤ ᠪᠣᠳᠠᠲᠤ ᠶᠠᠪᠤᠳᠠᠯ ᠤᠨ ᠰᠠᠯᠠᠭ᠎ᠠ ᠮᠥᠴᠢᠷ ᠤᠨ | ᠬᠤᠭᠤᠷᠣᠨᠳᠤ ᠪᠠᠨ ᠬᠤᠣᠰ ᠴᠢᠭᠯᠡᠯ ᠢᠶᠠᠷ ᠰᠣᠯᠢᠯᠴᠠᠬᠤ ᠲᠣᠭᠲᠠᠴᠠ ᠵᠡᠷᠭᠡ ᠶᠢ ᠲᠡᠭᠦᠯᠳᠡᠷᠵᠢᠭᠦᠯᠦᠨ᠎ᠡ᠃ | ᠳᠣᠯᠤᠭ᠎ᠠ ᠳᠤ᠂ ᠶᠠᠰᠤ ᠴᠢᠨᠠᠷ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠲᠠᠨ ᠢ | ᠬᠥᠮᠥᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠢᠶᠠᠷ ᠲᠡᠷᠢᠭᠦᠨ ᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ | ᠲᠡᠷᠢᠭᠦᠨ ᠴᠢᠬᠤᠯᠠ ᠭᠦᠢᠴᠡᠳᠬᠡᠯ ᠲᠤᠭ᠎ᠠ ᠪᠣᠯᠭᠠᠬᠤ ᠶᠢ ᠴᠢᠬᠤᠯᠠᠴᠢᠯᠠᠨ᠂ ᠵᠢᠩᠬᠢᠨᠢ ᠠᠩᠭᠢ ᠶᠢᠨ ᠲᠤᠰᠬᠠᠢ | ᠮᠡᠷᠭᠡᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠪᠠᠷ | ᠳᠤᠷᠠᠳᠴᠤ᠂ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠨᠠᠨ ᠬᠠᠷᠭᠤᠭᠤᠯᠵᠤ ᠦᠨᠡᠯᠡᠨ ᠵᠢᠱᠢᠬᠦ | ᠪᠠ ᠬᠢᠷᠢ ᠲᠡᠩᠴᠡᠭᠰᠡᠨ ᠢ ᠦᠨᠡᠯᠡᠨ ᠵᠢᠱᠢᠬᠦ ᠶᠢ ᠵᠢᠷᠤᠮᠵᠢᠭᠤᠯᠵᠤ᠂ ᠬᠢᠷᠢ ᠲᠡᠩᠴᠡᠬᠦ ᠶᠢ ᠪᠠᠲᠤᠯᠠᠬᠤ᠂ ᠬᠢᠷᠢ | ᠲᠦᠪᠰᠢᠨ ᠳᠤ ᠭᠠᠷᠭᠠᠬᠤ᠂ ᠰᠢᠯᠭᠠᠷᠠᠭᠤᠯᠬᠤ ᠪᠠᠷ ᠲᠡᠮᠡᠴᠡᠬᠦ ᠭᠤᠷᠪᠠᠨ ᠳᠡᠰ ᠤᠨ ᠲᠤᠰᠬᠠᠢ ᠮᠡᠷᠭᠡᠵᠢᠯ ᠤᠨ | ᠨᠤᠲᠠᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠦᠨ᠎ᠡ᠃ | ᠨᠠᠢᠮᠠ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠨᠠᠮ ᠤᠨ ᠤᠳᠤᠷᠢᠳᠤᠯᠭ᠎ᠠ ᠶᠢ | ᠦᠨᠡᠨ ᠬᠦ ᠴᠢᠩᠭᠠᠳᠬᠠᠨ᠂ ᠥᠨᠳᠥᠷ ᠬᠢᠷᠢ ᠲᠦᠪᠰᠢᠨ ᠪᠦᠬᠦᠢ ᠰᠤᠷᠭᠠᠨ ᠬᠥᠮᠥᠵᠢᠯ ᠤᠨ ᠠᠵᠢᠯ ᠳᠠᠬᠢ ᠣᠷᠣᠨ | ᠨᠤᠲᠤᠭ ᠤᠨ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠪᠠ ᠶᠡᠭᠡ ᠳᠡᠭᠡᠳᠦ ᠰᠤᠷᠭᠠᠭᠤᠯᠢ ᠶᠢᠨ ᠨᠠᠮ ᠤᠨ | ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠳᠤᠷᠢᠳᠤᠯᠭ᠎ᠠ ᠶᠢ ᠴᠢᠩᠭᠠᠳᠬᠠᠵᠤ᠂ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠷᠠᠭᠤᠯᠤᠨ᠂ ᠪᠠᠲᠤᠯᠠᠭ᠎ᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ |