ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ | ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ ᠵᠢᠷᠤᠮᠵᠢᠯ ᠲᠠᠢ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠡᠳ᠋ ᠬᠥᠷᠥᠩᠭᠡ ᠤᠨ ᠬᠠᠮᠢᠶᠠᠷᠤᠯᠲᠠ ᠶᠢᠨ ᠨᠡᠷᠡᠳᠬᠦᠨ ᠤ ᠬᠢᠨᠠᠨ ᠬᠠᠮᠢᠶᠠᠷᠬᠤ | ᠪᠠᠷᠢᠮᠵᠢᠶ᠎ᠠ ᠶᠢ ᠨᠢᠭᠡᠳᠦᠭᠦᠯᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠬᠦ ᠶᠢᠨ ᠲᠥᠯᠥᠭᠡ᠂ 2018 ᠣᠨ ᠤ 10 ᠳ᠋ᠤᠭᠠᠷ ᠰᠠᠷ᠎ᠠ ᠶᠢᠨ 22 ᠤᠨ ᠡᠳᠦᠷ᠂ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ︽ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ | ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ | ᠬᠠᠮᠢᠶᠠᠷᠤᠯᠲᠠ ᠶᠢᠨ ᠠᠷᠭ᠎ᠠ︾ ᠪᠠ ︽ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ | ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠥᠯᠥᠪᠯᠡᠭᠡ ᠶᠢᠨ | ᠠᠵᠢᠯᠯᠠᠭᠤᠯᠤᠨ ᠬᠠᠮᠢᠶᠠᠷᠬᠤ ᠲᠣᠭᠲᠠᠭᠠᠯ︾ ︵ᠳᠣᠷᠣᠭᠰᠢ ᠬᠠᠮᠲᠤᠷᠠᠭᠤᠯᠤᠭᠠᠳ ︽ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠨ ᠬᠡᠷᠡᠭᠵᠢᠭᠦᠯᠪᠡ᠃ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠢᠶ᠎ᠠ | ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | ᠨᠢᠭᠡ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠢᠯᠡ ᠪᠠᠷ | ᠰᠠᠨᠠᠯ ᠬᠤᠷᠢᠶᠠᠭᠰᠠᠨ ᠵᠢᠴᠢ ᠵᠠᠰᠠᠪᠤᠷᠢ ᠣᠷᠣᠭᠤᠯᠤᠭᠰᠠᠨ ᠪᠠᠶᠢᠳᠠᠯ ᠨᠢ ᠶᠠᠮᠠᠷ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ 2018 ᠣᠨ ᠤ 7 | ᠳ᠋ᠤᠭᠠᠷ ᠰᠠᠷ᠎ᠠ ᠶᠢᠨ 20 ᠤ ᠡᠳᠦᠷ ᠠᠴᠠ 8 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ ᠨᠡᠶᠢᠭᠡᠮ ᠠᠴᠠ ᠢᠯᠡ ᠪᠠᠷ | ᠰᠠᠨᠠᠯ ᠬᠤᠷᠢᠶᠠᠪᠠ᠃ ᠰᠠᠨᠠᠯ ᠬᠤᠷᠢᠶᠠᠬᠤ ᠶᠠᠪᠤᠴᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ᠂ ᠲᠤᠰᠬᠠᠢ ᠮᠡᠷᠭᠡᠵᠢᠯᠲᠡᠳ ᠡᠷᠳᠡᠮᠲᠡᠳ ᠪᠠ | ᠨᠡᠶᠢᠭᠡᠮ ᠤᠨ ᠲᠦᠮᠡᠨ ᠣᠯᠠᠨ ᠢᠶᠠᠷ ᠢᠶᠠᠨ ᠥᠷᠭᠡᠨ ᠳᠡᠯᠭᠡᠷ ᠢᠶᠠᠷ ᠠᠩᠬᠠᠷᠤᠯ ᠢᠶᠠᠨ ᠬᠠᠨᠳᠤᠭᠤᠯᠪᠠ᠃ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤ ᠲᠤᠰᠬᠠᠭᠰᠠᠨ ᠰᠠᠨᠠᠯ ᠳᠤ ᠵᠤᠷᠪᠤᠰ ᠳᠠᠷᠠᠭᠠᠯᠠᠨ ᠬᠢᠨᠠᠮᠠᠭᠠᠢ | ᠰᠤᠳᠤᠯᠤᠯᠲᠠ ᠬᠢᠵᠦ᠂ ᠵᠦᠢ ᠵᠣᠬᠢᠰᠲᠠᠢ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠵᠣᠩᠬᠢᠯᠠᠬᠤ ᠣᠯᠠᠨ | ᠲᠣᠭᠠᠨ ᠤ ᠰᠠᠨᠠᠯ ᠢ ᠨᠢ ᠨᠢᠭᠡᠨᠲᠡ ᠬᠡᠷᠡᠭᠯᠡᠭᠰᠡᠨ ᠤ ᠬᠠᠮᠲᠤ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ | ᠳᠦᠷᠢᠮ︾ ᠳᠤ ᠲᠣᠬᠢᠷᠠᠮᠵᠢᠲᠠᠢ ᠵᠠᠰᠠᠯᠲᠠ ᠣᠷᠣᠭᠤᠯᠤᠨ ᠲᠡᠭᠦᠯᠳᠡᠷᠵᠢᠭᠦᠯᠪᠡ᠃ ᠭᠤᠣᠯ ᠵᠠᠰᠠᠪᠤᠷᠢ ᠣᠷᠣᠭᠤᠯᠤᠭᠰᠠᠨ | ᠠᠭᠤᠯᠭ᠎ᠠ ᠳᠤ ᠳᠣᠣᠷᠠᠬᠢ ᠬᠡᠳᠦᠨ ᠲᠠᠯ᠎ᠠ ᠶᠢ ᠪᠠᠭᠲᠠᠭᠠᠵᠤ ᠪᠠᠶᠢᠨ᠎ᠠ᠃ | ᠨᠢᠭᠡ ᠳᠤ᠂ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ | ᠥᠷᠨᠢᠭᠦᠯᠬᠦ ᠨᠥᠬᠦᠴᠡᠯ ᠢ ᠵᠦᠢ ᠵᠣᠬᠢᠰᠲᠠᠢ ᠪᠠᠷ ᠠᠭᠤᠵᠢᠭᠤ ᠲᠠᠯᠪᠢᠵᠤ᠂ ᠲᠡᠷᠡ ᠨᠢ ᠪᠡᠯᠡ ᠣᠷᠣᠭᠤᠯᠤᠯᠲᠠ ᠶᠢᠨ | ᠳᠠᠭᠠᠭᠠᠮᠠᠯ᠂ ᠪᠡᠯᠡ ᠣᠷᠣᠭᠤᠯᠤᠯᠲᠠ ᠶᠢ ᠰᠤᠳᠤᠯᠬᠤ ᠠᠵᠢᠯᠲᠠᠨ ᠤ ᠲᠤᠭ᠎ᠠ ᠶᠢ ᠪᠠᠭᠤᠷᠠᠭᠤᠯᠬᠤ ᠱᠠᠭᠠᠷᠳᠠᠯᠭ᠎ᠠ | ᠵᠡᠷᠭᠡ ᠶᠢ ᠪᠠᠭᠲᠠᠭᠠᠨ᠎ᠠ᠃ ᠬᠤᠶᠠᠷ ᠲᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠪᠡᠶᠡᠯᠡᠭᠦᠯᠵᠦ | ᠳᠠᠩᠰᠠᠯᠠᠨ ᠲᠡᠮᠳᠡᠭᠯᠡᠬᠦ ᠠᠴᠠ ᠡᠮᠦᠨ᠎ᠡ ᠪᠡᠯᠡᠨ ᠮᠥᠩᠭᠦ ᠶᠢᠨ ᠬᠠᠮᠢᠶᠠᠷᠤᠯᠲᠠ ᠬᠢᠬᠦ ᠶᠢ ᠵᠥᠪᠰᠢᠶᠡᠷᠡᠵᠦ᠂ ᠪᠡᠯᠡ | ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠭᠤᠷᠪᠠ ᠳᠤ᠂ ᠨᠡᠶᠢᠯᠡᠮᠡᠯ ᠪᠡᠯᠡ | ᠣᠷᠣᠭᠤᠯᠤᠯᠲᠠ ᠶᠢᠨ ᠵᠠᠷᠴᠢᠮ ᠢ ᠰᠢᠯᠢᠳᠡᠭᠵᠢᠭᠦᠯᠦᠨ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ | ᠲᠥᠷᠥᠯ ᠤᠨ ᠡᠳ᠋ ᠬᠥᠷᠥᠩᠭᠡ ᠶᠢᠨ ᠪᠡᠯᠡ ᠣᠷᠣᠭᠤᠯᠬᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠲᠡᠭᠦᠯᠳᠡᠷᠵᠢᠭᠦᠯᠪᠡ᠃ ᠳᠥᠷᠪᠡ ᠳᠤ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ | ᠣᠷᠣᠭᠤᠯᠤᠯᠲᠠ ︵PE︶ ᠶᠢᠨ ᠲᠤᠬᠠᠶᠢᠯᠠᠭᠰᠠᠨ ᠠᠵᠢᠯ ᠤᠨ ᠣᠨᠴᠠᠭᠠᠢ ᠴᠢᠨᠠᠷ ᠢ ᠪᠣᠳᠣᠯᠬᠢᠯᠠᠵᠤ᠂ ᠠᠩᠬ᠎ᠠ ᠡᠬᠢᠯᠡᠬᠦ | ᠦᠶ᠎ᠡ ᠶᠢᠨ ᠡᠯᠰᠡᠨ ᠴᠤᠭᠯᠠᠭᠤᠯᠬᠤ ᠬᠤᠭᠤᠴᠠᠭ᠎ᠠ᠂ ᠬᠥᠮᠥᠷᠭᠡ ᠪᠠᠶᠢᠭᠤᠯᠬᠤ ᠬᠤᠭᠤᠴᠠᠭ᠎ᠠ᠂ ᠨᠠᠶᠢᠳᠠᠭᠰᠠᠨ ᠪᠡᠯᠡ | ᠮᠥᠩᠭᠦ ᠶᠢᠨ ᠣᠷᠣᠭᠤᠯᠤᠯᠲᠠ ᠬᠢᠬᠦ ᠬᠤᠭᠤᠴᠠᠭᠠᠨ ᠤ ᠬᠢᠵᠠᠭᠠᠷ ᠵᠡᠷᠭᠡ ᠲᠠᠯ᠎ᠠ ᠪᠠᠷ ᠵᠣᠬᠢᠬᠤ ᠠᠮᠢᠳᠤᠯᠢᠭ ᠴᠢᠨᠠᠷ | ᠣᠯᠭᠤᠪᠠ᠃ ᠲᠠᠪᠤ ᠳᠤ᠂ ᠬᠤᠳᠠᠯᠳᠤᠭᠠᠨ ᠤ ᠪᠠᠩᠬᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ | ᠳᠠᠭᠠᠳᠬᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠯᠲᠠ ᠶᠢᠨ ᠵᠥᠪᠯᠡᠭᠴᠢ ᠶᠢᠨ ᠡᠭᠦᠷᠭᠡ ᠶᠢ ᠡᠭᠦᠷᠭᠡᠯᠡᠬᠦ ᠶᠢ | ᠵᠥᠪᠰᠢᠶᠡᠷᠡᠵᠦ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ ᠶᠢ ᠠᠬᠢᠭᠤᠯᠪᠠ᠃ ᠡᠭᠦᠨ ᠠᠴᠠ ᠭᠠᠳᠠᠨ᠎ᠠ᠂ | ᠬᠡᠰᠡᠭ ᠬᠡᠷᠡᠭᠵᠢᠭᠦᠯᠬᠦᠶᠢᠴᠡ ᠴᠢᠨᠠᠷᠲᠠᠢ ᠲᠣᠬᠢᠷᠠᠭᠤᠯᠤᠯᠲᠠ ᠶᠢ ᠲᠡᠭᠦᠯᠳᠡᠷᠵᠢᠭᠦᠯᠪᠡ᠂ ᠵᠢᠱᠢᠶᠡᠯᠡᠪᠡᠯ ᠳᠠᠩᠰᠠᠨ ᠤ | ᠡᠷᠦᠬᠡ ᠶᠢᠨ ᠨᠡᠷᠡᠶᠢᠳᠦᠯ ᠢ ᠲᠣᠳᠣᠷᠬᠠᠶᠢᠯᠠᠬᠤ᠂ ᠬᠤᠪᠢ ᠶᠢᠨ ᠲᠤᠭ᠎ᠠ ᠶᠢ ᠨᠡᠮᠡᠭᠳᠡᠭᠦᠯᠦᠨ ᠰᠢᠯᠵᠢᠭᠦᠯᠵᠦ ᠥᠭᠬᠦ ᠶᠣᠰᠣ | ᠳᠦᠷᠢᠮ ᠵᠡᠷᠭᠡ᠃ | ᠬᠤᠶᠠᠷ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠢ ᠲᠣᠭᠲᠠᠭᠠᠨ | ᠨᠡᠶᠢᠲᠡᠯᠡᠭᠰᠡᠨ ᠠᠬᠤᠢ ᠪᠠᠶᠢᠳᠠᠯ ᠨᠢ ᠶᠠᠮᠠᠷ ᠪᠣᠢ︖ | ᠬᠠᠷᠢᠭᠤᠯᠲᠠ᠄ ᠣᠶᠢᠷ᠎ᠠ ᠶᠢᠨ ᠵᠢᠯ ᠤᠳ ᠠᠴᠠ ᠨᠠᠭᠠᠰᠢ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ | ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠨᠢ ᠨᠡᠯᠢᠶᠡᠳ ᠲᠦᠷᠭᠡᠨ ᠪᠠᠶᠢᠨ᠎ᠠ᠃ ᠣᠳᠣ ᠶᠢᠨ | ᠪᠠᠶᠢᠭ᠎ᠠ ᠵᠣᠩᠬᠢᠯᠠᠬᠤ ᠣᠯᠠᠨ ᠲᠣᠭᠠᠨ ᠤ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ | ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ | ᠠᠵᠢᠯ ᠤᠨ ᠠᠵᠢᠯᠯᠠᠭᠤᠯᠤᠨ ᠡᠵᠡᠩᠨᠡᠵᠦ ᠪᠠᠶᠢᠭ᠎ᠠ ᠪᠠᠶᠢᠳᠠᠯ ᠨᠢ ᠶᠡᠷᠦᠩᠬᠡᠢ ᠳᠤ ᠪᠠᠨ ᠨᠡᠯᠢᠶᠡᠳ ᠰᠠᠶᠢᠨ᠂ ᠨᠡᠷᠡᠳᠬᠦᠨ ᠤ | ᠪᠡᠯᠡ ᠣᠷᠣᠭᠤᠯᠤᠯᠲᠠ ᠶᠢᠨ ᠠᠵᠢᠯᠯᠠᠭᠠᠨ ᠨᠢ ᠨᠡᠯᠢᠶᠡᠳ ᠵᠢᠷᠤᠮᠵᠢᠯ ᠲᠠᠢ ᠪᠠᠶᠢᠵᠤ᠂ ᠰᠠᠭᠤᠭᠠᠯᠢ ᠠᠷᠠᠳ ᠪᠠ ᠠᠵᠤ | ᠠᠬᠤᠶᠢᠯᠠᠯ ᠤᠨ ᠪᠡᠯᠡ ᠣᠷᠣᠭᠤᠯᠵᠤ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠨᠡᠶᠢᠭᠡᠮ ᠤᠨ ᠪᠡᠯᠡ | ᠲᠣᠬᠢᠷᠠᠭᠤᠯᠬᠤ ᠪᠦᠲᠦᠴᠡ ᠶᠢ ᠰᠠᠶᠢᠵᠢᠷᠠᠭᠤᠯᠬᠤ ᠳᠤ ᠴᠢᠬᠤᠯᠠ ᠪᠥᠭᠡᠳ ᠢᠳᠡᠪᠬᠢᠲᠡᠢ ᠦᠢᠯᠡᠳᠦᠯ ᠦᠵᠡᠭᠦᠯᠪᠡ᠃ | ᠭᠡᠪᠡᠴᠦ ᠵᠠᠬ᠎ᠠ ᠳᠡᠯᠭᠡᠭᠦᠷ ᠤᠨ ᠲᠦᠷᠭᠡᠨ ᠢᠶᠠᠷ ᠬᠥᠭᠵᠢᠬᠦ ᠪᠠ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ | ᠬᠤᠪᠢᠷᠠᠬᠤ ᠶᠢ ᠳᠠᠭᠠᠯᠳᠤᠨ᠂ ᠣᠨᠴᠠ ᠵᠠᠷᠢᠮ ᠪᠠᠶᠢᠭᠤᠯᠤᠮᠵᠢ ᠳᠤ ᠮᠥᠨ ᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠡᠬᠢ ᠰᠤᠷᠪᠤᠯᠵᠢ ᠠᠴᠠ ᠰᠠᠯᠤᠨ ᠵᠠᠶᠢᠳᠠᠵᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠬᠤ ᠨᠢ | ᠭᠦᠢᠴᠡᠳ ᠦᠭᠡᠢ᠂ ᠲᠦᠭᠰᠢᠭᠦᠷᠢ ᠶᠢ ᠡᠵᠡᠮᠳᠡᠬᠦ ᠲᠠᠯ᠎ᠠ ᠪᠠᠷ ᠪᠠᠭᠤᠷᠠᠢ ᠵᠡᠷᠭᠡ ᠠᠰᠠᠭᠤᠳᠠᠯ ᠢᠯᠡᠷᠡᠵᠦ ᠪᠠᠶᠢᠨ᠎ᠠ᠃ | ᠡᠭᠦᠨ ᠳᠤ᠂ 2016 ᠣᠨ ᠠᠴᠠ ᠨᠠᠭᠠᠰᠢ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ | ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠢᠨᠠᠨ | ᠬᠠᠮᠢᠶᠠᠷᠬᠤ ᠶᠣᠰᠣ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ | ᠡᠵᠡᠩᠨᠡᠯᠲᠡ ᠶᠢᠨ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ ᠲᠦᠭᠰᠢᠭᠦᠷᠢ ᠶᠢ ᠡᠵᠡᠮᠳᠡᠬᠦ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠠᠬᠢᠭᠤᠯᠵᠠᠢ᠃ | 2018 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ᠂ ᠠᠷᠠᠳ ᠤᠨ ᠪᠠᠩᠬᠢ ᠠᠴᠠ ᠲᠦᠷᠦᠭᠦᠯᠡᠨ | ᠲᠣᠭᠲᠠᠭᠠᠭᠰᠠᠨ ︽ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠢ ᠵᠢᠷᠤᠮᠵᠢᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ | ᠭᠡᠵᠦ ᠲᠣᠪᠴᠢᠯᠠᠨ᠎ᠠ︶ ᠶᠢ ᠨᠡᠶᠢᠲᠡᠯᠡᠨ ᠬᠡᠷᠡᠭᠵᠢᠭᠦᠯᠪᠡ᠃ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠲᠤᠰ ᠤᠳᠠᠭ᠎ᠠ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠢ ᠨᠡᠶᠢᠲᠡᠯᠡᠨ | ᠬᠡᠷᠡᠭᠵᠢᠭᠦᠯᠦᠭᠰᠡᠨ ᠨᠢ᠂ ︽ᠵᠢᠯᠣᠭᠤᠳᠬᠤ ᠰᠠᠨᠠᠯ︾ ᠢ ᠨᠠᠶᠢᠳᠠᠪᠤᠷᠢᠵᠢᠭᠤᠯᠤᠭᠰᠠᠨ ᠴᠢᠬᠤᠯᠠ ᠠᠷᠭ᠎ᠠ ᠬᠡᠮᠵᠢᠶ᠎ᠡ | ᠪᠣᠯᠬᠤ ᠪᠠᠷ ᠪᠠᠷᠠᠬᠤ ᠦᠭᠡᠢ᠂ 2016 ᠣᠨ ᠠᠴᠠ ᠨᠠᠭᠠᠰᠢᠬᠢ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ | ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠪᠣᠯᠣᠨ᠎ᠠ᠃ ︽ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠨᠠᠷᠢᠨ ᠳᠦᠷᠢᠮ︾ ᠬᠢᠭᠡᠳ ︽ᠵᠢᠯᠣᠭᠤᠳᠬᠤ ᠰᠠᠨᠠᠯ︾ ᠨᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠵᠤ᠂ ᠬᠢᠨᠠᠨ ᠬᠠᠮᠢᠶᠠᠷᠴᠤ ᠪᠠᠶᠢᠭ᠎ᠠ ᠬᠡᠰᠡᠭ ᠭᠦᠢᠴᠡᠳᠬᠡᠯ ᠲᠤᠭ᠎ᠠ ᠶᠢ ᠣᠳᠣ ᠶᠢᠨ ᠬᠡᠷᠡᠭᠵᠢᠭᠦᠯᠵᠦ ᠪᠠᠶᠢᠭ᠎ᠠ | ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠲᠠᠢ ᠬᠠᠷᠢᠴᠠᠭᠤᠯᠪᠠᠯ ᠠᠷᠠᠢ ᠠᠭᠤᠵᠢᠭᠤ ᠲᠠᠯᠪᠢᠪᠠ᠃ ᠶᠡᠷᠦᠩᠬᠡᠢ ᠳᠤ ᠨᠢ | ᠦᠵᠡᠪᠡᠯ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠦᠯᠡᠳᠡᠭᠡᠯ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠲᠣᠭᠲᠠᠭᠤᠨ ᠢᠶᠠᠷ ᠰᠢᠯᠵᠢᠭᠦᠯᠵᠦ᠂ ᠲᠡᠮᠳᠡᠭᠲᠦ ᠶᠢᠨ | ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠵᠦᠢ ᠵᠣᠬᠢᠰᠲᠠᠢ ᠪᠠᠷ ᠬᠠᠮᠢᠶᠠᠷᠬᠤ ᠪᠠ | ᠲᠦᠭᠰᠢᠭᠦᠷᠢ ᠶᠢ ᠡᠵᠡᠮᠳᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡ | ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠰᠢᠰᠲ᠋ᠧᠮᠲᠦ ᠴᠢᠨᠠᠷᠲᠠᠢ | ᠲᠦᠭᠰᠢᠭᠦᠷᠢ ᠶᠢ ᠰᠡᠷᠭᠡᠶᠢᠯᠡᠬᠦ ᠳᠤ ᠠᠰᠢᠭᠲᠠᠢ ᠪᠠᠶᠢᠳᠠᠭ᠃ | ᠭᠤᠷᠪᠠ ᠳᠤ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠢ | ᠲᠣᠭᠲᠠᠭᠠᠭᠰᠠᠨ ᠦᠨᠳᠦᠰᠦᠨ ᠵᠠᠷᠴᠢᠮ ᠨᠢ ᠶᠠᠭᠤ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠢ ᠲᠤᠭᠤᠷᠪᠢᠬᠤ ᠳᠤ | ᠳᠣᠣᠷᠠᠬᠢ ᠳᠥᠷᠪᠡᠨ ᠲᠠᠯ᠎ᠠ ᠶᠢᠨ ᠵᠠᠷᠴᠢᠮ ᠢ ᠵᠢᠷᠤᠮᠯᠠᠪᠠ᠃ | ᠨᠢᠭᠡ ᠳᠤ᠂ ᠬᠢᠨᠠᠯᠲᠠ ᠬᠠᠮᠢᠶᠠᠷᠤᠯᠲᠠ ᠶᠢᠨ ᠶᠣᠰᠣ ᠳᠦᠷᠢᠮ ᠢ ᠨᠢᠭᠡᠳᠬᠡᠵᠦ᠂ ᠡᠷᠬᠡ ᠲᠡᠭᠰᠢ ᠪᠠᠷ | ᠥᠷᠢᠰᠦᠯᠳᠦᠬᠦ ᠶᠢ ᠠᠬᠢᠭᠤᠯᠪᠠ᠃ ᠨᠢᠭᠡ ᠲᠠᠯ᠎ᠠ ᠪᠠᠷ᠂ ᠲᠡᠮᠳᠡᠭᠲᠦ ᠶᠢᠨ ᠺᠣᠮᠫᠠᠨᠢ᠂ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ ᠵᠢᠴᠢ ᠲᠡᠳᠡᠭᠡᠷ ᠤᠨ ᠰᠠᠯᠪᠤᠷᠢ ᠺᠣᠮᠫᠠᠨᠢ ᠵᠡᠷᠭᠡ | ᠡᠯ᠎ᠡ ᠲᠥᠷᠥᠯ ᠤᠨ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ | ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠢᠨᠠᠨ | ᠬᠠᠮᠢᠶᠠᠷᠬᠤ ᠶᠣᠰᠣ ᠳᠦᠷᠢᠮ ᠢ ᠨᠢᠭᠡᠳᠬᠡᠵᠦ᠂ ᠬᠢᠨᠠᠨ ᠬᠠᠮᠢᠶᠠᠷᠬᠤ ᠶᠠᠪᠤᠴᠠ ᠳᠤ ᠠᠰᠢᠭ ᠣᠯᠬᠤ ᠦᠵᠡᠭᠳᠡᠯ ᠢ | ᠠᠷᠢᠯᠭᠠᠪᠠ᠃ ᠨᠥᠭᠦᠭᠡ ᠲᠠᠯ᠎ᠠ ᠪᠠᠷ᠂ ︽ᠵᠢᠯᠣᠭᠤᠳᠬᠤ ᠰᠠᠨᠠᠯ︾ ᠲᠠᠢ ᠬᠠᠷᠭᠤᠭᠤᠯᠬᠤ ᠶᠢᠨ ᠬᠠᠮᠲᠤ᠂ ᠪᠤᠰᠤᠳ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠢᠨᠠᠵᠤ ᠬᠠᠮᠢᠶᠠᠷᠬᠤ ᠶᠣᠰᠣ ᠳᠦᠷᠢᠮ ᠲᠠᠢ | ᠵᠣᠯᠭᠠᠯᠳᠤᠭᠤᠯᠤᠨ ᠨᠢᠭᠡᠳᠬᠡᠬᠦ ᠶᠢ ᠪᠠᠲᠤᠯᠠᠪᠠ᠃ | ᠬᠤᠶᠠᠷ ᠲᠤ᠂ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠬᠦ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠪᠠ᠃ ᠵᠠᠷᠴᠢᠮ ᠳᠡᠭᠡᠷ᠎ᠡ ᠪᠠᠨ ᠣᠳᠣ ᠶᠢᠨ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ | ᠪᠠ ᠶᠣᠰᠣ ᠳᠦᠷᠢᠮ ᠳᠤ ᠶᠡᠭᠡ ᠪᠠᠷ ᠥᠭᠡᠷᠡᠴᠢᠯᠡᠯᠲᠡ ᠬᠢᠬᠦ ᠦᠭᠡᠢ ᠪᠠᠶᠢᠵᠤ᠂ ᠣᠶᠢᠷ᠎ᠠ ᠶᠢᠨ ᠵᠢᠯ ᠤᠳ ᠠᠴᠠ | ᠨᠠᠭᠠᠰᠢᠬᠢ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ | ᠠᠵᠢᠯ ᠳᠠᠬᠢ ᠲᠣᠪᠣᠶᠢᠮ᠎ᠠ ᠠᠰᠠᠭᠤᠳᠠᠯ ᠪᠠ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠶᠢ ᠳ᠋ᠦᠩᠨᠡᠵᠦ᠂ ᠭᠤᠣᠯᠳᠠᠯᠭ᠎ᠠ | ᠲᠠᠢ ᠪᠠᠷ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠬᠤᠯᠪᠣᠭᠳᠠᠭᠤᠯᠤᠨ ᠠᠷᠠᠯᠵᠢᠶᠠᠯᠠᠬᠤ ᠶᠢ | ᠵᠢᠷᠤᠮᠵᠢᠭᠤᠯᠤᠨ ᠲᠣᠭᠲᠠᠭᠠᠬᠤ᠂ ᠠᠰᠢᠭ ᠣᠯᠵᠠ ᠪᠠᠨ ᠳᠠᠮᠵᠢᠭᠤᠯᠤᠨ ᠬᠦᠷᠭᠡᠬᠦ ᠶᠢ ᠰᠡᠷᠭᠡᠶᠢᠯᠡᠬᠦ᠂ ᠡᠵᠡᠩᠨᠡᠯᠲᠡ ᠶᠢᠨ | ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠵᠡᠷᠭᠡ ᠲᠠᠯ᠎ᠠ ᠪᠠᠷ᠂ ᠳᠦᠷᠢᠮ ᠤᠨ | ᠰᠢᠰᠲ᠋ᠧᠮᠵᠢ ᠶᠢ ᠲᠡᠭᠦᠯᠳᠡᠷᠵᠢᠭᠦᠯᠪᠡ᠃ | ᠭᠤᠷᠪᠠ ᠳᠤ᠂ ᠭᠦᠢᠴᠡᠳᠬᠡᠯ ᠲᠣᠭᠠᠨ ᠤ ᠴᠤᠪᠤᠷᠠᠯ ᠢ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ | ᠴᠢᠨᠠᠷ ᠢ ᠨᠢ ᠳᠡᠭᠡᠭᠰᠢᠯᠡᠭᠦᠯᠪᠡ᠃ ︽ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ︽ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ ᠤ | ᠪᠡᠯᠡ ᠣᠷᠣᠭᠤᠯᠤᠭᠴᠢ ᠶᠢᠨ ᠵᠦᠢ ᠵᠣᠬᠢᠰᠲᠠᠢ ᠬᠠᠮᠢᠶᠠᠷᠤᠯᠲᠠ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ | ᠡᠷᠬᠡ ᠶᠢᠨ ᠲᠥᠷᠥᠯ ᠤᠨ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠢᠵᠠᠭᠠᠷ ᠲᠣᠭᠠᠨ ᠤ ᠬᠠᠮᠢᠶᠠᠷᠤᠯᠲᠠ᠂ | ᠰᠢᠯᠵᠢᠯᠲᠡ ᠶᠢᠨ ᠴᠢᠨᠠᠷᠲᠠᠢ ᠭᠦᠢᠴᠡᠳᠬᠡᠯ ᠲᠣᠭᠠᠨ ᠤ ᠬᠠᠮᠢᠶᠠᠷᠤᠯᠲᠠ᠂ ᠮᠡᠳᠡᠭᠡ ᠵᠠᠩᠭᠢ ᠶᠢ ᠨᠡᠶᠢᠲᠡᠯᠡᠬᠦ ᠵᠡᠷᠭᠡ | ᠪᠣᠳᠠᠲᠠᠢ ᠭᠦᠢᠴᠡᠳᠬᠡᠯ ᠲᠤᠭ᠎ᠠ ᠪᠠ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠬᠢᠯᠪᠠᠷ ᠠᠪᠰᠠᠷ ᠪᠥᠭᠡᠳ ᠬᠡᠷᠡᠭᠵᠢᠭᠦᠯᠵᠦ ᠪᠣᠯᠬᠤᠶᠢᠴᠠ ᠪᠣᠯᠭᠠᠵᠠᠢ᠃ | ᠳᠥᠷᠪᠡ ᠳᠤ᠂ ᠶᠣᠰᠣ ᠳᠦᠷᠢᠮ ᠤᠨ ᠤᠷᠢᠲᠤᠴᠢ ᠴᠢᠨᠠᠷ ᠢ ᠴᠢᠩᠭᠠᠷᠠᠭᠤᠯᠵᠤ᠂ ᠲᠣᠭᠲᠠᠭᠤᠨ ᠢᠶᠠᠷ | ᠰᠢᠯᠵᠢᠭᠦᠯᠬᠦ ᠶᠢ ᠪᠠᠲᠤᠯᠠᠪᠠ᠃ ᠡᠯ᠎ᠡ ᠵᠦᠢᠯ ᠤᠨ ᠳᠦᠷᠢᠮ᠂ ᠭᠦᠢᠴᠡᠳᠬᠡᠯ ᠲᠤᠭ᠎ᠠ ᠶᠢ ᠨᠢᠭᠡᠳᠦᠯᠲᠡᠢ | ᠲᠣᠬᠢᠷᠠᠭᠤᠯᠤᠭᠰᠠᠨ ᠤ ᠬᠠᠮᠲᠤ᠂ ᠠᠳᠠᠯᠢ ᠪᠤᠰᠤ ᠨᠡᠷᠡᠳᠬᠦᠨ ᠤ ᠲᠦᠭᠰᠢᠭᠦᠷᠢ ᠶᠢᠨ ᠣᠨᠴᠠᠯᠢᠭ᠂ ᠪᠡᠯᠡ | ᠣᠷᠣᠭᠤᠯᠤᠭᠴᠢ ᠶᠢᠨ ᠪᠦᠲᠦᠴᠡ᠂ ᠪᠡᠯᠡ ᠣᠷᠣᠭᠤᠯᠤᠯᠲᠠ ᠶᠢᠨ ᠬᠠᠮᠲᠤᠯᠢᠭ ᠵᠡᠷᠭᠡ ᠣᠨᠴᠠᠭᠠᠢ ᠴᠢᠨᠠᠷ ᠢ ᠭᠦᠢᠴᠡᠳ | ᠪᠣᠳᠣᠯᠬᠢᠯᠠᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠭᠰᠡᠨ ᠰᠠᠭᠤᠷᠢᠨ ᠳᠡᠭᠡᠷ᠎ᠡ᠂ ᠴᠢᠬᠤᠯᠠᠲᠠᠢ | ᠣᠨᠴᠠᠭᠠᠢ ᠲᠣᠬᠢᠷᠠᠭᠤᠯᠤᠯᠲᠠ ᠬᠢᠵᠦ᠂ ᠶᠣᠰᠣ ᠳᠦᠷᠢᠮ ᠢ ᠵᠣᠬᠢᠬᠤ ᠬᠠᠷᠢᠮᠠᠬᠠᠢ ᠴᠢᠨᠠᠷ ᠲᠠᠢ ᠪᠣᠯᠭᠠᠵᠠᠢ᠃ | ᠳᠥᠷᠪᠡ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠶᠢᠨ | ᠬᠡᠷᠡᠭᠯᠡᠭᠳᠡᠬᠦ ᠬᠡᠪᠴᠢᠶ᠎ᠡ ᠨᠢ ᠶᠠᠭᠤ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠨᠢ ᠲᠡᠮᠳᠡᠭᠲᠦ ᠶᠢᠨ | ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠳᠤ ᠬᠡᠷᠡᠭᠯᠡᠭᠳᠡᠨ᠎ᠡ᠂ ᠲᠤᠬᠠᠶᠢᠯᠠᠪᠠᠯ ᠲᠡᠮᠳᠡᠭᠲᠦ ᠶᠢᠨ | ᠺᠣᠮᠫᠠᠨᠢ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ ᠵᠢᠴᠢ | ᠡᠮᠦᠨ᠎ᠡ ᠶᠠᠷᠢᠭᠰᠠᠨ ᠪᠠᠶᠢᠭᠤᠯᠤᠮᠵᠢ ᠶᠢᠨ ᠬᠠᠤᠯᠢ ᠶᠣᠰᠣᠭᠠᠷ ᠪᠠᠶᠢᠭᠤᠯᠤᠭᠰᠠᠨ ᠰᠠᠯᠪᠤᠷᠢ ᠺᠣᠮᠫᠠᠨᠢ ᠠᠴᠠ | ᠥᠷᠨᠢᠭᠦᠯᠦᠭᠰᠡᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ | ᠠᠵᠢᠯ᠂ ᠡᠭᠦᠨ ᠳᠤ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠪᠡᠯᠡ ᠣᠷᠣᠭᠤᠯᠤᠭᠰᠠᠨ ᠰᠲ᠋ᠣᠺ᠂ ᠥᠭᠴᠡᠭᠡᠨ ᠤ | ᠲᠡᠮᠳᠡᠭᠲᠦ ᠵᠡᠷᠭᠡ ᠪᠠᠷᠢᠮᠵᠢᠶᠠᠵᠢᠭᠤᠯᠤᠭᠰᠠᠨ ᠡᠳ᠋ ᠬᠥᠷᠥᠩᠭᠡ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠪᠠᠭᠲᠠᠭᠠᠬᠤ ᠪᠠᠷ ᠪᠠᠷᠠᠬᠤ ᠦᠭᠡᠢ᠂ ᠵᠠᠬ᠎ᠠ | ᠳᠡᠯᠭᠡᠭᠦᠷ ᠲᠤ ᠭᠠᠷᠤᠭᠠᠳᠤᠢ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠰᠲ᠋ᠣᠺ ᠤᠨ ᠡᠷᠬᠡ ᠵᠡᠷᠭᠡ | ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠪᠠᠭᠲᠠᠭᠠᠨ᠎ᠠ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ | ᠡᠵᠡᠩᠨᠡᠯᠲᠡ ᠶᠢᠨ ᠪᠠᠶᠢᠭᠤᠯᠤᠮᠵᠢ ᠠᠴᠠ ᠣᠨᠴᠠ ᠲᠣᠭᠲᠠᠭᠰᠠᠨ ᠵᠣᠷᠢᠯᠭ᠎ᠠ ᠲᠠᠢ ᠺᠣᠮᠫᠠᠨᠢ ᠪᠤᠶᠤ ᠬᠠᠮᠲᠤᠷᠠᠭᠰᠠᠨ ᠠᠵᠤ | ᠠᠬᠤᠶᠢᠯᠠᠯ ᠪᠠᠶᠢᠭᠤᠯᠵᠤ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠢ ᠥᠷᠨᠢᠭᠦᠯᠬᠦ ᠭᠡᠪᠡᠯ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ | ᠢᠶᠠᠷ ᠯᠠᠪᠯᠠᠯᠲᠠ ᠪᠣᠯᠭᠠᠨ ᠲᠣᠬᠢᠷᠠᠭᠤᠯᠤᠨ ᠬᠡᠷᠡᠭᠯᠡᠨ᠎ᠡ᠃ ᠡᠭᠦᠨ ᠠᠴᠠ ᠭᠠᠳᠠᠨ᠎ᠠ᠂ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠳᠤ | ᠬᠢᠷᠢ ᠲᠡᠩᠴᠡᠭᠰᠡᠨ ᠤᠯᠤᠰ ᠤᠨ ᠳᠣᠲᠣᠭᠠᠳᠤᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢᠨ ᠤᠯᠤᠰ ᠤᠨ | ᠭᠠᠳᠠᠨᠠᠬᠢ ᠲᠡᠮᠳᠡᠭᠲᠦ ᠶᠢᠨ ᠪᠡᠯᠡ ᠣᠷᠣᠭᠤᠯᠤᠯᠲᠠ ᠶᠢ ᠬᠠᠮᠢᠶᠠᠷᠬᠤ ᠲᠤᠬᠠᠶᠢᠯᠠᠭᠰᠠᠨ ᠠᠵᠢᠯ ︵ᠳᠣᠷᠣᠭᠰᠢ QDⅡ | ᠲᠤᠬᠠᠶᠢᠯᠠᠭᠰᠠᠨ ᠠᠵᠢᠯ ᠭᠡᠵᠦ ᠲᠣᠪᠴᠢᠯᠠᠨ᠎ᠠ︶ ᠢ ᠥᠷᠨᠢᠭᠦᠯᠬᠦ ᠳᠤ ᠨᠢᠭᠡᠨᠲᠡ ᠲᠤᠰᠬᠠᠢ ᠲᠣᠭᠲᠠᠭᠠᠯ ᠪᠠᠶᠢᠬᠤ ᠶᠢ | ᠪᠣᠳᠣᠯᠬᠢᠯᠠᠵᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠭᠤᠣᠯᠳᠠᠭᠤ | ᠣᠳᠣ ᠶᠢᠨ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨQDⅡ | ᠲᠤᠬᠠᠶᠢᠯᠠᠭᠰᠠᠨ ᠠᠵᠢᠯ ᠢ ᠥᠷᠨᠢᠭᠦᠯᠵᠦ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠶᠢ | ᠬᠡᠷᠡᠭᠵᠢᠭᠦᠯᠦᠭᠰᠡᠨ ᠨᠢ ᠣᠳᠣ ᠶᠢᠨ ᠪᠠᠶᠢᠭ᠎ᠠ QDⅡ ᠲᠤᠬᠠᠶᠢᠯᠠᠭᠰᠠᠨ ᠠᠵᠢᠯ ᠤᠨ ᠵᠠᠭᠪᠤᠷ ᠲᠤ ᠨᠥᠯᠥᠭᠡ | ᠦᠵᠡᠭᠦᠯᠬᠦ ᠦᠭᠡᠢ ᠪᠠᠶᠢᠳᠠᠭ᠃ | ᠲᠠᠪᠤ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ | ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠯ᠎ᠡ ᠲᠥᠷᠥᠯ ᠤᠨ ᠨᠡᠷᠡᠳᠬᠦᠨ ᠢ | ᠢᠲᠡᠭᠡᠮᠵᠢ ᠶᠢᠨ ᠬᠠᠤᠯᠢ ᠴᠠᠭᠠᠵᠠ ᠶᠢᠨ ᠬᠠᠷᠢᠴᠠᠭ᠎ᠠ ᠪᠠᠷ ᠦᠨᠳᠦᠰᠦᠯᠡᠯ ᠪᠣᠯᠭᠠᠵᠤ ᠲᠣᠬᠢᠷᠠᠭᠤᠯᠬᠤ ᠶᠢ | ᠲᠣᠳᠣᠷᠬᠠᠶᠢᠯᠠᠬᠤ ᠳᠤ᠂ ᠪᠣᠳᠠᠲᠠᠢ ᠪᠠᠷ ᠶᠠᠮᠠᠷ ᠶᠠᠮᠠᠷ ᠲᠣᠭᠲᠠᠭᠠᠯ ᠪᠠᠶᠢᠬᠤ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠬᠤᠪᠢ ᠪᠠᠷ ᠢᠶᠠᠨ | ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ ᠢ ᠪᠦᠷ ᠢᠲᠡᠭᠡᠮᠵᠢ ᠶᠢᠨ ᠬᠠᠤᠯᠢ | ᠴᠠᠭᠠᠵᠠ ᠶᠢᠨ ᠬᠠᠷᠢᠴᠠᠭ᠎ᠠ ᠪᠠᠷ ᠦᠨᠳᠦᠰᠦᠯᠡᠯ ᠪᠣᠯᠭᠠᠵᠤ ᠲᠣᠬᠢᠷᠠᠭᠤᠯᠬᠤ ᠶᠢ ᠬᠠᠤᠯᠢ ᠶᠣᠰᠣᠭᠠᠷ ᠲᠣᠳᠣᠷᠬᠠᠶᠢᠯᠠᠨ᠎ᠠ᠂ | ᠡᠭᠦᠨ ᠳᠤ ᠳᠣᠣᠷᠠᠬᠢ ᠭᠤᠷᠪᠠᠨ ᠲᠠᠯ᠎ᠠ ᠶᠢᠨ ᠲᠣᠭᠲᠠᠭᠠᠯ ᠢ ᠪᠠᠭᠲᠠᠭᠠᠵᠤ ᠪᠠᠶᠢᠨ᠎ᠠ᠃ ᠨᠢᠭᠡ ᠳᠤ᠂ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠡᠳ᠋ ᠬᠥᠷᠥᠩᠭᠡ ᠶᠢ ᠲᠤᠰᠠᠭᠠᠷᠯᠠᠭᠤᠯᠵᠤ᠂ ᠬᠠᠮᠢᠶᠠᠷᠤᠭᠴᠢ᠂ | ᠨᠠᠶᠢᠳᠠᠨ ᠬᠠᠮᠢᠶᠠᠷᠤᠭᠤᠯᠤᠭᠴᠢ ᠶᠢᠨ ᠲᠣᠭᠲᠠᠮᠠᠯ ᠡᠳ᠋ ᠬᠥᠷᠥᠩᠭᠡ ᠶᠢ ᠲᠤᠰᠠᠭᠠᠷᠯᠠᠭᠤᠯᠬᠤ ᠶᠢ ᠲᠣᠳᠣᠷᠬᠠᠶᠢᠯᠠᠨ᠎ᠠ᠃ | ᠬᠤᠶᠠᠷ ᠲᠤ᠂ ︽ᠬᠤᠳᠠᠯᠳᠤᠭᠴᠢ ᠠᠴᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠳᠠᠯᠳᠤᠨ | ᠠᠪᠤᠭᠴᠢ ᠠᠴᠠ ᠥᠪᠡᠷ ᠢᠶᠠᠨ ᠬᠠᠷᠢᠭᠤᠴᠠᠬᠤ︾ ᠶᠢ ᠲᠣᠭᠲᠠᠭᠠᠵᠤ᠂ ᠡᠵᠡᠩᠨᠡᠯᠲᠡ ᠶᠢᠨ ᠪᠠᠶᠢᠭᠤᠯᠤᠮᠵᠢ ᠠᠴᠠ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠬᠢᠴᠢᠶᠡᠨ ᠴᠢᠷᠮᠠᠶᠢᠵᠤ᠂ ᠬᠠᠷᠢᠴᠠᠭᠠᠨ ᠤ ᠡᠷᠦᠬᠡ ᠶᠢᠨ ᠠᠰᠢᠭ ᠲᠤᠰᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠡᠵᠡᠩᠨᠡᠯᠲᠡ ᠶᠢᠨ ᠪᠠᠶᠢᠭᠤᠯᠤᠮᠵᠢ ᠠᠴᠠ ᠡᠭᠦᠷᠭᠡᠯᠡᠪᠡᠰᠦ ᠵᠣᠬᠢᠬᠤ | ᠰᠠᠨᠠᠭᠠᠴᠢᠯᠠᠭ᠎ᠠ ᠠᠴᠠ ᠪᠠᠨ ᠬᠠᠮᠢᠶᠠᠷᠬᠤ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | ᠭᠤᠷᠪᠠ ᠳᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠳᠠᠬᠢ ᠲᠡᠮᠳᠡᠭᠲᠦ ᠶᠢᠨ ᠳᠠᠩᠰᠠᠨ ᠤ ᠡᠷᠦᠬᠡ᠂ | ᠬᠤᠭᠤᠴᠠᠭᠠᠲᠤ ᠪᠠᠷᠠᠭᠠᠨ ᠤ ᠳᠠᠩᠰᠠᠨ ᠤ ᠡᠷᠦᠬᠡ ᠶᠢᠨ ᠨᠡᠷᠡᠶᠢᠳᠦᠯ᠂ ᠵᠢᠴᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠯᠥᠪᠯᠡᠭᠡ ᠶᠢᠨ ᠡᠵᠡᠮᠰᠢᠵᠦ ᠪᠠᠶᠢᠭ᠎ᠠ ᠲᠡᠮᠳᠡᠭᠲᠦ ᠶᠢᠨ ᠡᠷᠬᠡ ᠶᠢ ᠬᠡᠷᠡᠭᠵᠢᠭᠦᠯᠬᠦ ᠵᠡᠷᠭᠡ ᠲᠠᠯ᠎ᠠ ᠪᠠᠷ᠂ ᠲᠡᠭᠦᠨ ᠢ ᠪᠡᠯᠡ | ᠣᠷᠣᠭᠤᠯᠤᠭᠴᠢ ᠶᠢᠨ ᠡᠵᠡᠮᠰᠢᠵᠦ ᠪᠠᠶᠢᠭ᠎ᠠ ᠲᠡᠮᠳᠡᠭᠲᠦ ᠠᠴᠠ ᠢᠯᠭᠠᠨ ᠰᠠᠯᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠲᠡᠭᠡᠮᠵᠢ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ | ᠨᠠᠶᠢᠳᠠᠪᠤᠷᠢᠵᠢᠭᠤᠯᠤᠨ᠎ᠠ᠃ | ᠲᠣᠭᠲᠠᠭᠤᠨ ᠢᠶᠠᠷ ᠰᠢᠯᠵᠢᠭᠦᠯᠬᠦ ᠶᠢ ᠠᠬᠢᠭᠤᠯᠵᠤ᠂ ᠬᠠᠨᠳᠤᠯᠭ᠎ᠠ ᠲᠠᠢ ᠦᠯᠡᠳᠡᠭᠡᠯ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠯᠥᠪᠯᠡᠭᠡ ᠶᠢᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠪᠡᠯᠡ ᠣᠷᠣᠭᠤᠯᠤᠭᠰᠠᠨ | ᠰᠲ᠋ᠣᠺ᠂ ᠫᠠᠶᠢᠰᠠ ᠡᠯᠭᠦᠭᠰᠡᠨ ᠺᠣᠮᠫᠠᠨᠢ ᠶᠢᠨ ᠰᠲ᠋ᠣᠺ ᠲᠤ᠂ ᠲᠡᠭᠦᠨ ᠤ ᠡᠵᠡᠮᠰᠢᠵᠦ ᠪᠠᠶᠢᠭ᠎ᠠ ᠲᠡᠮᠳᠡᠭᠲᠦ ᠶᠢᠨ | ᠥᠮᠴᠢᠯᠡᠬᠦ ᠡᠷᠬᠡ ᠶᠢ ᠬᠠᠷᠢᠶᠠᠯᠠᠭᠤᠯᠬᠤ᠂ ᠡᠷᠬᠡ ᠶᠢ ᠬᠡᠷᠡᠭᠵᠢᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ ᠵᠢᠴᠢ | ᠲᠡᠮᠳᠡᠭᠲᠦ ᠶᠢᠨ ᠳᠠᠩᠰᠠᠨ ᠤ ᠡᠷᠦᠬᠡ ᠶᠢᠨ ᠨᠡᠷᠡᠶᠢᠳᠦᠯ ᠵᠡᠷᠭᠡ ᠨᠢ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ | ᠳᠦᠷᠢᠮ︾ ᠳᠤ ᠨᠡᠶᠢᠴᠡᠬᠦ ᠦᠭᠡᠢ ᠪᠣᠯ᠂ ᠲᠡᠭᠦᠨ ᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠤᠰᠬᠠᠬᠤ ᠶᠢ | ᠵᠥᠪᠰᠢᠶᠡᠷᠡᠬᠦ ᠪᠣᠯᠪᠠᠴᠤ ᠬᠠᠮᠤᠭ ᠤᠨ ᠣᠷᠣᠢ ᠳᠤ ᠪᠠᠨ 2023 ᠣᠨ ᠤ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠵᠢᠷᠤᠮᠵᠢᠭᠤᠯᠬᠤ ᠶᠢ ᠪᠡᠶᠡᠯᠡᠭᠦᠯᠬᠦ ᠶᠢᠨ ᠬᠠᠮᠲᠤ᠂ ᠵᠢᠷᠤᠮᠵᠢᠭᠤᠯᠬᠤ ᠶᠠᠪᠤᠴᠠ ᠳᠤ ᠲᠣᠭᠲᠠᠭᠠᠯ | ᠶᠣᠰᠣᠭᠠᠷ ᠮᠡᠳᠡᠭᠡ ᠵᠠᠩᠭᠢ ᠪᠠᠨ ᠨᠡᠶᠢᠲᠡᠯᠡᠬᠦ ᠶᠢ ᠭᠦᠢᠴᠡᠳ ᠪᠥᠭᠡᠳ ᠰᠠᠶᠢᠲᠤᠷ ᠬᠢᠵᠦ᠂ ᠵᠠᠬ᠎ᠠ ᠳᠡᠯᠭᠡᠭᠦᠷ ᠤᠨ | ᠲᠠᠰᠢᠶᠠᠷᠠᠭᠤᠯᠤᠨ ᠣᠶᠢᠯᠠᠭᠠᠬᠤ ᠠᠴᠠ ᠵᠠᠶᠢᠯᠠᠰᠬᠢᠬᠦ ᠬᠡᠷᠡᠭᠲᠡᠢ᠃ | ᠵᠢᠷᠭᠤᠭ᠎ᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠪᠡᠯᠡ | ᠣᠷᠣᠭᠤᠯᠤᠭᠴᠢ ᠶᠢ ᠬᠠᠮᠠᠭᠠᠯᠠᠬᠤ ᠲᠠᠯ᠎ᠠ ᠪᠠᠷ ᠭᠤᠣᠯᠳᠠᠭᠤ ᠶᠠᠮᠠᠷ ᠶᠠᠮᠠᠷ ᠲᠣᠭᠲᠠᠭᠠᠯ ᠪᠠᠶᠢᠬᠤ ᠪᠣᠢ︖ | ᠬᠠᠷᠢᠭᠤᠯᠲᠠ᠄ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ ᠣᠷᠣᠭᠤᠯᠤᠭᠴᠢ᠂ | ᠣᠨᠴᠠᠭᠠᠶᠢᠯᠠᠨ ᠳᠤᠮᠳᠠ ᠵᠢᠵᠢᠭ ᠪᠡᠯᠡ ᠣᠷᠣᠭᠤᠯᠤᠭᠴᠢ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠡᠯᠰᠡᠨ | ᠴᠤᠭᠯᠠᠭᠤᠯᠵᠤ ᠪᠣᠷᠣᠯᠠᠭᠤᠯᠬᠤ᠂ ᠮᠡᠳᠡᠭᠡ ᠵᠠᠩᠭᠢ ᠶᠢ ᠨᠡᠶᠢᠲᠡᠯᠡᠬᠦ᠂ ᠪᠡᠯᠡ ᠣᠷᠣᠭᠤᠯᠤᠨ ᠠᠵᠢᠯᠯᠠᠭᠤᠯᠬᠤ ᠵᠡᠷᠭᠡ | ᠭᠤᠭᠴᠤᠭ᠎ᠠ ᠳᠤ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠤᠯᠠᠮ ᠨᠢᠭᠡ | ᠠᠯᠬᠤᠮ ᠴᠢᠩᠭᠠᠷᠠᠭᠤᠯᠵᠠᠢ᠃ | ᠨᠢᠭᠡ ᠳᠤ᠂ ᠪᠡᠯᠡ ᠣᠷᠣᠭᠤᠯᠤᠭᠴᠢ ᠶᠢᠨ ᠵᠦᠢ ᠵᠣᠬᠢᠰᠲᠠᠢ ᠬᠠᠮᠢᠶᠠᠷᠤᠯᠲᠠ ᠶᠢ ᠴᠢᠩᠭᠠᠳᠬᠠᠨ᠎ᠠ᠃ | ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠪᠡᠯᠡ ᠣᠷᠣᠭᠤᠯᠤᠭᠴᠢ ᠶᠢ ᠵᠦᠢ | ᠵᠣᠬᠢᠰᠲᠠᠢ ᠪᠠᠷ ᠬᠠᠮᠢᠶᠠᠷᠬᠤ ᠡᠭᠦᠷᠭᠡ ᠶᠢ ᠦᠨᠡᠨ ᠬᠦ ᠭᠦᠢᠴᠡᠳᠬᠡᠨ᠂ ︽ᠳᠡᠭᠡᠭᠰᠢ ᠪᠠᠨ ᠬᠠᠮᠤᠭ ᠤᠨ ᠡᠴᠦᠰ ᠤᠨ | ᠪᠡᠯᠡ ᠮᠥᠩᠭᠦ ᠶᠢᠨ ᠢᠷᠡᠯᠲᠡ ᠶᠢ ᠣᠶᠢᠯᠭᠠᠨ ᠮᠡᠳᠡᠵᠦ᠂ ᠳᠣᠷᠣᠭᠰᠢ ᠪᠠᠨ ᠬᠠᠮᠤᠭ ᠤᠨ ᠡᠴᠦᠰ ᠤᠨ ᠪᠡᠯᠡ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢ ᠣᠶᠢᠯᠭᠠᠵᠤ︾᠂ ᠴᠢᠬᠤᠯᠠᠲᠠᠢ ᠠᠷᠭ᠎ᠠ ᠠᠪᠴᠢᠯ ᠢ ᠬᠡᠷᠡᠭᠯᠡᠨ ᠬᠢᠷᠢ ᠲᠡᠩᠴᠡᠭᠰᠡᠨ | ᠪᠡᠯᠡ ᠣᠷᠣᠭᠤᠯᠤᠭᠴᠢ ᠶᠢᠨ ᠪᠡᠶ᠎ᠡ ᠭᠠᠷᠤᠯ ᠳᠤ ᠬᠠᠷᠭᠤᠭᠤᠯᠤᠨ ᠪᠠᠶᠢᠴᠠᠭᠠᠵᠤ ᠰᠢᠯᠭᠠᠨ ᠭᠡᠷᠡᠴᠢᠯᠡᠬᠦ ᠶᠢ | ᠲᠣᠳᠣᠷᠬᠠᠶᠢᠯᠠᠪᠠ︔ ᠲᠦᠭᠰᠢᠭᠦᠷᠢ ᠶᠢ ᠲᠣᠬᠢᠷᠠᠯᠴᠠᠭᠤᠯᠬᠤ ᠵᠠᠷᠴᠢᠮ ᠢ ᠵᠢᠷᠤᠮᠯᠠᠵᠤ᠂ ᠲᠦᠭᠰᠢᠭᠦᠷᠢ ᠶᠢ ᠢᠯᠭᠠᠨ | ᠲᠠᠨᠢᠬᠤ ᠴᠢᠳᠠᠪᠤᠷᠢ ᠪᠠ ᠲᠦᠭᠰᠢᠭᠦᠷᠢ ᠶᠢ ᠳᠠᠭᠠᠭᠠᠬᠤ ᠴᠢᠳᠠᠪᠤᠷᠢ ᠨᠢ ᠨᠡᠷᠡᠳᠬᠦᠨ ᠤ ᠲᠦᠭᠰᠢᠭᠦᠷᠢ ᠶᠢᠨ ᠵᠡᠷᠭᠡ | ᠳᠡᠰ ᠠᠴᠠ ᠳᠣᠣᠷ᠎ᠠ ᠪᠡᠯᠡ ᠣᠷᠣᠭᠤᠯᠤᠭᠴᠢ ᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ | ᠪᠣᠷᠣᠯᠠᠭᠤᠯᠤᠨ ᠬᠤᠳᠠᠯᠳᠤᠬᠤ ᠶᠢ ᠬᠢᠵᠠᠭᠠᠷᠯᠠᠨ᠎ᠠ︔ ᠠᠳᠠᠯᠢ ᠪᠤᠰᠤ ᠲᠥᠷᠥᠯ ᠢᠯᠭᠠᠯ ᠤᠨ ᠨᠡᠷᠡᠳᠬᠦᠨ ᠤ | ᠲᠦᠭᠰᠢᠭᠦᠷᠢ ᠶᠢᠨ ᠣᠨᠴᠠᠯᠢᠭ ᠢ ᠢᠯᠭᠠᠨ ᠰᠠᠯᠭᠠᠵᠤ᠂ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠬᠠᠮᠤᠭ ᠤᠨ ᠳᠣᠣᠷ᠎ᠠ ᠪᠡᠯᠡ ᠣᠷᠣᠭᠤᠯᠬᠤ ᠪᠡᠯᠡ ᠮᠥᠩᠭᠦ ᠶᠢ | 100 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃ | ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ᠢᠯᠡ ᠪᠠᠷ ᠴᠤᠭᠯᠠᠭᠤᠯᠤᠭᠰᠠᠨ ᠨᠡᠷᠡᠳᠬᠦᠨ ᠤ ᠪᠡᠯᠡ | ᠣᠷᠣᠭᠤᠯᠤᠭᠴᠢ ᠶᠢᠨ ᠲᠤᠭ᠎ᠠ ᠨᠢ ᠣᠯᠠᠨ᠂ ᠬᠤᠪᠢᠷᠠᠯᠲᠠ ᠨᠢ ᠶᠡᠭᠡ ᠵᠡᠷᠭᠡ ᠶᠢ ᠪᠣᠳᠣᠯᠬᠢᠯᠠᠵᠤ᠂ ᠬᠢᠨᠠᠨ ᠬᠠᠮᠢᠶᠠᠷᠬᠤ | ᠬᠠᠷᠠᠯᠲᠠ ᠵᠢᠴᠢ ᠬᠡᠷᠡᠭᠵᠢᠭᠦᠯᠵᠦ ᠪᠣᠯᠬᠤᠶᠢᠴᠠ ᠴᠢᠨᠠᠷ ᠠᠴᠠ ᠡᠭᠦᠰᠦᠨ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ | ᠡᠵᠡᠩᠨᠡᠯᠲᠡ ᠶᠢᠨ ᠪᠠᠶᠢᠭᠤᠯᠤᠮᠵᠢ ᠶᠢᠨ ᠲᠣᠬᠢᠷᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠯᠥᠪᠯᠡᠭᠡ ᠳᠤ᠂ ᠬᠡᠷᠪᠡ ᠲᠡᠭᠦᠨ ᠤ ᠨᠠᠶᠢᠳᠠᠭᠰᠠᠨ ᠪᠡᠯᠡ ᠮᠥᠩᠭᠦ ᠶᠢᠨ ᠢᠷᠡᠯᠲᠡ ᠨᠢ ᠢᠯᠡ ᠪᠠᠷ ᠴᠤᠭᠯᠠᠭᠤᠯᠤᠭᠰᠠᠨ | ᠨᠡᠷᠡᠳᠬᠦᠨ ᠪᠣᠯ᠂ ᠵᠥᠪᠬᠡᠨ ᠢᠯᠡ ᠪᠠᠷ ᠴᠤᠭᠯᠠᠭᠤᠯᠤᠭᠰᠠᠨ ᠨᠡᠷᠡᠳᠬᠦᠨ ᠬᠦᠷᠲᠡᠯ᠎ᠡ ᠢᠯᠭᠠᠨ ᠲᠠᠨᠢᠬᠤ ᠴᠢᠬᠤᠯᠠᠲᠠᠢ | ᠪᠠᠶᠢᠵᠤ᠂ ᠳᠡᠭᠡᠭᠰᠢ ᠪᠠᠨ ᠬᠠᠮᠤᠭ ᠤᠨ ᠡᠴᠦᠰ ᠤᠨ ᠪᠡᠯᠡ ᠣᠷᠣᠭᠤᠯᠤᠭᠴᠢ ᠬᠦᠷᠲᠡᠯ᠎ᠡ ᠢᠯᠭᠠᠨ ᠲᠠᠨᠢᠬᠤ ᠴᠢᠬᠤᠯᠠ | ᠦᠭᠡᠢ ᠪᠠᠶᠢᠳᠠᠭ᠃ | ᠬᠤᠶᠠᠷ ᠲᠤ᠂ ᠮᠡᠳᠡᠭᠡ ᠵᠠᠩᠭᠢ ᠶᠢ ᠨᠡᠶᠢᠲᠡᠯᠡᠬᠦ ᠶᠢ ᠪᠣᠳᠠᠲᠠᠢ ᠪᠥᠭᠡᠳ ᠨᠠᠷᠢᠯᠢᠭ ᠬᠢᠨ᠎ᠡ᠃ ᠲᠡᠮᠳᠡᠭᠲᠦ ᠶᠢᠨ | ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠩᠭᠠᠪᠠᠰᠤ ᠵᠣᠬᠢᠬᠤ ᠮᠡᠳᠡᠭᠡ ᠵᠠᠩᠭᠢ ᠶᠢ | ᠨᠡᠶᠢᠲᠡᠯᠡᠭᠰᠡᠨ ᠪᠢᠴᠢᠭ ᠮᠠᠲ᠋ᠧᠷᠢᠶᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ᠲᠥᠯᠥᠪᠯᠡᠭᠡ ᠶᠢᠨ ᠲᠣᠳᠣᠷᠬᠠᠶᠢᠯᠠᠯᠲᠠ᠂ | ᠲᠦᠭᠰᠢᠭᠦᠷᠢ ᠶᠢᠨ ᠵᠠᠷᠯᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠤᠯᠠᠷᠢᠯ ᠤᠨ | ᠮᠡᠳᠡᠭᠦᠯᠦᠯᠲᠡ ᠪᠠ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ ᠨᠠᠷᠢᠯᠢᠭᠵᠢᠭᠤᠯᠵᠤ᠂ | ᠪᠡᠯᠡ ᠣᠷᠣᠭᠤᠯᠤᠭᠴᠢ ᠳᠤ ᠨᠡᠷᠡᠳᠬᠦᠨ ᠤ ᠣᠷᠣᠭᠤᠯᠤᠯᠲᠠ ᠶᠢᠨ ᠬᠠᠨᠳᠤᠰᠢ ᠵᠢᠴᠢ ᠦᠷᠭᠦᠯᠵᠢᠯᠡᠨ ᠠᠵᠢᠯᠯᠠᠭᠤᠯᠬᠤ | ᠪᠠᠶᠢᠳᠠᠯ ᠢ ᠵᠠᠷᠯᠠᠬᠤ ᠪᠠᠷ ᠱᠠᠭᠠᠷᠳᠠᠨ᠎ᠠ︔ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠴᠡᠪᠡᠷ | ᠥᠷᠲᠡᠭ ᠵᠡᠷᠭᠡ ᠴᠢᠬᠤᠯᠠ ᠮᠡᠳᠡᠭᠡ ᠵᠠᠩᠭᠢ ᠶᠢ ᠵᠠᠷᠯᠠᠬᠤ ᠤᠳᠠᠭ᠎ᠠ ᠶᠢ ᠨᠡᠮᠡᠭᠳᠡᠭᠦᠯᠦᠨ᠎ᠡ︔ ᠲᠤᠰᠬᠠᠢ ᠰᠠᠯᠠᠭ᠎ᠠ ᠮᠥᠴᠢᠷ | ᠪᠤᠶᠤ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠮᠡᠳᠡᠭᠡ ᠵᠠᠩᠭᠢ ᠶᠢᠨ ᠨᠡᠶᠢᠲᠡᠯᠡᠬᠦ ᠠᠵᠢᠯ ᠢ | ᠬᠠᠷᠢᠭᠤᠴᠠᠭᠤᠯᠬᠤ ᠪᠠᠷ ᠱᠠᠭᠠᠷᠳᠠᠨ᠎ᠠ︔ ᠮᠡᠳᠡᠭᠡ ᠵᠠᠩᠭᠢ ᠶᠢ ᠨᠡᠶᠢᠲᠡᠯᠡᠭᠰᠡᠨ ᠲᠣᠪᠣᠶᠢᠮ᠎ᠠ ᠠᠰᠠᠭᠤᠳᠠᠯ ᠳᠤ | ᠴᠢᠭᠯᠡᠭᠦᠯᠵᠦ᠂ ᠶᠠᠮᠠᠷᠪᠠ ᠠᠷᠭ᠎ᠠ ᠬᠡᠯᠪᠡᠷᠢ ᠪᠠᠷ ᠡᠬᠡ ᠮᠥᠩᠭᠦ ᠶᠢ ᠪᠠᠲᠤᠯᠠᠬᠤ᠂ ᠠᠰᠢᠭ ᠣᠷᠣᠯᠭ᠎ᠠ ᠶᠢ ᠪᠠᠲᠤᠯᠠᠬᠤ ᠪᠤᠶᠤ | ᠬᠤᠷᠬᠢᠷᠠᠯ ᠢ ᠬᠢᠵᠠᠭᠠᠷᠯᠠᠬᠤ ᠪᠠᠷ ᠠᠮᠠᠯᠳᠠᠬᠤ ᠶᠢ ᠬᠢᠵᠠᠭᠠᠷᠯᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠯᠥᠪᠯᠡᠭᠡ ᠳᠤ ᠳᠡᠰ ᠬᠤᠪᠢᠶᠠᠬᠤ ᠳᠤ ᠡᠯ᠎ᠡ ᠲᠥᠷᠥᠯ ᠢᠯᠭᠠᠯ ᠤᠨ ᠬᠤᠪᠢ ᠶᠢᠨ ᠲᠤᠭ᠎ᠠ ᠶᠢᠨ ᠴᠡᠪᠡᠷ ᠥᠷᠲᠡᠭ ᠢ | ᠨᠡᠶᠢᠲᠡᠯᠡᠬᠦ ᠬᠡᠷᠡᠭᠲᠡᠢ ᠭᠡᠵᠦ ᠲᠣᠳᠣᠷᠬᠠᠶᠢᠯᠠᠨ᠎ᠠ᠃ | ᠭᠤᠷᠪᠠ ᠳᠤ᠂ ᠪᠡᠯᠡ ᠣᠷᠣᠭᠤᠯᠤᠨ ᠠᠵᠢᠯᠯᠠᠭᠤᠯᠬᠤ ᠶᠢ ᠤᠯᠠᠮ ᠨᠢᠭᠡ ᠠᠯᠬᠤᠮ ᠳᠦᠷᠢᠮᠵᠢᠭᠦᠯᠦᠨ᠎ᠡ᠃ | ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠡᠯᠡ | ᠣᠷᠣᠭᠤᠯᠤᠨ ᠠᠵᠢᠯᠯᠠᠭᠤᠯᠬᠤ ᠶᠠᠪᠤᠴᠠ ᠳᠤ ᠪᠡᠯᠡ ᠣᠷᠣᠭᠤᠯᠤᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ | ᠲᠣᠪᠣᠶᠢᠮ᠎ᠠ ᠠᠰᠠᠭᠤᠳᠠᠯ ᠳᠤ ᠴᠢᠭᠯᠡᠭᠦᠯᠵᠦ᠂ ᠴᠢᠭᠯᠡᠯᠲᠦ ᠴᠢᠨᠠᠷᠲᠠᠢ ᠳᠦᠷᠢᠮ ᠲᠣᠭᠲᠠᠭᠠᠯ ᠣᠯᠭᠤᠨ᠎ᠠ᠃ ᠡᠭᠦᠨ ᠳᠤ | ᠭᠡᠷ᠎ᠡ ᠶᠢ ᠬᠤᠪᠢᠷᠠᠭᠤᠯᠬᠤ᠂ ᠬᠤᠯᠪᠣᠭᠳᠠᠭᠤᠯᠤᠨ ᠠᠷᠠᠯᠵᠢᠶᠠᠯᠠᠬᠤ ᠵᠡᠷᠭᠡ ᠵᠦᠢᠯᠡᠰ ᠲᠤ ᠤᠷᠢᠳ ᠢᠶᠠᠷ ᠪᠡᠯᠡ | ᠣᠷᠣᠭᠤᠯᠤᠭᠴᠢ ᠶᠢᠨ ᠵᠥᠪᠰᠢᠶᠡᠷᠡᠯ ᠢ ᠣᠯᠬᠤ ᠬᠡᠷᠡᠭᠲᠡᠢ︔ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠯᠥᠪᠯᠡᠭᠡ ᠶᠢᠨ ᠵᠠᠷᠤᠳᠠᠯ ᠢ ᠵᠢᠭᠰᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠯᠥᠪᠯᠡᠭᠡ ᠶᠢ ᠪᠠᠶᠢᠭᠤᠯᠬᠤ ᠠᠴᠠ ᠡᠮᠦᠨ᠎ᠡ ᠡᠭᠦᠰᠦᠭᠰᠡᠨ ᠵᠠᠷᠤᠳᠠᠯ᠂ ᠵᠢᠴᠢ ᠬᠠᠳᠠᠭᠠᠯᠠᠨ | ᠦᠷᠭᠦᠯᠵᠢᠯᠡᠭᠦᠯᠬᠦ ᠬᠤᠭᠤᠴᠠᠭᠠᠨ ᠳᠤ ᠡᠭᠦᠰᠦᠭᠰᠡᠨ ᠡᠯᠰᠡᠨ ᠴᠤᠭᠯᠠᠭᠤᠯᠬᠤ ᠲᠠᠢ ᠬᠤᠯᠪᠣᠭᠳᠠᠯ ᠪᠦᠬᠦᠢ ᠵᠠᠷᠤᠳᠠᠯ ᠢ | ᠲᠥᠯᠥᠪᠯᠡᠭᠡ ᠶᠢᠨ ᠡᠳ᠋ ᠬᠥᠷᠥᠩᠭᠡ ᠳᠤ ᠵᠢᠭᠰᠠᠭᠠᠵᠤ ᠪᠣᠯᠬᠤ ᠦᠭᠡᠢ︔ ᠠᠵᠢᠯ ᠤᠨ ᠠᠮᠵᠢᠯᠲᠠ ᠶᠢᠨ ᠬᠥᠯᠥᠰᠦ | ᠣᠯᠭᠤᠮᠵᠢ ᠶᠢ ᠭᠠᠷᠭᠠᠨ ᠠᠪᠬᠤ ᠶᠢ ᠵᠢᠷᠤᠮᠵᠢᠭᠤᠯᠵᠤ᠂ ᠭᠠᠷᠭᠠᠨ ᠠᠪᠬᠤ ᠤᠳᠠᠭ᠎ᠠ ᠪᠠ ᠭᠠᠷᠭᠠᠨ ᠠᠪᠬᠤ ᠬᠠᠷᠢᠴᠠᠯ | ᠵᠡᠷᠭᠡ ᠶᠢ ᠬᠢᠵᠠᠭᠠᠷᠯᠠᠨ ᠲᠣᠭᠲᠠᠭᠠᠨ᠎ᠠ ᠵᠡᠷᠭᠡ ᠶᠢ ᠪᠠᠭᠲᠠᠭᠠᠵᠤ ᠪᠠᠶᠢᠨ᠎ᠠ᠃ | ᠳᠣᠯᠤᠭ᠎ᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠶᠠᠮᠠᠷ | ᠶᠠᠮᠠᠷ ᠲᠠᠯ᠎ᠠ ᠠᠴᠠ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ | ᠠᠵᠢᠯ ᠤᠨ ᠪᠡᠯᠡ ᠣᠷᠣᠭᠤᠯᠤᠨ ᠠᠵᠢᠯᠯᠠᠭᠤᠯᠬᠤ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ | ᠪᠦᠷᠢᠨᠰᠢᠭᠦᠯᠦᠭᠰᠡᠨ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠢᠯᠡ ᠪᠠᠷ | ᠴᠤᠭᠯᠠᠭᠤᠯᠤᠭᠰᠠᠨ ᠰᠠᠭᠤᠷᠢ ᠮᠥᠩᠭᠦᠨ ᠤ ︽ᠨᠡᠶᠢᠯᠡᠭᠦᠯᠦᠨ ᠪᠡᠯᠡ ᠣᠷᠣᠭᠤᠯᠬᠤ᠂ ᠠᠯᠪᠠᠳᠠᠯᠭ᠎ᠠ ᠪᠠᠷ ᠨᠠᠶᠢᠳᠠᠨ | ᠬᠠᠮᠢᠶᠠᠷᠤᠭᠤᠯᠬᠤ᠂ ᠭᠦᠢᠴᠡᠳ ᠨᠡᠶᠢᠲᠡᠯᠡᠬᠦ᠂ ᠲᠤᠰᠠᠭᠠᠷ ᠠᠵᠢᠯᠯᠠᠭᠤᠯᠬᠤ︾ ᠪᠣᠯᠪᠠᠰᠤᠷᠠᠩᠭᠤᠢ ᠲᠤᠷᠰᠢᠯᠭ᠎ᠠ ᠪᠠᠷ | ᠵᠣᠬᠢᠬᠤ ᠬᠡᠮᠵᠢᠶ᠎ᠡ ᠪᠠᠷ ᠯᠠᠪᠯᠠᠯᠲᠠ ᠪᠣᠯᠭᠠᠬᠤ ᠶᠢᠨ ᠬᠠᠮᠲᠤ᠂ ᠬᠤᠪᠢ ᠪᠠᠷ ᠢᠶᠠᠨ ᠡᠯᠰᠡᠨ ᠴᠤᠭᠯᠠᠭᠤᠯᠤᠭᠰᠠᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠤᠶᠠᠯᠳᠤᠭᠤᠯᠵᠤ᠂ ᠳᠣᠣᠷᠠᠬᠢ | ᠬᠡᠳᠦᠨ ᠲᠠᠯ᠎ᠠ ᠠᠴᠠ ᠪᠡᠯᠡ ᠣᠷᠣᠭᠤᠯᠤᠨ ᠠᠵᠢᠯᠯᠠᠭᠤᠯᠬᠤ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ | ᠨᠢᠭᠡ ᠳᠤ᠂ ᠨᠡᠶᠢᠯᠡᠭᠦᠯᠦᠨ ᠪᠡᠯᠡ ᠣᠷᠣᠭᠤᠯᠤᠨ᠎ᠠ᠃ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ | ᠳᠦᠷᠢᠮ︾ ᠳᠤ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠨᠡᠶᠢᠯᠡᠭᠦᠯᠦᠨ ᠪᠡᠯᠡ ᠣᠷᠣᠭᠤᠯᠬᠤ ᠪᠠᠷ ᠨᠢᠭᠡᠳᠦᠯᠲᠡᠢ | ᠱᠠᠭᠠᠷᠳᠠᠵᠤ᠂ ᠡᠳ᠋ ᠬᠥᠷᠥᠩᠭᠡ ᠶᠢᠨ ᠨᠡᠶᠢᠯᠡᠭᠦᠯᠬᠦ ᠠᠷᠭ᠎ᠠ ᠬᠡᠯᠪᠡᠷᠢ ᠶᠢ ᠬᠡᠷᠡᠭᠯᠡᠬᠦ ᠶᠢᠨ ᠬᠠᠮᠲᠤ᠂ ︽ᠬᠤᠣᠰ 25%︾ | ᠶᠢᠨ ᠬᠠᠷᠢᠴᠠᠯ ᠤᠨ ᠬᠢᠵᠠᠭᠠᠷᠯᠠᠯ ᠢ ᠲᠣᠭᠲᠠᠭᠠᠪᠠ᠃ ᠡᠭᠦᠨ ᠤ ᠬᠠᠮᠲᠤ᠂ ᠪᠡᠯᠡ ᠣᠷᠣᠭᠤᠯᠤᠭᠴᠢ ᠶᠢᠨ | ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠪᠣᠳᠣᠯᠬᠢᠯᠠᠬᠤ ᠶᠢᠨ ᠬᠠᠮᠲᠤ᠂ ᠲᠤᠬᠠᠶᠢᠯᠠᠭᠰᠠᠨ ᠠᠵᠢᠯ ᠢ ᠥᠷᠨᠢᠭᠦᠯᠬᠦ ᠳᠤ | ᠴᠢᠬᠤᠯᠠᠲᠠᠢ ᠠᠮᠢᠳᠤᠯᠢᠭ ᠴᠢᠨᠠᠷ ᠢ ᠦᠯᠡᠳᠡᠭᠡᠵᠦ᠂ ᠪᠦᠬᠦ ᠪᠡᠯᠡ ᠣᠷᠣᠭᠤᠯᠤᠭᠴᠢ ᠨᠢ ᠲᠤᠰᠬᠠᠢ ᠮᠡᠷᠭᠡᠵᠢᠯ ᠤᠨ ᠪᠡᠯᠡ | ᠣᠷᠣᠭᠤᠯᠤᠭᠴᠢ ᠪᠣᠯᠬᠤ ᠮᠥᠷᠲᠡᠭᠡᠨ ᠳᠠᠩ ᠭᠠᠭᠴᠠ ᠪᠡᠯᠡ ᠣᠷᠣᠭᠤᠯᠤᠭᠴᠢ ᠶᠢᠨ ᠪᠡᠯᠡ ᠣᠷᠣᠭᠤᠯᠬᠤ ᠪᠡᠯᠡ | ᠮᠥᠩᠭᠦ ᠶᠢ 1000 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠢᠲᠡᠭᠦᠮᠵᠢᠲᠦ ᠮᠠᠶ᠋ᠢᠭ ᠤᠨ ᠨᠡᠶᠢᠯᠡᠮᠡᠯ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠵᠡᠷᠭᠡ ᠡᠮᠦᠨ᠎ᠡ ᠶᠠᠷᠢᠭᠰᠠᠨ ᠲᠣᠭᠲᠠᠭᠠᠯ ᠤᠨ ᠬᠢᠵᠠᠭᠠᠷᠯᠠᠯ ᠢ | ᠬᠦᠯᠢᠶᠡᠬᠦ ᠦᠭᠡᠢ ᠭᠡᠵᠦ ᠲᠣᠭᠲᠠᠭᠠᠪᠠ᠃ | ᠬᠤᠶᠠᠷ ᠲᠤ᠂ ᠠᠯᠪᠠᠳᠠᠯᠭ᠎ᠠ ᠪᠠᠷ ᠨᠠᠶᠢᠳᠠᠨ ᠬᠠᠮᠢᠶᠠᠷᠤᠭᠤᠯᠤᠨ᠎ᠠ᠃ ᠠᠯᠪᠠᠳᠠᠯᠭ᠎ᠠ ᠪᠠᠷ ᠲᠤᠰᠠᠭᠠᠷ ᠨᠠᠶᠢᠳᠠᠨ | ᠬᠠᠮᠢᠶᠠᠷᠤᠭᠤᠯᠬᠤ ᠱᠠᠭᠠᠷᠳᠠᠯᠭ᠎ᠠ ᠶᠢ ᠵᠠᠷᠴᠢᠮ ᠢᠶᠠᠷ ᠲᠣᠭᠲᠠᠭᠠᠭᠰᠠᠨ ᠤ ᠬᠠᠮᠲᠤ᠂ ᠳᠠᠩ ᠭᠠᠭᠴᠠ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠯᠥᠪᠯᠡᠭᠡ ᠶᠢᠨ ᠣᠨᠴᠠᠯᠢᠭ ᠢ ᠪᠣᠳᠣᠯᠬᠢᠯᠠᠵᠤ᠂ ᠨᠠᠶᠢᠳᠠᠭᠴᠢ ᠬᠢᠭᠡᠳ ᠬᠠᠮᠢᠶᠠᠷᠤᠭᠴᠢ ᠶᠢᠨ | ᠲᠤᠰᠠᠭᠠᠷ ᠨᠠᠶᠢᠳᠠᠨ ᠬᠠᠮᠢᠶᠠᠷᠤᠭᠤᠯᠬᠤ ᠦᠭᠡᠢ ᠭᠡᠵᠦ ᠪᠣᠯᠵᠣᠨ ᠲᠣᠭᠲᠠᠬᠤ ᠶᠢ ᠵᠥᠪᠰᠢᠶᠡᠷᠡᠪᠡᠴᠦ᠂ ᠬᠤᠶᠠᠷ | ᠲᠠᠯ᠎ᠠ ᠪᠠᠷ ᠢᠶᠠᠨ ᠰᠠᠨᠠᠯ ᠨᠢᠭᠡᠳᠬᠦ ᠶᠢᠨ ᠬᠠᠮᠲᠤ ᠲᠦᠭᠰᠢᠭᠦᠷᠢ ᠶᠢ ᠭᠦᠢᠴᠡᠳ ᠵᠠᠷᠯᠠᠬᠤ ᠬᠡᠷᠡᠭᠲᠡᠢ᠃ ᠡᠭᠦᠨ ᠤ ᠬᠠᠮᠲᠤ᠂ | ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠳᠤ ᠪᠡᠯᠡ ᠣᠷᠣᠭᠤᠯᠤᠭᠰᠠᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠯᠥᠪᠯᠡᠭᠡ ᠶᠢᠨ ᠲᠤᠬᠠᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠡᠷ᠎ᠡ ᠳᠤ ᠨᠠᠶᠢᠳᠠᠨ | ᠬᠠᠮᠢᠶᠠᠷᠤᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ᠂ ᠨᠠᠶᠢᠳᠠᠨ ᠬᠠᠮᠢᠶᠠᠷᠤᠭᠤᠯᠤᠭᠴᠢ ᠬᠢᠭᠡᠳ | ᠬᠠᠮᠢᠶᠠᠷᠤᠭᠴᠢ ᠶᠢᠨ ᠡᠷᠬᠡ ᠡᠭᠦᠷᠭᠡ ᠶᠢ ᠡᠷᠬᠡᠪᠰᠢ ᠤᠷᠢᠳ ᠢᠶᠠᠷ ᠣᠨᠣᠪᠴᠢᠲᠠᠢ ᠪᠥᠭᠡᠳ ᠵᠦᠢ ᠵᠣᠬᠢᠰᠲᠠᠢ ᠪᠠᠷ | ᠪᠣᠯᠵᠣᠨ ᠲᠣᠭᠲᠠᠵᠤ᠂ ᠪᠡᠯᠡ ᠣᠷᠣᠭᠤᠯᠤᠭᠴᠢ ᠳᠤ ᠲᠦᠭᠰᠢᠭᠦᠷᠢ ᠶᠢ ᠭᠦᠢᠴᠡᠳ ᠵᠠᠷᠯᠠᠬᠤ ᠬᠡᠷᠡᠭᠲᠡᠢ ᠭᠡᠵᠦ | ᠱᠠᠭᠠᠷᠳᠠᠪᠠ᠃ | ᠭᠤᠷᠪᠠ ᠳᠤ᠂ ᠲᠤᠰᠠᠭᠠᠷ ᠠᠵᠢᠯᠯᠠᠭᠤᠯᠤᠨ᠎ᠠ᠃ ︽ᠵᠢᠯᠣᠭᠤᠳᠬᠤ ᠰᠠᠨᠠᠯ︾ ᠤᠨ ︽ᠨᠡᠪᠲᠡᠷᠡᠬᠦ ᠵᠠᠮ ᠢ | ᠦᠭᠡᠶᠢᠰᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ | ᠡᠵᠡᠩᠨᠡᠯᠲᠡ ᠶᠢᠨ ᠪᠠᠶᠢᠭᠤᠯᠤᠮᠵᠢ ᠠᠴᠠ ᠬᠢᠨᠠᠭᠤᠷ ᠪᠣᠯᠭᠤᠮᠵᠢᠲᠠᠢ ᠡᠵᠡᠩᠨᠡᠬᠦ ᠶᠢ ᠱᠠᠭᠠᠷᠳᠠᠵᠤ᠂ ᠰᠢᠨᠵᠢᠯᠡᠬᠦ ᠤᠬᠠᠭᠠᠨᠴᠢ | ᠪᠥᠭᠡᠳ ᠵᠦᠢ ᠵᠣᠬᠢᠰᠲᠠᠢ ᠪᠡᠯᠡ ᠣᠷᠣᠭᠤᠯᠤᠯᠲᠠ ᠶᠢᠨ ᠠᠷᠭᠠᠴᠠᠭᠠᠬᠤ ᠪᠣᠳᠣᠯᠭ᠎ᠠ ᠪᠠ ᠲᠦᠭᠰᠢᠭᠦᠷᠢ ᠶᠢᠨ | ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠪᠠ ᠬᠢᠵᠠᠭᠠᠷᠯᠠᠨ᠎ᠠ᠃ | ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠬᠢᠨᠠᠨ ᠬᠠᠮᠢᠶᠠᠷᠬᠤ | ᠱᠠᠭᠠᠷᠳᠠᠯᠭ᠎ᠠ ᠠᠴᠠ ᠵᠠᠶᠢᠯᠠᠬᠤ ᠨᠡᠪᠲᠡᠷᠡᠬᠦ ᠵᠠᠮ ᠤᠨ ᠦᠢᠯᠡᠴᠢᠯᠡᠭᠡ ᠬᠠᠩᠭᠠᠬᠤ ᠶᠢ ᠬᠢᠵᠠᠭᠠᠷᠯᠠᠨ᠂ ᠲᠡᠮᠳᠡᠭᠲᠦ ᠶᠢᠨ | ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠭᠡᠷ᠎ᠡ ᠲᠣᠭᠲᠠᠬᠤ ᠪᠠᠷ ᠳᠠᠮᠵᠢᠭᠤᠯᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠠᠴᠠ ᠵᠠᠶᠢᠯᠠᠭᠤᠯᠬᠤ ᠶᠢ ᠬᠢᠵᠠᠭᠠᠷᠯᠠᠵᠤ᠂ ᠬᠠᠮᠢᠶᠠᠷᠤᠭᠴᠢ ᠶᠢᠨ | ᠨᠠᠶᠢᠳᠠᠭᠴᠢ ᠪᠤᠶᠤ ᠲᠡᠭᠦᠨ ᠤ ᠵᠢᠭᠠᠨ ᠲᠣᠭᠲᠠᠭᠠᠭᠰᠠᠨ ᠭᠤᠷᠪᠠᠳᠠᠭᠴᠢ ᠲᠠᠯ᠎ᠠ ᠶᠢᠨ ᠵᠢᠭᠠᠪᠤᠷᠢ ᠪᠤᠶᠤ ᠰᠠᠨᠠᠭᠤᠯᠭ᠎ᠠ | ᠶᠣᠰᠣᠭᠠᠷ ᠪᠡᠯᠡ ᠣᠷᠣᠭᠤᠯᠬᠤ ᠰᠢᠢᠳᠪᠦᠷᠢᠲᠦ ᠪᠣᠳᠣᠯᠭ᠎ᠠ ᠭᠠᠷᠭᠠᠬᠤ ᠶᠢ ᠬᠢᠵᠠᠭᠠᠷᠯᠠᠨ᠎ᠠ᠃ | ᠨᠠᠢᠮᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ | ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ | ᠭᠤᠣᠯᠳᠠᠯᠭ᠎ᠠ ᠲᠠᠢ ᠲᠦᠭᠰᠢᠭᠦᠷᠢ ᠶᠢ ᠵᠢᠷᠤᠮᠵᠢᠭᠤᠯᠤᠨ ᠲᠣᠭᠲᠠᠭᠠᠬᠤ ᠲᠠᠯ᠎ᠠ ᠪᠠᠷ᠂ ᠶᠠᠮᠠᠷ ᠶᠠᠮᠠᠷ ᠪᠣᠳᠠᠲᠠᠢ ᠲᠣᠭᠲᠠᠭᠠᠯ | ᠪᠠᠶᠢᠬᠤ ᠪᠣᠢ︖ | ᠬᠠᠷᠢᠭᠤᠯᠲᠠ᠄ ᠣᠶᠢᠷ᠎ᠠ ᠶᠢᠨ ᠬᠡᠳᠦᠨ ᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠶᠢ ᠳ᠋ᠦᠩᠨᠡᠵᠦ᠂ | ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠰᠢᠯᠵᠢᠯᠲᠡ ᠶᠢᠨ ᠴᠢᠨᠠᠷ ᠲᠠᠢ ᠲᠦᠭᠰᠢᠭᠦᠷᠢ ᠪᠠ | ᠬᠤᠯᠪᠣᠭᠳᠠᠭᠤᠯᠤᠨ ᠠᠷᠠᠯᠵᠢᠶᠠᠯᠠᠬᠤ ᠲᠠᠯ᠎ᠠ ᠪᠠᠷ ᠭᠤᠣᠯᠳᠠᠯᠭ᠎ᠠ ᠲᠠᠢ ᠵᠢᠷᠤᠮᠵᠢᠭᠤᠯᠤᠨ ᠲᠣᠭᠲᠠᠭᠠᠪᠠ᠃ | ᠰᠢᠯᠵᠢᠯᠲᠡ ᠶᠢᠨ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠨᠢᠭᠡ ᠳᠤ᠂ ᠬᠤᠭᠤᠴᠠᠭ᠎ᠠ | ᠬᠢᠵᠠᠭᠠᠷ ᠢᠶᠠᠷ ᠲᠣᠬᠢᠷᠠᠯᠴᠠᠭᠤᠯᠬᠤ ᠶᠢ ᠴᠢᠬᠤᠯᠠᠴᠢᠯᠠᠭᠰᠠᠨ ᠤ ᠬᠠᠮᠲᠤ᠂ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠶᠠᠷ ᠲᠤ᠂ ᠬᠤᠪᠢ ᠪᠠᠷ ᠢᠶᠠᠨ ᠴᠤᠭᠯᠠᠭᠤᠯᠬᠤ ᠣᠨᠴᠠᠯᠢᠭ ᠢ ᠪᠣᠳᠣᠯᠬᠢᠯᠠᠨ᠂ ᠨᠡᠷᠡᠳᠬᠦᠨ ᠤ ᠨᠡᠭᠡᠭᠡᠯᠲᠡ ᠬᠢᠬᠦ | ᠤᠳᠠᠭ᠎ᠠ ᠶᠢ ᠬᠢᠵᠠᠭᠠᠷᠯᠠᠵᠤ᠂ ᠪᠠᠶᠢᠩᠭᠤ ᠨᠡᠭᠡᠭᠡᠯᠲᠡ ᠬᠢᠬᠦ ᠨᠡᠷᠡᠳᠬᠦᠨ ᠤ ᠪᠡᠯᠡ ᠣᠷᠣᠭᠤᠯᠤᠨ ᠠᠵᠢᠯᠯᠠᠭᠤᠯᠬᠤ ᠶᠢ | ᠵᠢᠷᠤᠮᠵᠢᠭᠤᠯᠪᠠ᠃ ᠭᠤᠷᠪᠠ ᠳᠤ᠂ ᠨᠡᠶᠢᠯᠡᠮᠡᠯ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠨᠡᠭᠡᠭᠡᠯᠲᠡ | ᠬᠢᠵᠦ ᠪᠤᠴᠠᠭᠠᠨ ᠭᠠᠷᠭᠠᠬᠤ ᠬᠤᠭᠤᠴᠠᠭᠠᠨ ᠳᠤ᠂ 10% ᠶᠢᠨ ᠥᠨᠳᠥᠷ ᠰᠢᠯᠵᠢᠯᠲᠡ ᠶᠢᠨ ᠴᠢᠨᠠᠷᠲᠠᠢ ᠡᠳ᠋ | ᠬᠥᠷᠥᠩᠭᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠳᠥᠷᠪᠡ ᠳᠤ᠂ ᠰᠢᠯᠵᠢᠯᠲᠡ ᠶᠢᠨ ᠴᠢᠨᠠᠷᠲᠠᠢ | ᠲᠦᠭᠰᠢᠭᠦᠷᠢ ᠶᠢᠨ ᠬᠠᠮᠢᠶᠠᠷᠤᠯᠲᠠ ᠶᠢᠨ ᠪᠠᠭᠠᠵᠢ ᠶᠢ ᠲᠣᠭᠲᠠᠭᠠᠪᠠ᠃ ᠡᠭᠦᠨ ᠳᠤ ᠶᠡᠭᠡ ᠬᠡᠮᠵᠢᠶ᠎ᠡ ᠪᠠᠷ ᠪᠤᠴᠠᠭᠠᠨ | ᠭᠠᠷᠭᠠᠬᠤ ᠭᠤᠶᠤᠴᠢᠯᠠᠯ ᠢ ᠬᠤᠭᠤᠴᠠᠭ᠎ᠠ ᠤᠷᠲᠤᠳᠬᠠᠨ ᠭᠦᠢᠴᠡᠳᠬᠡᠬᠦ᠂ ᠪᠤᠴᠠᠭᠠᠨ ᠭᠠᠷᠭᠠᠬᠤ ᠭᠤᠶᠤᠴᠢᠯᠠᠯ ᠢ | ᠬᠦᠯᠢᠶᠡᠨ ᠠᠪᠬᠤ ᠶᠢ ᠲᠦᠷ ᠵᠣᠭᠰᠣᠭᠠᠬᠤ᠂ ᠣᠬᠤᠷᠬᠠᠨ ᠬᠤᠭᠤᠴᠠᠭᠠᠨ ᠤ ᠵᠣᠯᠢᠵᠤ ᠠᠪᠬᠤ ᠰᠦᠢᠳᠬᠡᠯ ᠬᠤᠷᠢᠶᠠᠬᠤ | ᠵᠡᠷᠭᠡ ᠶᠢ ᠪᠠᠭᠲᠠᠭᠠᠨ᠎ᠠ᠃ | ᠬᠤᠯᠪᠣᠭᠳᠠᠭᠤᠯᠤᠨ ᠠᠷᠠᠯᠵᠢᠶᠠᠯᠠᠬᠤ ᠶᠢ ᠵᠢᠷᠤᠮᠵᠢᠭᠤᠯᠤᠨ ᠲᠣᠭᠲᠠᠭᠠᠬᠤ ᠲᠠᠯ᠎ᠠ ᠪᠠᠷ᠂ ᠨᠢᠭᠡ ᠳᠤ᠂ | ᠦᠨᠳᠦᠰᠦᠨ ᠵᠠᠷᠴᠢᠮ ᠢ ᠲᠣᠳᠣᠷᠬᠠᠶᠢᠯᠠᠨ᠎ᠠ᠃ ᠬᠤᠯᠪᠣᠭᠳᠠᠭᠤᠯᠤᠨ ᠠᠷᠠᠯᠵᠢᠶᠠᠯᠠᠬᠤ ᠳᠤ ᠤᠷᠢᠳ ᠢᠶᠠᠷ ᠪᠦᠬᠦ ᠪᠡᠯᠡ | ᠣᠷᠣᠭᠤᠯᠤᠭᠴᠢ ᠶᠢᠨ ᠵᠥᠪᠰᠢᠶᠡᠷᠡᠯ ᠢ ᠣᠯᠵᠤ᠂ ᠳᠠᠷᠠᠭ᠎ᠠ ᠳᠤ ᠨᠢ ᠪᠡᠯᠡ ᠣᠷᠣᠭᠤᠯᠤᠭᠴᠢ ᠪᠠ ᠨᠠᠶᠢᠳᠠᠨ | ᠬᠠᠮᠢᠶᠠᠷᠤᠭᠤᠯᠤᠭᠴᠢ ᠳᠤ ᠮᠡᠳᠡᠭᠳᠡᠬᠦ ᠶᠢᠨ ᠬᠠᠮᠲᠤ᠂ ᠮᠡᠳᠡᠭᠦᠯᠬᠦ ᠡᠭᠦᠷᠭᠡ ᠶᠢ ᠴᠢᠩᠭ᠎ᠠ ᠭᠦᠢᠴᠡᠳᠬᠡᠨ᠎ᠡ᠃ ᠬᠤᠶᠠᠷ ᠲᠤ᠂ | ᠨᠡᠶᠢᠯᠡᠮᠡᠯ ᠲᠥᠯᠥᠪᠯᠡᠭᠡ ᠶᠢᠨ ᠡᠳ᠋ ᠬᠥᠷᠥᠩᠭᠡ ᠶᠢ ᠬᠠᠮᠢᠶᠠᠷᠤᠭᠴᠢ᠂ ᠨᠠᠶᠢᠳᠠᠨ ᠬᠠᠮᠢᠶᠠᠷᠤᠭᠤᠯᠤᠭᠴᠢ ᠵᠢᠴᠢ ᠡᠮᠦᠨ᠎ᠡ | ᠶᠠᠷᠢᠭᠰᠠᠨ ᠪᠠᠶᠢᠭᠤᠯᠤᠮᠵᠢ ᠶᠢᠨ ᠬᠤᠯᠪᠣᠭᠳᠠᠭᠤᠯᠬᠤ ᠲᠠᠯ᠎ᠠ ᠶᠢᠨ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠳᠤ | ᠣᠷᠣᠭᠤᠯᠬᠤ ᠶᠢ ᠬᠢᠵᠠᠭᠠᠷᠯᠠᠨ᠎ᠠ᠃ ᠭᠤᠷᠪᠠ ᠳᠤ᠂ ᠳᠡᠰ ᠬᠤᠪᠢᠶᠠᠭᠰᠠᠨ ᠨᠡᠷᠡᠳᠬᠦᠨ ᠢ ᠠᠰᠢᠭᠯᠠᠨ ᠠᠳᠠᠭ | ᠬᠤᠴᠣᠷᠤᠩᠭᠤᠢ ᠳᠡᠰ ᠤᠨ ᠨᠠᠶᠢᠳᠠᠨ ᠬᠠᠮᠢᠶᠠᠷᠤᠭᠤᠯᠤᠭᠴᠢ ᠵᠢᠴᠢ ᠲᠡᠭᠦᠨ ᠤ ᠬᠤᠯᠪᠣᠭᠳᠠᠭᠤᠯᠬᠤ ᠲᠠᠯ᠎ᠠ ᠳᠤ ᠪᠡᠯᠡ | ᠲᠣᠬᠢᠷᠠᠭᠤᠯᠤᠯᠲᠠ ᠬᠠᠩᠭᠠᠬᠤ ᠶᠢ ᠬᠢᠵᠠᠭᠠᠷᠯᠠᠨ᠎ᠠ᠃ ᠳᠥᠷᠪᠡ ᠳᠤ᠂ ᠬᠤᠯᠪᠣᠭᠳᠠᠭᠤᠯᠬᠤ ᠲᠠᠯ᠎ᠠ ᠶᠢᠨ ᠬᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠳᠤ ᠣᠷᠣᠯᠴᠠᠭᠰᠠᠨ ᠪᠣᠯ᠂ ᠲᠡᠮᠳᠡᠭᠲᠦ ᠶᠢᠨ ᠬᠤᠭᠤᠴᠠᠭᠠᠲᠤ | ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠨᠡᠶᠢᠲᠡᠯᠡᠬᠦ ᠪᠠ ᠮᠡᠳᠡᠭᠦᠯᠬᠦ ᠡᠭᠦᠷᠭᠡ ᠶᠢ ᠭᠦᠢᠴᠡᠳᠬᠡᠬᠦ ᠶᠢᠨ | ᠬᠠᠮᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠳᠠᠩᠰᠠᠨ ᠤ ᠡᠷᠦᠬᠡ ᠶᠢ ᠬᠢᠨᠠᠨ ᠡᠵᠡᠮᠳᠡᠨ᠎ᠡ᠃ | ᠶᠢᠰᠦ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ ᠡᠳ᠋ | ᠬᠥᠷᠥᠩᠭᠡ ᠶᠢ ᠬᠡᠷᠬᠢᠨ ᠵᠢᠷᠤᠮᠵᠢᠭᠤᠯᠤᠭᠰᠠᠨ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠳᠣᠣᠷᠠᠬᠢ ᠳᠥᠷᠪᠡᠨ | ᠲᠠᠯ᠎ᠠ ᠠᠴᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ | ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠳᠤ ᠰᠢᠰᠲ᠋ᠧᠮ ᠲᠠᠢ ᠵᠢᠷᠤᠮᠵᠢᠯ ᠬᠢᠪᠡ᠃ ᠨᠢᠭᠡ ᠳᠤ᠂ | ᠨᠡᠶᠢᠲᠡ ᠪᠠᠷ ᠢᠶᠠᠨ ᠵᠥᠪᠰᠢᠶᠡᠷᠡᠭᠰᠡᠨ ᠥᠷᠲᠡᠭ ᠢ ᠪᠦᠷᠢᠯᠳᠦᠭᠦᠯᠦᠭᠰᠡᠨ ᠪᠠ ᠨᠡᠯᠢᠶᠡᠳ ᠥᠨᠳᠥᠷ ᠰᠢᠯᠵᠢᠯᠲᠡ ᠶᠢᠨ | ᠴᠢᠨᠠᠷ ᠲᠠᠢ ᠡᠰᠡᠬᠦ ᠪᠠᠷ ᠪᠠᠷᠢᠮᠵᠢᠶ᠎ᠠ ᠪᠣᠯᠭᠠᠵᠤ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ | ᠲᠥᠷᠥᠯ ᠤᠨ ᠡᠳ᠋ ᠬᠥᠷᠥᠩᠭᠡ ᠶᠢ ︽ᠵᠢᠯᠣᠭᠤᠳᠬᠤ ᠰᠠᠨᠠᠯ︾ ᠤᠨ ᠲᠣᠭᠲᠠᠭᠠᠯ ᠢ ᠦᠨᠳᠦᠰᠦᠯᠡᠨ ᠨᠤᠲᠠᠯᠠᠨ | ᠲᠣᠭᠲᠠᠭᠠᠬᠤ ᠶᠢ ᠲᠣᠳᠣᠷᠬᠠᠶᠢᠯᠠᠪᠠ᠃ ᠬᠤᠶᠠᠷ ᠲᠤ᠂ ᠡᠯ᠎ᠡ ᠲᠥᠷᠥᠯ ᠤᠨ ᠠᠰᠢᠭ ᠣᠷᠣᠯᠭ᠎ᠠ ᠶᠢᠨ ᠡᠷᠬᠡ ᠶᠢ | ᠳᠤᠷ᠎ᠠ ᠪᠠᠷ ᠢᠶᠠᠨ ᠡᠭᠦᠳᠦᠨ ᠲᠣᠬᠢᠷᠠᠭᠤᠯᠤᠭᠰᠠᠨ ᠠᠴᠠ ᠪᠣᠯᠵᠤ ᠡᠳ᠋ ᠬᠥᠷᠥᠩᠭᠡ ᠶᠢᠨ ᠬᠤᠳᠠᠯ ᠬᠠᠭᠤᠷᠮᠠᠭ ᠪᠥᠭᠡᠳ | ᠦᠷ᠎ᠡ ᠪᠦᠲᠦᠮᠵᠢ ᠳᠣᠣᠷ᠎ᠠ᠂ ︽ᠨᠢᠭᠡ ᠪᠣᠳᠠᠰ ᠢ ᠣᠯᠠᠨ ᠭᠠᠵᠠᠷ ᠲᠤ ᠬᠤᠳᠠᠯᠳᠤᠬᠤ︾ ᠵᠡᠷᠭᠡ ᠲᠦᠭᠰᠢᠭᠦᠷᠢ ᠶᠢ ᠪᠣᠢ | ᠪᠣᠯᠭᠠᠬᠤ ᠶᠢ ᠬᠢᠵᠠᠭᠠᠷᠯᠠᠬᠤ ᠶᠢᠨ ᠲᠥᠯᠥᠭᠡ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ | ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢᠨ ︽ᠬᠢᠷᠢ ᠭᠡᠮ︾ ᠤᠨ ᠱᠠᠭᠠᠷᠳᠠᠯᠭ᠎ᠠ ᠶᠢ | ᠲᠣᠳᠣᠷᠬᠠᠶᠢᠯᠠᠵᠤ᠂ ᠡᠨᠡ ᠨᠢ ᠬᠠᠤᠯᠢ ᠶᠣᠰᠣᠨ ᠤ᠂ ᠦᠨᠡᠨ ᠪᠣᠳᠠᠲᠠᠢ᠂ ᠪᠦᠲᠦᠮᠵᠢᠲᠡᠢ᠂ ᠣᠨᠴᠠᠭᠠᠶᠢᠯᠠᠨ | ᠲᠣᠭᠲᠠᠭᠠᠵᠤ ᠪᠣᠯᠬᠤᠶᠢᠴᠠ ᠵᠡᠷᠭᠡ ᠶᠢ ᠪᠠᠭᠲᠠᠭᠠᠵᠤ ᠪᠠᠶᠢᠨ᠎ᠠ᠃ ᠭᠤᠷᠪᠠ ᠳᠤ᠂ ︽ᠵᠢᠯᠣᠭᠤᠳᠬᠤ ᠰᠠᠨᠠᠯ︾ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠳᠠᠯᠳᠤᠭᠠᠨ ᠤ ᠪᠠᠩᠬᠢ ᠶᠢᠨ ᠬᠥᠷᠥᠩᠭᠡ ᠮᠥᠩᠭᠦ ᠠᠬᠤᠶᠢᠯᠠᠬᠤ | ᠲᠤᠬᠠᠶᠢᠯᠠᠭᠰᠠᠨ ᠠᠵᠢᠯ ᠤᠨ ᠬᠢᠨᠠᠨ ᠬᠠᠮᠢᠶᠠᠷᠬᠤ ᠶᠣᠰᠣ ᠳᠦᠷᠢᠮ ᠢᠶᠠᠷ ᠯᠠᠪᠯᠠᠯᠲᠠ ᠪᠣᠯᠭᠠᠵᠤ᠂ ᠠᠳᠠᠯᠢ ᠨᠢᠭᠡᠨ | ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠮᠢᠶᠠᠷᠴᠤ ᠪᠠᠶᠢᠭ᠎ᠠ ᠪᠦᠬᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ | ᠥᠭᠴᠡᠭᠡᠨ ᠤ ᠡᠷᠬᠡ ᠶᠢᠨ ᠲᠥᠷᠥᠯ ᠤᠨ ᠡᠳ᠋ ᠬᠥᠷᠥᠩᠭᠡ ᠶᠢᠨ ᠪᠡᠯᠡ ᠮᠥᠩᠭᠦ ᠨᠢ᠂ ᠪᠦᠬᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠯᠥᠪᠯᠡᠭᠡ ᠶᠢᠨ ᠴᠡᠪᠡᠷ ᠡᠳ᠋ ᠬᠥᠷᠥᠩᠭᠡ ᠶᠢᠨ 35% ᠠᠴᠠ ᠬᠡᠲᠦᠷᠡᠵᠦ ᠪᠣᠯᠬᠤ ᠦᠭᠡᠢ ᠭᠡᠵᠦ | ᠲᠣᠭᠲᠠᠭᠠᠭᠰᠠᠨ ᠤ ᠬᠠᠮᠲᠤ᠂ ᠡᠬᠡ ᠥᠬᠢᠨ ᠺᠣᠮᠫᠠᠨᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ ᠨᠡᠶᠢᠯᠡᠭᠦᠯᠦᠨ ᠨᠢᠭᠡᠳᠬᠡᠬᠦ ᠲᠥᠷᠥᠯᠵᠢᠯ | ᠶᠣᠰᠣᠭᠠᠷ ᠲᠣᠭᠠᠴᠠᠨ ᠪᠣᠳᠣᠬᠤ ᠶᠢ ᠵᠥᠪᠰᠢᠶᠡᠷᠡᠨ᠎ᠡ᠃ ᠡᠭᠦᠨ ᠤ ᠬᠠᠮᠲᠤ᠂ ᠲᠡᠮᠳᠡᠭᠲᠦ ᠶᠢᠨ ᠬᠤᠭᠤᠴᠠᠭᠠᠲᠤ | ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠰᠢᠨ᠎ᠡ ᠪᠠᠷ ᠥᠷᠨᠢᠭᠦᠯᠦᠭᠰᠡᠨ ᠲᠤᠬᠠᠶᠢᠯᠠᠭᠰᠠᠨ ᠠᠵᠢᠯ ᠢ | ᠨᠥᠯᠥᠭᠡᠯᠡᠬᠦ ᠠᠴᠠ ᠵᠠᠶᠢᠯᠠᠰᠬᠢᠬᠦ ᠶᠢᠨ ᠲᠥᠯᠥᠭᠡ᠂ ᠡᠮᠦᠨ᠎ᠡ ᠶᠠᠷᠢᠭᠰᠠᠨ ᠭᠦᠢᠴᠡᠳᠬᠡᠯ ᠲᠣᠭᠠᠨ ᠤ ᠪᠠᠷᠢᠮᠵᠢᠶ᠎ᠠ ᠳᠤ | ᠬᠦᠷᠬᠦ ᠠᠴᠠ ᠡᠮᠦᠨ᠎ᠡ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠪᠡᠯᠡ ᠣᠷᠣᠭᠤᠯᠤᠯᠲᠠ ᠶᠢ | ᠰᠢᠨ᠎ᠡ ᠪᠠᠷ ᠨᠡᠮᠡᠵᠦ ᠪᠣᠯᠬᠤ ᠪᠥᠭᠡᠳ ᠰᠢᠯᠵᠢᠯᠲᠡ ᠶᠢᠨ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠪᠠᠷᠢᠮᠵᠢᠶ᠎ᠠ ᠳᠤ | ᠬᠦᠷᠬᠦ ᠶᠢ ᠵᠥᠪᠰᠢᠶᠡᠷᠡᠪᠡ᠃ ᠳᠥᠷᠪᠡ ᠳᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ | ᠪᠠᠶᠢᠭᠤᠯᠤᠮᠵᠢ ᠠᠴᠠ ᠲᠤᠰᠬᠠᠶᠢᠯᠠᠨ ᠶᠠᠰᠤ ᠴᠢᠨᠠᠷ ᠢ ᠡᠵᠡᠮᠳᠡᠬᠦ ᠳᠦᠷᠢᠮ ᠢ ᠲᠣᠭᠲᠠᠭᠠᠭᠰᠠᠨ ᠤ ᠬᠠᠮᠲᠤ᠂ ᠲᠤᠰᠬᠠᠢ | ᠠᠵᠢᠯ ᠤᠨ ᠪᠠᠶᠢᠷᠢ ᠲᠣᠬᠢᠷᠠᠭᠤᠯᠵᠤ ᠪᠡᠯᠡ ᠣᠷᠣᠭᠤᠯᠤᠭᠰᠠᠨ ᠤ ᠳᠠᠷᠠᠭᠠᠬᠢ ᠬᠠᠮᠢᠶᠠᠷᠤᠯᠲᠠ᠂ ᠮᠡᠳᠡᠭᠡ ᠵᠠᠩᠭᠢ ᠶᠢ | ᠨᠡᠶᠢᠲᠡᠯᠡᠬᠦ ᠵᠡᠷᠭᠡ ᠶᠠᠪᠤᠳᠠᠯ ᠢ ᠬᠠᠷᠢᠭᠤᠴᠠᠭᠤᠯᠵᠤ᠂ ᠲᠦᠭᠰᠢᠭᠦᠷᠢ ᠶᠢ ᠬᠥᠳᠡᠯᠦᠩᠭᠦᠢ ᠪᠠᠷ ᠬᠢᠨᠠᠨ ᠰᠢᠨᠵᠢᠬᠦ ᠪᠠᠷ | ᠱᠠᠭᠠᠷᠳᠠᠵᠠᠢ᠃ | ᠠᠷᠪᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ | ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠳᠣᠲᠣᠭᠠᠳᠤ ᠶᠢᠨ ᠲᠣᠭᠲᠠᠭᠠᠯ ᠳᠤ | ᠨᠡᠶᠢᠴᠡᠭᠦᠯᠦᠨ ᠲᠦᠭᠰᠢᠭᠦᠷᠢ ᠶᠢ ᠡᠵᠡᠮᠳᠡᠬᠦ ᠬᠠᠮᠢᠶᠠᠷᠤᠯᠲᠠ ᠶᠢ ᠴᠢᠩᠭᠠᠷᠠᠭᠤᠯᠬᠤ ᠲᠠᠯ᠎ᠠ ᠪᠠᠷ᠂ ᠶᠠᠮᠠᠷ ᠶᠠᠮᠠᠷ ᠲᠣᠭᠲᠠᠭᠠᠯ | ᠪᠠᠶᠢᠬᠤ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ ᠲᠤᠰᠬᠠᠶᠢᠯᠠᠨ ᠨᠢᠭᠡ | ᠪᠦᠯᠦᠭ ᠲᠣᠬᠢᠷᠠᠭᠤᠯᠵᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ | ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ | ᠥᠷᠨᠢᠭᠦᠯᠬᠦ ᠲᠦᠭᠰᠢᠭᠦᠷᠢ ᠶᠢᠨ ᠬᠠᠮᠢᠶᠠᠷᠤᠯᠲᠠ ᠬᠢᠭᠡᠳ ᠳᠣᠲᠣᠭᠠᠳᠤ ᠳᠤ ᠪᠠᠨ ᠡᠵᠡᠮᠳᠡᠬᠦ ᠲᠣᠭᠲᠠᠴᠠ ᠶᠢᠨ | ᠱᠠᠭᠠᠷᠳᠠᠯᠭ᠎ᠠ ᠶᠢ ᠰᠢᠰᠲ᠋ᠧᠮ ᠲᠠᠢ ᠲᠣᠭᠲᠠᠭᠠᠪᠠ᠃ ᠲᠡᠭᠦᠨ ᠤ ᠳᠣᠲᠣᠷ᠎ᠠ᠂ ᠲᠠᠪᠤᠨ ᠲᠠᠯ᠎ᠠ ᠶᠢᠨ ᠱᠠᠭᠠᠷᠳᠠᠯᠭ᠎ᠠ ᠶᠢ | ᠣᠨᠴᠠᠭᠠᠶᠢᠯᠠᠨ ᠴᠢᠬᠤᠯᠠᠴᠢᠯᠠᠪᠠ᠃ ᠨᠢᠭᠡ ᠳᠤ᠂ ᠲᠤᠰᠠᠭᠠᠷ ᠠᠵᠢᠯᠯᠠᠭᠤᠯᠵᠤ᠂ ᠬᠤᠪᠢ ᠪᠠᠷ ᠢᠶᠠᠨ ᠴᠤᠭᠯᠠᠭᠤᠯᠤᠭᠰᠠᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠬᠢᠭᠡᠳ ᠺᠣᠮᠫᠠᠨᠢ ᠶᠢᠨ ᠪᠤᠰᠤᠳ ᠲᠤᠬᠠᠶᠢᠯᠠᠭᠰᠠᠨ | ᠠᠵᠢᠯ ᠢ ᠪᠦᠲᠦᠮᠵᠢᠲᠡᠢ ᠰᠠᠯᠭᠠᠨ ᠲᠤᠰᠠᠭᠠᠷᠯᠠᠭᠤᠯᠬᠤ ᠪᠠᠷ ᠱᠠᠭᠠᠷᠳᠠᠨ᠎ᠠ᠃ ᠬᠤᠶᠠᠷ ᠲᠤ᠂ ᠡᠷᠬᠡ ᠲᠡᠭᠰᠢ ᠪᠠᠷ | ᠠᠷᠠᠯᠵᠢᠶᠠᠯᠠᠬᠤ ᠶᠢ ᠴᠢᠩᠭᠠᠷᠠᠭᠤᠯᠵᠤ᠂ ᠬᠡᠪ ᠤᠨ ᠪᠤᠰᠤ ᠪᠠᠷ ᠠᠷᠠᠯᠵᠢᠶᠠᠯᠠᠬᠤ ᠶᠢ ᠬᠢᠨᠠᠨ ᠰᠢᠨᠵᠢᠵᠦ ᠬᠢᠨᠠᠨ | ᠡᠵᠡᠮᠳᠡᠬᠦ ᠶᠢ ᠴᠢᠩᠭᠠᠳᠬᠠᠨ᠎ᠠ᠃ ᠭᠤᠷᠪᠠ ᠳᠤ᠂ ᠲᠦᠭᠰᠢᠭᠦᠷᠢ ᠶᠢ ᠡᠵᠡᠮᠳᠡᠬᠦ ᠬᠢᠭᠡᠳ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ | ᠡᠵᠡᠩᠨᠡᠯᠲᠡ ᠶᠢᠨ ᠪᠠᠶᠢᠭᠤᠯᠤᠮᠵᠢ ᠠᠴᠠ ᠪᠡᠯᠡ ᠣᠷᠣᠭᠤᠯᠬᠤ ᠡᠲᠡᠭᠡᠳ ᠬᠢᠭᠡᠳ ᠠᠷᠠᠯᠵᠢᠶᠠᠯᠠᠬᠤ ᠡᠰᠡᠷᠭᠦ ᠡᠲᠡᠭᠡᠳ ᠢ | ᠪᠡᠯᠡᠳᠬᠡᠨ ᠰᠣᠩᠭᠤᠬᠤ ᠬᠥᠮᠥᠷᠭᠡ ᠶᠢ ᠪᠠᠶᠢᠭᠤᠯᠤᠨ ᠬᠠᠮᠠᠭᠠᠯᠠᠵᠤ᠂ ᠠᠷᠠᠯᠵᠢᠶᠠᠯᠠᠬᠤ ᠲᠤᠭ᠎ᠠ ᠬᠡᠮᠵᠢᠶ᠎ᠡ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠂ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠪᠠᠷᠢᠮᠵᠢᠶᠠᠵᠢᠭᠤᠯᠤᠭᠰᠠᠨ ᠪᠤᠰᠤ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠮᠥᠷᠳᠡᠵᠦ᠂ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠲᠥᠰᠥᠪ ᠢ ᠲᠣᠭᠲᠠᠭᠠᠨ᠎ᠠ᠃ ᠳᠥᠷᠪᠡ ᠳᠤ᠂ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠣᠶᠢᠷ᠎ᠠ ᠶᠢᠨ | ᠬᠤᠶᠠᠷ ᠵᠢᠯ ᠠᠴᠠ ᠨᠠᠭᠠᠰᠢᠬᠢ ᠮᠠᠨ ᠤ ᠵᠥᠪᠯᠡᠯ ᠠᠴᠠ ᠨᠡᠶᠢᠲᠡᠯᠡᠭᠰᠡᠨ ᠪᠡᠯᠡ ᠣᠷᠣᠭᠤᠯᠤᠭᠰᠠᠨ ᠪᠠᠩᠬᠢ᠂ | ᠥᠭᠴᠡᠭᠡᠨ ᠤ ᠲᠡᠮᠳᠡᠭᠲᠦ ᠵᠡᠷᠭᠡ ᠲᠤᠬᠠᠶᠢᠯᠠᠭᠰᠠᠨ ᠠᠵᠢᠯ ᠤᠨ ᠬᠢᠨᠠᠨ ᠬᠠᠮᠢᠶᠠᠷᠬᠤ ᠶᠣᠰᠣ ᠳᠦᠷᠢᠮ ᠢᠶᠠᠷ ᠯᠠᠪᠯᠠᠯᠲᠠ | ᠪᠣᠯᠭᠠᠵᠤ᠂ ᠣᠷᠣᠯᠭ᠎ᠠ ᠶᠢ ᠠᠬᠢᠨ ᠤᠷᠲᠤᠳᠬᠠᠵᠤ ᠣᠯᠭᠤᠬᠤ ᠵᠡᠷᠭᠡ ᠳᠦᠷᠢᠮ ᠢ ᠪᠠᠶᠢᠭᠤᠯᠤᠨ᠎ᠠ᠃ ᠲᠠᠪᠤ ᠳᠤ᠂ | ᠳᠣᠲᠣᠭᠠᠳᠤ ᠳᠤ ᠪᠠᠨ ᠪᠠᠶᠢᠴᠠᠭᠠᠯᠲᠠ ᠬᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠳᠠᠷᠤᠭᠠᠰᠤ ᠶᠢᠨ ᠬᠡᠮᠵᠢᠯᠲᠡ | ᠲᠤᠷᠰᠢᠯᠲᠠ ᠬᠢᠬᠦ ᠶᠢ ᠴᠢᠩᠭᠠᠳᠬᠠᠬᠤ ᠶᠢᠨ ᠬᠠᠮᠲᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠲᠣᠳᠣᠷᠬᠠᠶᠢᠯᠠᠨ᠎ᠠ᠃ | ᠠᠷᠪᠠᠨ ᠨᠢᠭᠡ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠤ | ᠰᠢᠯᠵᠢᠯᠲᠡ ᠶᠢᠨ ᠬᠤᠭᠤᠴᠠᠭᠠᠨ ᠤ ᠲᠤᠬᠠᠢ ᠬᠡᠷᠬᠢᠨ ᠲᠣᠬᠢᠷᠠᠭᠤᠯᠤᠭᠰᠠᠨ ᠪᠣᠢ︖ | ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠳᠠᠬᠢ ᠰᠢᠯᠵᠢᠯᠲᠡ ᠶᠢᠨ | ᠬᠤᠭᠤᠴᠠᠭᠠᠨ ᠤ ᠱᠠᠭᠠᠷᠳᠠᠯᠭ᠎ᠠ ᠨᠢ ︽ᠵᠢᠯᠣᠭᠤᠳᠬᠤ ᠰᠠᠨᠠᠯ︾ ᠲᠠᠢ ᠨᠢᠭᠡᠳᠦᠯᠲᠡᠢ ᠪᠠᠶᠢᠵᠤ᠂ ᠰᠢᠯᠵᠢᠯᠲᠡ ᠶᠢᠨ | ᠬᠤᠭᠤᠴᠠᠭ᠎ᠠ ᠨᠢ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠢ ᠨᠡᠶᠢᠲᠡᠯᠡᠨ ᠬᠡᠷᠡᠭᠵᠢᠭᠦᠯᠦᠭᠰᠡᠨ | ᠡᠳᠦᠷ ᠠᠴᠠ ᠡᠬᠢᠯᠡᠨ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠲᠤ ᠬᠦᠷᠬᠦ ᠶᠢᠨ ᠬᠠᠮᠲᠤ᠂ | ᠣᠳᠣᠬᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠣᠨᠴᠠᠯᠢᠭ ᠲᠤ ᠰᠠᠭᠤᠷᠢᠯᠠᠵᠤ᠂ ︽ᠰᠢᠨ᠎ᠡ ᠬᠠᠭᠤᠴᠢᠨ ᠢ | ᠬᠤᠪᠢᠶᠠᠷᠢᠯᠠᠨ ᠲᠠᠰᠤᠳᠠᠬᠤ︾ ᠲᠣᠬᠢᠯᠢᠭᠵᠢᠭᠤᠯᠤᠭᠰᠠᠨ ᠲᠣᠬᠢᠷᠠᠭᠤᠯᠤᠯᠲᠠ ᠬᠢᠵᠡᠢ᠃ | ᠰᠢᠯᠵᠢᠯᠲᠡ ᠶᠢᠨ ᠬᠤᠭᠤᠴᠠᠭᠠᠨ ᠳᠤ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠤᠨ | ᠲᠣᠭᠲᠠᠭᠠᠯ ᠳᠤ ᠬᠠᠷᠠᠬᠠᠨ ᠥᠯᠥ ᠨᠡᠶᠢᠴᠡᠬᠦ ᠦᠯᠡᠳᠡᠭᠡᠯ ᠨᠡᠷᠡᠳᠬᠦᠨ ᠤ ᠪᠦᠬᠦᠯᠢ ᠴᠣᠭᠴᠠ ᠶᠢᠨ ᠬᠡᠪᠴᠢᠶ᠎ᠡ ᠶᠢ | ᠠᠪᠴᠢᠭᠤᠯᠤᠭᠰᠠᠨ ᠤᠲ᠋ᠦ᠋ᠷᠢᠮ︾ ᠤᠨ ᠲᠣᠭᠲᠠᠭᠠᠯ ᠳᠤ ᠬᠠᠷᠠᠬᠠᠨ ᠥᠯᠥ ᠨᠡᠶᠢᠴᠡᠬᠦ ᠦᠯᠡᠳᠡᠭᠡᠯ ᠨᠡᠷᠡᠳᠬᠦᠨ ᠤ | ᠡᠷᠭᠢᠯᠳᠦᠭᠦᠯᠵᠦ ᠦᠷᠭᠦᠯᠵᠢᠯᠡᠨ ᠬᠢᠬᠦ ᠶᠢ ᠵᠥᠪᠰᠢᠶᠡᠷᠡᠬᠦ ᠮᠥᠷᠲᠡᠭᠡᠨ ᠴᠡᠭᠴᠡᠯᠡᠨ ᠥᠭᠡᠷᠡᠴᠢᠯᠡᠬᠦ ᠠᠬᠢᠴᠠ ᠶᠢ | ᠨᠢᠭᠡᠳᠦᠯᠲᠡᠢ ᠬᠢᠵᠠᠭᠠᠷᠯᠠᠬᠤ ᠦᠭᠡᠢ᠂ ᠪᠠᠶᠢᠭᠤᠯᠤᠮᠵᠢ ᠶᠢᠨ ᠬᠢᠨ ᠤ ᠲᠤᠰ ᠪᠡᠶ᠎ᠡ ᠶᠢᠨ ᠪᠠᠶᠢᠳᠠᠯ ᠲᠠᠢ ᠪᠠᠨ | ᠤᠶᠠᠯᠳᠤᠭᠤᠯᠤᠨ ᠳᠡᠰ ᠳᠠᠷᠠᠭᠠᠯᠠᠯ ᠲᠠᠢ ᠵᠢᠷᠤᠮᠵᠢᠭᠤᠯᠬᠤ ᠶᠢ ᠵᠥᠪᠰᠢᠶᠡᠷᠡᠵᠦ᠂ ᠠᠯᠬᠤᠮ ᠠᠯᠬᠤᠮ ᠢᠶᠠᠷ ᠰᠢᠩᠭᠡᠭᠡᠨ᠂ | ᠰᠢᠨ᠎ᠡ ᠬᠠᠭᠤᠴᠢᠨ ᠶᠣᠰᠣ ᠳᠦᠷᠢᠮ ᠢ ᠲᠣᠭᠲᠠᠭᠤᠨ ᠪᠥᠭᠡᠳ ᠳᠡᠰ ᠳᠠᠷᠠᠭᠠᠯᠠᠯ ᠲᠠᠢ ᠪᠠᠷ ᠵᠣᠯᠭᠠᠯᠳᠤᠭᠤᠯᠬᠤ ᠶᠢ | ᠪᠡᠶᠡᠯᠡᠭᠦᠯᠦᠨ᠎ᠡ᠃ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠬᠤᠭᠤᠴᠠᠭᠠᠲᠤ | ᠪᠠᠷᠠᠭᠠᠨ ᠤ ᠡᠯ᠎ᠡ ᠡᠵᠡᠩᠨᠡᠯᠲᠡ ᠶᠢᠨ ᠪᠠᠶᠢᠭᠤᠯᠤᠮᠵᠢ ᠶᠢᠨ ᠴᠡᠭᠴᠡᠯᠡᠨ ᠥᠭᠡᠷᠡᠴᠢᠯᠡᠬᠦ ᠲᠥᠯᠥᠪᠯᠡᠭᠡ ᠶᠢ ᠬᠡᠷᠡᠭᠵᠢᠭᠦᠯᠬᠦ ᠶᠢ | ᠬᠢᠨᠠᠯᠲᠠ ᠲᠠᠯᠪᠢᠨ ᠵᠢᠯᠣᠭᠤᠳᠴᠤ᠂ ᠤᠷᠢᠳᠴᠢᠯᠠᠨ ᠪᠡᠶᠡᠯᠡᠭᠦᠯᠦᠭᠰᠡᠨ ᠡᠵᠡᠩᠨᠡᠯᠲᠡ ᠶᠢᠨ ᠪᠠᠶᠢᠭᠤᠯᠤᠮᠵᠢ ᠳᠤ᠂ | ᠵᠣᠬᠢᠰᠲᠠᠢ ᠬᠢᠨᠠᠯᠲᠠ ᠬᠠᠮᠢᠶᠠᠷᠤᠯᠲᠠ ᠶᠢᠨ ᠤᠷᠮᠠᠰᠢᠭᠤᠯᠤᠯ ᠣᠯᠭᠤᠨ᠎ᠠ᠃ | ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠦᠨᠡᠨ ᠬᠦ ᠣᠨᠴᠠᠭᠠᠢ ᠰᠢᠯᠲᠠᠭᠠᠨ ᠠᠴᠠ ᠪᠣᠯᠵᠤ | ᠵᠢᠷᠤᠮᠵᠢᠭᠤᠯᠬᠤ ᠳᠤ ᠬᠦᠴᠢᠷᠲᠡᠢ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠦᠯᠡᠳᠡᠭᠡᠯ ᠡᠳ᠋ | ᠬᠥᠷᠥᠩᠭᠡ᠂ ᠵᠢᠴᠢ ᠬᠤᠭᠤᠴᠠᠭ᠎ᠠ ᠨᠢ ᠲᠤᠯᠤᠭᠠᠳᠤᠢ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ | ᠦᠯᠡᠳᠡᠭᠡᠯ ᠡᠳ᠋ ᠬᠥᠷᠥᠩᠭᠡ ᠳᠤ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠰᠢᠶᠡᠷᠡᠯ ᠢᠶᠠᠷ ᠳᠠᠮᠵᠢᠭᠤᠯᠤᠨ᠂ | ᠵᠣᠬᠢᠰᠲᠠᠢ ᠲᠣᠬᠢᠷᠠᠭᠤᠯᠤᠨ ᠲᠣᠬᠢᠷᠠᠮᠵᠢᠲᠠᠢ ᠰᠢᠢᠳᠪᠦᠷᠢᠯᠡᠨ᠎ᠡ᠃ |