ᠣᠳᠣ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠬᠦ ᠬᠤᠯᠪᠣᠭᠳᠠᠯ ᠪᠦᠬᠦᠢ | ᠵᠦᠢᠯᠡᠰ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵ | ᠳᠣᠷᠣᠭᠰᠢ ︽ᠠᠯᠪᠠᠨ ᠵᠠᠷ︾ ᠭᠡᠵᠦ ᠲᠣᠪᠴᠢᠯᠠᠨ᠎ᠠ︶ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ | ᠮᠡᠲᠦ ᠲᠠᠶᠢᠯᠤᠮᠵᠢ ᠬᠢᠪᠡ᠄ | ᠨᠢᠭᠡ᠂ ︽ᠠᠯᠪᠠᠨ ᠵᠠᠷ︾ ᠢ ᠨᠡᠶᠢᠲᠡᠯᠡᠭᠰᠡᠨ ᠠᠬᠤᠢ ᠪᠠᠶᠢᠳᠠᠯ | ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠵᠤ ᠠᠬᠤᠶᠢᠯᠠᠯ ᠤᠨ ᠲᠥᠷᠥᠯ ᠬᠤᠪᠢᠶᠠᠨ ᠬᠠᠮᠢᠶᠠᠷᠬᠤ ᠶᠢ | ᠰᠢᠯᠢᠳᠡᠭᠵᠢᠭᠦᠯᠬᠦ᠂ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠪᠦᠬᠦ ᠲᠠᠯ᠎ᠠ ᠪᠠᠷ | ᠬᠡᠷᠡᠭᠵᠢᠭᠦᠯᠬᠦ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠶᠡᠭᠡ | ᠬᠦᠴᠦᠨ ᠢᠶᠠᠷ ᠳᠡᠮᠵᠢᠬᠦ ᠪᠠ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠢᠯᠡᠴᠢᠯᠡᠭᠡ ᠶᠢ | ᠰᠠᠶᠢᠲᠤᠷ ᠬᠢᠬᠦ ᠵᠡᠷᠭᠡ ᠡᠯ᠎ᠡ ᠵᠦᠢᠯ ᠤᠨ ᠠᠵᠢᠯ ᠢᠶᠠᠷ ᠳᠠᠮᠵᠢᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ | ᠨᠡᠮᠡᠭᠳᠡᠬᠦ ᠶᠢ ᠠᠬᠢᠭᠤᠯᠬᠤ ᠶᠢᠨ ᠲᠥᠯᠥᠭᠡ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ︽ᠠᠯᠪᠠᠨ ᠵᠠᠷ︾ | ᠢ ᠲᠣᠭᠲᠠᠭᠠᠨ ᠨᠡᠶᠢᠲᠡᠯᠡᠪᠡ᠃ | ᠬᠤᠶᠠᠷ᠂ ︽ᠠᠯᠪᠠᠨ ᠵᠠᠷ︾ ᠤᠨ ᠭᠤᠣᠯ ᠠᠭᠤᠯᠭ᠎ᠠ ᠶᠢᠨ ᠲᠠᠶᠢᠯᠤᠮᠵᠢ | ︵ᠨᠢᠭᠡ︶ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠵᠤ ᠠᠬᠤᠶᠢᠯᠠᠯ ᠤᠨ | ᠲᠥᠷᠥᠯ ᠬᠤᠪᠢᠶᠠᠨ ᠬᠠᠮᠢᠶᠠᠷᠬᠤ ᠶᠢ ᠰᠢᠯᠢᠳᠡᠭᠵᠢᠭᠦᠯᠪᠡ | 1. ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠷᠥᠯ ᠢᠯᠭᠠᠯ ᠢ ᠦᠨᠡᠯᠡᠨ | ᠲᠣᠭᠲᠠᠭᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ᠄ | ᠨᠢᠭᠡ ᠳᠤ᠂ ᠨᠢᠭᠡᠳᠦᠭᠡᠷ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠦᠨᠡᠯᠡᠨ ᠲᠣᠭᠲᠠᠭᠠᠬᠤ | ᠪᠠᠷᠢᠮᠵᠢᠶ᠎ᠠ ᠳᠠᠬᠢ ᠠᠵᠤ ᠠᠬᠤᠶᠢᠯᠠᠯ ᠤᠨ ᠵᠢᠯ ᠤᠨ ᠰᠡᠭᠦᠯᠴᠢ ᠶᠢᠨ ᠴᠡᠪᠡᠷ ᠡᠳ᠋ ᠬᠥᠷᠥᠩᠭᠡ ᠶᠢᠨ ᠬᠠᠷᠢᠴᠠᠯ ᠢ ᠵᠣᠬᠢᠬᠤ | ᠬᠡᠮᠵᠢᠶ᠎ᠡ ᠪᠠᠷ ᠪᠠᠭᠠᠷᠠᠭᠤᠯᠪᠠ᠃ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠵᠤ | ᠠᠬᠤᠶᠢᠯᠠᠯ ᠤᠨ ᠲᠥᠷᠥᠯ ᠬᠤᠪᠢᠶᠠᠨ ᠬᠠᠮᠢᠶᠠᠷᠬᠤ ᠠᠷᠭ᠎ᠠ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠠᠯᠪᠠᠨ ᠵᠠᠷ 2016 ᠣᠨ ᠤ 46 ᠳ᠋ᠤᠭᠠᠷ ᠲᠣᠭᠠᠲᠤ ᠳᠤ ᠨᠡᠶᠢᠲᠡᠯᠡᠪᠡ᠂ ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠳᠤ᠂ ᠨᠢᠭᠡᠳᠦᠭᠡᠷ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ︽ᠳᠡᠭᠡᠷ᠎ᠡ | ᠨᠢᠭᠡ ᠵᠢᠯ ᠤᠨ ᠵᠢᠯ ᠤᠨ ᠰᠡᠭᠦᠯᠴᠢ ᠶᠢᠨ ᠴᠡᠪᠡᠷ ᠡᠳ᠋ ᠬᠥᠷᠥᠩᠭᠡ ᠨᠢ ᠳᠡᠭᠡᠷ᠎ᠡ ᠨᠢᠭᠡ ᠵᠢᠯ ᠤᠨ ᠲᠤᠰ ᠠᠵᠤ | ᠠᠬᠤᠶᠢᠯᠠᠯ ᠤᠨ ᠨᠢᠭᠡᠨᠲᠡ ᠭᠦᠢᠴᠡᠳᠬᠡᠭᠰᠡᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠲᠤᠭ᠎ᠠ ︵ | ᠬᠡᠯᠲᠦᠷᠢᠭᠦᠯᠵᠦ ᠲᠤᠯᠭᠠᠭᠰᠠᠨ ᠭᠠᠶᠢᠯᠢ ᠶᠢᠨ ᠲᠤᠭ᠎ᠠ ᠪᠠᠭᠲᠠᠬᠤ ᠦᠭᠡᠢ︶ ᠠᠴᠠ ᠶᠡᠭᠡ ᠪᠠᠶᠢᠬᠤ︾ ᠨᠥᠬᠦᠴᠡᠯ ᠳᠤ | ᠨᠡᠶᠢᠴᠡᠬᠦ ᠬᠡᠷᠡᠭᠲᠡᠢ᠃ ᠡᠨᠡ ᠤᠳᠠᠭ᠎ᠠ ᠲᠤᠰ ᠨᠥᠬᠦᠴᠡᠯ ᠢ ︽ᠳᠡᠭᠡᠷ᠎ᠡ ᠨᠢᠭᠡ ᠵᠢᠯ ᠤᠨ ᠵᠢᠯ ᠤᠨ ᠰᠡᠭᠦᠯᠴᠢ ᠶᠢᠨ ᠴᠡᠪᠡᠷ | ᠡᠳ᠋ ᠬᠥᠷᠥᠩᠭᠡ ᠨᠢ ᠳᠡᠭᠡᠷ᠎ᠡ ᠨᠢᠭᠡ ᠵᠢᠯ ᠤᠨ ᠲᠤᠰ ᠠᠵᠤ ᠠᠬᠤᠶᠢᠯᠠᠯ ᠤᠨ ᠨᠢᠭᠡᠨᠲᠡ ᠭᠦᠢᠴᠡᠳᠬᠡᠭᠰᠡᠨ ᠭᠠᠶᠢᠯᠢ | ᠪᠤᠴᠠᠭᠠᠭᠰᠠᠨ ᠲᠤᠭ᠎ᠠ ︵ᠬᠡᠯᠲᠦᠷᠢᠭᠦᠯᠵᠦ ᠲᠤᠯᠭᠠᠭᠰᠠᠨ ᠭᠠᠶᠢᠯᠢ ᠶᠢᠨ ᠲᠤᠭ᠎ᠠ ᠪᠠᠭᠲᠠᠬᠤ ᠦᠭᠡᠢ︶ ᠶᠢᠨ | 60% ᠠᠴᠠ ᠶᠡᠭᠡ ᠪᠠᠶᠢᠬᠤ︾ ᠪᠣᠯᠭᠠᠨ ᠲᠣᠬᠢᠷᠠᠭᠤᠯᠤᠯᠲᠠ ᠬᠢᠵᠦ᠂ ᠨᠢᠭᠡᠳᠦᠭᠡᠷ ᠲᠥᠷᠥᠯ ᠤᠨ ᠦᠢᠯᠡᠳᠪᠦᠷᠢᠯᠡᠯ ᠤᠨ | ᠠᠵᠤ ᠠᠬᠤᠶᠢᠯᠠᠯ ᠪᠠ ᠨᠢᠭᠡᠳᠦᠭᠡᠷ ᠲᠥᠷᠥᠯ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠢᠯ ᠤᠨ | ᠰᠡᠭᠦᠯᠴᠢ ᠶᠢᠨ ᠴᠡᠪᠡᠷ ᠡᠳ᠋ ᠬᠥᠷᠥᠩᠭᠡ ᠶᠢᠨ ᠬᠠᠷᠢᠴᠠᠯ ᠤᠨ ᠲᠤᠬᠠᠢ ᠱᠠᠭᠠᠷᠳᠠᠭᠰᠠᠨ ᠦᠨᠡᠯᠡᠨ ᠲᠣᠭᠲᠠᠭᠠᠬᠤ | ᠪᠠᠷᠢᠮᠵᠢᠶ᠎ᠠ ᠲᠠᠢ ᠨᠢᠭᠡᠳᠦᠯᠲᠡᠢ ᠪᠣᠯᠭᠠᠵᠤ᠂ ᠲᠦᠭᠰᠢᠭᠦᠷᠢ ᠶᠢ ᠪᠦᠲᠦᠮᠵᠢᠲᠡᠢ ᠬᠢᠵᠠᠭᠠᠷᠯᠠᠭᠰᠠᠨ ᠤ ᠬᠠᠮᠲᠤ᠂ ᠨᠢᠭᠡᠳᠦᠭᠡᠷ | ᠲᠥᠷᠥᠯ ᠤᠨ ᠠᠵᠤ ᠠᠬᠤᠶᠢᠯᠠᠯ ᠤᠨ ᠡᠷᠦᠭᠡ ᠶᠢᠨ ᠲᠤᠭ᠎ᠠ ᠶᠢ ᠨᠡᠮᠡᠭᠳᠡᠭᠦᠯᠪᠡ᠃ | ᠬᠤᠶᠠᠷ ᠲᠤ᠂ ᠭᠤᠷᠪᠠᠳᠤᠭᠠᠷ ᠲᠥᠷᠥᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠦᠨᠡᠯᠡᠨ | ᠲᠣᠭᠲᠠᠭᠠᠬᠤ ᠪᠠᠷᠢᠮᠵᠢᠶ᠎ᠠ ᠳᠠᠬᠢ ︽ᠳᠡᠭᠡᠷ᠎ᠡ ᠨᠢᠭᠡ ᠵᠢᠯ ᠳᠤ ᠨᠡᠶᠢᠲᠡ 6 ᠰᠠᠷ᠎ᠠ ᠠᠴᠠ ᠳᠡᠭᠡᠭᠰᠢ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ ᠥᠯᠥ ᠭᠤᠶᠤᠴᠢᠯᠠᠨ ᠮᠡᠳᠡᠭᠦᠯᠦᠭᠰᠡᠨ ᠪᠣᠯ︾ ᠭᠡᠬᠦ | ᠦᠨᠡᠯᠡᠨ ᠲᠣᠭᠲᠠᠭᠠᠬᠤ ᠨᠥᠬᠦᠴᠡᠯ ᠢ ᠦᠭᠡᠶᠢᠰᠬᠡᠪᠡ᠃ ᠡᠭᠦᠨ ᠠᠴᠠ ᠡᠮᠦᠨ᠎ᠡ᠂ ᠲᠤᠰ ᠨᠥᠬᠦᠴᠡᠯ ᠤᠨ | ᠬᠢᠵᠠᠭᠠᠷᠯᠠᠯ ᠠᠴᠠ ᠪᠣᠯᠵᠤ᠂ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ ᠪᠠᠭ᠎ᠠ | ᠭᠠᠳᠠᠭᠠᠳᠤ ᠭᠠᠷᠭᠠᠯᠲᠠ ᠶᠢᠨ ᠬᠡᠰᠡᠭ ᠳᠤᠮᠳᠠ ᠵᠢᠵᠢᠭ ᠠᠵᠤ ᠠᠬᠤᠶᠢᠯᠠᠯ ᠨᠢ ᠨᠢᠭᠡᠳᠦᠭᠡᠷ᠂ ᠬᠤᠶᠠᠳᠤᠭᠠᠷ | ᠲᠥᠷᠥᠯ ᠤᠨ ᠠᠵᠤ ᠠᠬᠤᠶᠢᠯᠠᠯ ᠢᠶᠠᠷ ᠦᠨᠡᠯᠡᠭᠳᠡᠵᠦ ᠴᠢᠳᠠᠬᠤ ᠦᠭᠡᠢ ᠪᠠᠶᠢᠪᠠ᠃ ᠡᠨᠡ ᠬᠦ ᠵᠦᠢᠯ ᠤᠨ ᠨᠥᠬᠦᠴᠡᠯ ᠢ | ᠦᠭᠡᠶᠢᠰᠬᠡᠭᠰᠡᠨ ᠤ ᠳᠠᠷᠠᠭ᠎ᠠ᠂ ᠤᠤᠯ ᠤᠨ ᠭᠤᠷᠪᠠᠳᠤᠭᠠᠷ ᠲᠥᠷᠥᠯ ᠤᠨ ᠠᠵᠤ ᠠᠬᠤᠶᠢᠯᠠᠯ ᠳᠣᠲᠣᠷᠠᠬᠢ ᠪᠤᠰᠤᠳ | ᠨᠥᠬᠦᠴᠡᠯ ᠨᠢ ᠨᠢᠭᠡᠳᠦᠭᠡᠷ᠂ ᠬᠤᠶᠠᠳᠤᠭᠠᠷ ᠲᠥᠷᠥᠯ ᠤᠨ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠬᠤ | ᠪᠠᠷᠢᠮᠵᠢᠶ᠎ᠠ ᠳᠤ ᠨᠡᠶᠢᠴᠡᠭᠰᠡᠨ ᠳᠤᠮᠳᠠ ᠵᠢᠵᠢᠭ ᠠᠵᠤ ᠠᠬᠤᠶᠢᠯᠠᠯ ᠨᠢ᠂ ᠲᠣᠭᠲᠠᠭᠠᠯ ᠶᠣᠰᠣᠭᠠᠷ ᠲᠥᠷᠥᠯ ᠬᠤᠪᠢᠶᠠᠨ | ᠬᠠᠮᠢᠶᠠᠷᠬᠤ ᠲᠥᠷᠥᠯ ᠢᠯᠭᠠᠯ ᠢᠶᠠᠨ ᠲᠣᠬᠢᠷᠠᠭᠤᠯᠤᠨ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠭᠠᠶᠢᠯᠢ ᠪᠤᠴᠠᠭᠠᠬᠤ | ᠠᠬᠢᠴᠠ ᠪᠠᠨ ᠲᠦᠷᠭᠡᠳᠬᠡᠵᠦ ᠪᠣᠯᠣᠨ᠎ᠠ᠃ | 2. ᠬᠠᠮᠢᠶᠠᠷᠤᠯᠲᠠ ᠶᠢᠨ ᠲᠥᠷᠥᠯ ᠢᠯᠭᠠᠯ ᠤᠨ ᠣᠨ ᠤ ᠦᠨᠡᠯᠡᠨ ᠲᠣᠭᠲᠠᠭᠠᠬᠤ ᠤᠳᠠᠭ᠎ᠠ ᠶᠢᠨ ᠬᠢᠵᠠᠭᠠᠷᠯᠠᠯ ᠢ | ᠦᠭᠡᠶᠢᠰᠬᠡᠪᠡ᠃ ︽ᠠᠷᠭ᠎ᠠ︾ ᠳᠤ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠲᠥᠷᠥᠯ ᠢᠯᠭᠠᠯ ᠢ ᠦᠨᠡᠯᠡᠨ ᠲᠣᠭᠲᠠᠭᠠᠬᠤ ᠠᠵᠢᠯ ᠢ ᠵᠢᠯ ᠪᠦᠷᠢ 1 ᠤᠳᠠᠭ᠎ᠠ ᠶᠠᠪᠤᠭᠤᠯᠤᠨ᠎ᠠ ᠭᠡᠵᠦ ᠲᠣᠭᠲᠠᠭᠠᠵᠤ᠂ | ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ ᠭᠤᠶᠤᠴᠢᠯᠠᠨ ᠮᠡᠳᠡᠭᠦᠯᠬᠦ ᠬᠤᠯᠪᠣᠭᠳᠠᠯ | ᠪᠦᠬᠦᠢ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ | ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ 2018 ᠣᠨ ᠤ 16 ᠳ᠋ᠤᠭᠠᠷ | ᠲᠣᠭᠠᠲᠤ︶ ᠲᠤ᠂ ︽ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠢᠲᠡᠭᠡᠮᠵᠢ ᠶᠢᠨ | ᠳᠡᠰ ᠢᠯᠭᠠᠯ᠂ ᠬᠢᠯᠢ ᠶᠢᠨ ᠪᠣᠭᠤᠯᠲᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠷᠥᠯ | ᠢᠯᠭᠠᠯ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠥᠷᠥᠯ ᠬᠤᠪᠢᠶᠠᠨ ᠬᠠᠮᠢᠶᠠᠷᠬᠤ ᠵᠡᠷᠭᠡ ᠳᠡᠰ | ᠵᠡᠷᠭᠡ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠡᠰᠡᠬᠦᠯ᠎ᠡ ᠲᠥᠷᠥᠯ ᠬᠤᠪᠢᠶᠠᠨ ᠬᠠᠮᠢᠶᠠᠷᠬᠤ ᠲᠥᠷᠥᠯ ᠢᠯᠭᠠᠯ ᠢ | ᠦᠨᠡᠯᠡᠨ ᠲᠣᠭᠲᠠᠭᠠᠬᠤ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ᠂ ᠭᠠᠳᠠᠭᠠᠳᠤ ᠭᠠᠷᠭᠠᠯᠲᠠ ᠶᠢᠨ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠲᠥᠷᠥᠯ ᠢᠯᠭᠠᠯ ᠢ ᠦᠨᠡᠯᠡᠨ ᠲᠣᠭᠲᠠᠭᠠᠬᠤ ᠶᠢ ᠬᠠᠷᠢᠭᠤᠴᠠᠵᠤ ᠪᠠᠶᠢᠭ᠎ᠠ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠢᠶᠠᠷᠤᠯᠲᠠ ᠶᠢᠨ ᠲᠥᠷᠥᠯ ᠢᠯᠭᠠᠯ ᠢᠶᠠᠨ ᠳᠠᠬᠢᠵᠤ ᠦᠨᠡᠯᠡᠨ | ᠲᠣᠭᠲᠠᠭᠠᠬᠤ ᠪᠠᠷ ᠪᠢᠴᠢᠭ ᠤᠨ ᠬᠡᠯᠪᠡᠷᠢ ᠪᠠᠷ ᠳᠤᠷᠠᠳᠴᠤ ᠪᠣᠯᠣᠨ᠎ᠠ︾ ᠭᠡᠵᠦ ᠲᠣᠳᠣᠷᠬᠠᠶᠢᠯᠠᠪᠠ᠃ ᠡᠨᠡ ᠤᠳᠠᠭ᠎ᠠ ︽ | ᠠᠯᠪᠠᠨ ᠵᠠᠷ︾ ᠲᠤ᠂ ︽ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠪᠠᠶᠢᠳᠠᠯ | ᠲᠥᠯᠥᠪ ᠳᠤ ᠬᠤᠪᠢᠷᠠᠯᠲᠠ ᠭᠠᠷᠤᠭᠰᠠᠨ ᠤ ᠬᠠᠮᠲᠤ ᠬᠠᠮᠢᠶᠠᠷᠤᠯᠲᠠ ᠶᠢᠨ ᠲᠥᠷᠥᠯ ᠢᠯᠭᠠᠯ ᠳᠤ ᠪᠠᠨ ᠲᠣᠬᠢᠷᠠᠭᠤᠯᠤᠯᠲᠠ | ᠬᠢᠬᠦ ᠪᠠᠷ ᠭᠤᠶᠤᠴᠢᠯᠠᠭᠰᠠᠨ ᠪᠣᠯ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠨᠡᠯᠡᠨ ᠲᠣᠭᠲᠠᠭᠠᠬᠤ ᠠᠵᠢᠯ ᠢ ᠴᠠᠭ ᠲᠤᠬᠠᠢ ᠳᠤ ᠨᠢ ᠥᠷᠨᠢᠭᠦᠯᠬᠦ | ᠬᠡᠷᠡᠭᠲᠡᠢ︾ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠭᠦᠨ ᠠᠴᠠ ᠬᠤᠶᠢᠰᠢᠳᠠ ᠢᠲᠡᠭᠡᠮᠵᠢ ᠶᠢᠨ ᠵᠡᠷᠭᠡ | ᠳᠡᠰ ᠨᠢ ᠥᠨᠳᠥᠷ᠂ ᠭᠠᠶᠢᠯᠢ ᠲᠤᠰᠢᠶᠠᠭᠰᠠᠨ ᠲᠡᠮᠳᠡᠭᠯᠡᠯ ᠨᠢ ᠰᠠᠶᠢᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ | ᠨᠢ ᠨᠢᠭᠡᠳᠦᠭᠡᠷ᠂ ᠬᠤᠶᠠᠳᠤᠭᠠᠷ ᠲᠥᠷᠥᠯ ᠤᠨ ᠬᠠᠮᠢᠶᠠᠷᠤᠯᠲᠠ ᠶᠢᠨ ᠲᠥᠷᠥᠯ ᠢᠯᠭᠠᠯ ᠤᠨ ᠪᠠᠷᠢᠮᠵᠢᠶ᠎ᠠ ᠳᠤ | ᠬᠦᠷᠦᠭᠰᠡᠭᠡᠷ ᠳᠠᠷᠤᠢ ᠬᠠᠮᠢᠶᠠᠷᠤᠯᠲᠠ ᠶᠢᠨ ᠲᠥᠷᠥᠯ ᠢᠯᠭᠠᠯ ᠳᠤ ᠪᠠᠨ ᠠᠯᠢ ᠲᠦᠷᠭᠡᠨ ᠢᠶᠠᠷ ᠲᠣᠬᠢᠷᠠᠭᠤᠯᠤᠯᠲᠠ ᠬᠢᠵᠦ᠂ | ᠥᠪᠡᠷ ᠤᠨ ᠭᠠᠶᠢᠯᠢ ᠪᠤᠴᠠᠭᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠪᠣᠯᠣᠨ᠎ᠠ᠃ | 3. ᠡᠭᠦᠨ ᠠᠴᠠ ᠡᠮᠦᠨ᠎ᠡ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠥᠷᠥᠯ ᠬᠤᠪᠢᠶᠠᠵᠤ | ᠲᠣᠬᠢᠷᠠᠭᠤᠯᠤᠯᠲᠠ ᠬᠢᠬᠦ ᠠᠵᠢᠯ ᠢ ᠶᠡᠷᠦ ᠶᠢᠨ ᠪᠠᠶᠢᠳᠠᠯ ᠳᠣᠣᠷ᠎ᠠ 20 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ | ᠬᠡᠷᠡᠭᠲᠡᠢ ᠭᠡᠵᠦ ᠱᠠᠭᠠᠷᠳᠠᠵᠤ ᠪᠠᠶᠢᠵᠠᠢ᠃ ᠡᠨᠡ ᠤᠳᠠᠭ᠎ᠠ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ | ᠡᠷᠦᠬᠡ ᠶᠢᠨ ᠲᠤᠭ᠎ᠠ ᠨᠢ ᠬᠡᠳᠦᠶᠢᠪᠡᠷ ᠨᠡᠯᠢᠶᠡᠳ ᠠᠷᠪᠢᠨ ᠪᠣᠯᠪᠠᠴᠤ ᠲᠣᠬᠢᠷᠠᠭᠤᠯᠤᠯᠲᠠ ᠬᠢᠬᠦ ᠠᠵᠢᠯ ᠢ ᠠᠯᠢ | ᠲᠦᠷᠭᠡᠨ ᠢᠶᠠᠷ ᠪᠡᠶᠡᠯᠡᠭᠦᠯᠵᠦ᠂ ᠡᠭᠦᠨ ᠤ ᠤᠯᠠᠮ ᠠᠴᠠ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠬᠢᠴᠠ ᠶᠢ | ᠲᠦᠷᠭᠡᠳᠬᠡᠬᠦ ᠶᠢᠨ ᠲᠥᠯᠥᠭᠡ᠂ ︽ᠠᠯᠪᠠᠨ ᠵᠠᠷ︾ ᠲᠤ᠂ ᠡᠯ᠎ᠡ ᠭᠠᠵᠠᠷ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠲᠣᠭᠲᠠᠭᠠᠯ ᠶᠣᠰᠣᠭᠠᠷ 15 ᠠᠵᠢᠯᠯᠠᠬᠤ ᠡᠳᠦᠷ ᠤᠨ ᠳᠣᠲᠣᠷ᠎ᠠ ᠡᠨᠡ ᠤᠳᠠᠭᠠᠨ ᠤ ᠦᠨᠡᠯᠡᠨ | ᠲᠣᠭᠲᠠᠭᠠᠵᠤ ᠲᠣᠬᠢᠷᠠᠭᠤᠯᠤᠯᠲᠠ ᠬᠢᠬᠦ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ | ︵ᠬᠤᠶᠠᠷ︶ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠪᠦᠬᠦ ᠲᠠᠯ᠎ᠠ ᠪᠠᠷ | ᠬᠡᠷᠡᠭᠵᠢᠭᠦᠯᠪᠡ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ 2015 ᠣᠨ ᠤ 4 ᠳ᠋ᠦ᠋ᠭᠡᠷ ᠰᠠᠷ᠎ᠠ ᠳᠤ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ᠶᠢ ᠺᠣᠮᠫᠢᠦ᠋ᠲ᠋ᠧᠷᠴᠢᠯᠠᠬᠦ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ | ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠣᠳᠣᠬᠠᠨ ᠳᠤ ᠪᠦᠬᠦ ᠤᠯᠤᠰ ᠤᠨ ᠲᠥᠪᠡᠳ ᠠᠴᠠ ᠭᠠᠳᠠᠨᠠᠬᠢ ᠭᠠᠵᠠᠷ | ᠣᠷᠣᠨ ᠳᠤ ᠨᠢᠭᠡᠨᠲᠡ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠪᠡ᠃ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ | ᠬᠡᠷᠡᠭᠵᠢᠭᠦᠯᠦᠭᠰᠡᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠨᠢ᠂ ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠬᠤ ︵ᠬᠡᠯᠲᠦᠷᠢᠭᠦᠯᠬᠦ︶ ᠪᠠᠷ ᠵᠢᠩᠬᠢᠨᠢ ᠪᠠᠷ ᠭᠤᠶᠤᠴᠢᠯᠠᠨ ᠮᠡᠳᠡᠭᠦᠯᠬᠦ ᠵᠢᠴᠢ ᠭᠠᠳᠠᠭᠠᠳᠤ ᠭᠠᠷᠭᠠᠯᠲᠠ ᠶᠢᠨ | ᠭᠠᠶᠢᠯᠢ ᠪᠤᠴᠠᠭᠠᠬᠤ ︵ᠬᠡᠯᠲᠦᠷᠢᠭᠦᠯᠬᠦ︶ ᠬᠠᠮᠢᠶ᠎ᠠ ᠪᠦᠬᠦᠢ ᠭᠡᠷᠡᠴᠢᠯᠡᠭᠡ ᠭᠦᠢᠴᠡᠳᠬᠡᠬᠦ ᠦᠶ᠎ᠡ ᠳᠤ᠂ ᠵᠥᠪᠬᠡᠨ | ᠲᠣᠭᠲᠠᠭᠠᠯ ᠶᠣᠰᠣᠭᠠᠷ ᠦᠨᠡᠨ ᠪᠣᠳᠠᠲᠤ ᠡᠯᠧᠺᠲᠷᠣᠨ ᠳ᠋ᠠᠶᠢᠲ᠋ᠠ ᠶᠢ ᠬᠠᠩᠭᠠᠬᠤ ᠴᠢᠬᠤᠯᠠᠲᠠᠢ ᠪᠠᠶᠢᠵᠤ᠂ | ᠤᠤᠯ ᠳᠤ ᠪᠠᠨ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠭᠰᠡᠨ | ᠴᠠᠭᠠᠰᠤᠨ ᠤ ᠭᠡᠷᠡᠴᠢ ᠪᠠᠷᠢᠮᠲᠠ ᠪᠠ ᠴᠠᠭᠠᠰᠤᠨ ᠤ ᠭᠤᠶᠤᠴᠢᠯᠠᠨ ᠮᠡᠳᠡᠭᠦᠯᠬᠦ ᠬᠦᠰᠦᠨᠦᠭ ᠢ ᠦᠯᠡᠳᠡᠭᠡᠨ ᠬᠠᠳᠠᠭᠠᠯᠠᠵᠤ | ᠠᠵᠤ ᠠᠬᠤᠶᠢᠯᠠᠯ ᠤᠨ ᠬᠠᠶᠢᠨ ᠯᠠᠪᠠᠯᠬᠤ ᠳᠤ ᠪᠡᠯᠡᠳᠬᠡᠬᠦ ᠬᠡᠷᠡᠭᠲᠡᠢ ᠭᠡᠵᠦ ᠲᠣᠭᠲᠠᠭᠠᠵᠤ ᠪᠠᠶᠢᠵᠠᠢ᠃ ᠡᠮᠦᠨᠡᠬᠢ | ᠬᠤᠭᠤᠴᠠᠭᠠᠨ ᠤ ᠲᠤᠷᠰᠢᠯᠲᠠ ᠶᠢᠨ ᠴᠡᠭ ᠤᠨ ᠠᠵᠢᠯ ᠤᠨ ᠰᠠᠭᠤᠷᠢᠨ ᠳᠡᠭᠡᠷ᠎ᠡ᠂ ︽ᠠᠯᠪᠠᠨ ᠵᠠᠷ︾ ᠲᠤ᠂ 2018 | ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠪᠦᠬᠦ ᠤᠯᠤᠰ ᠲᠤ ᠺᠣᠮᠫᠢᠦ᠋ᠲ᠋ᠧᠷᠴᠢᠯᠠᠨ ᠭᠠᠶᠢᠯᠢ | ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠳᠡᠯᠭᠡᠷᠡᠭᠦᠯᠦᠨ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ | ᠰᠠᠶᠢᠨ ᠳᠤᠷ᠎ᠠ ᠶᠢᠨ ᠪᠠᠶᠢᠬᠤ ᠵᠠᠷᠴᠢᠮ ᠶᠣᠰᠣᠭᠠᠷ᠂ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ | ᠮᠡᠳᠡᠭᠦᠯᠦᠭᠰᠡᠨ ᠨᠢᠭᠡᠳᠦᠭᠡᠷ᠂ ᠬᠤᠶᠠᠳᠤᠭᠠᠷ ᠲᠥᠷᠥᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ | ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ | ︵ᠭᠤᠷᠪᠠ︶ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠶᠡᠭᠡ | ᠬᠦᠴᠦᠨ ᠢᠶᠠᠷ ᠳᠡᠮᠵᠢᠪᠡ | ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠠᠴᠠ ᠳᠤᠮᠳᠠ ᠵᠢᠵᠢᠭ ᠠᠵᠤ | ᠠᠬᠤᠶᠢᠯᠠᠯ ᠤᠨ ᠭᠠᠶᠢᠯᠢ ᠪᠤᠴᠠᠭᠠᠬᠤ ᠶᠢ ᠣᠷᠣᠯᠠᠨ ᠭᠦᠢᠴᠡᠳᠬᠡᠬᠦ ᠶᠢ ᠵᠣᠷᠢᠭᠵᠢᠭᠤᠯᠬᠤ ᠶᠢᠨ ᠲᠥᠯᠥᠭᠡ᠂ ︽ᠠᠯᠪᠠᠨ | ᠵᠠᠷ︾ ᠲᠤ᠂ ᠡᠯ᠎ᠡ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠤᠨ ᠭᠠᠶᠢᠯᠢ ᠪᠤᠴᠠᠭᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ | ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ | ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠭᠦᠨ ᠠᠴᠠ ᠭᠠᠳᠠᠨ᠎ᠠ᠂ | ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠢ ᠵᠢᠯᠣᠭᠤᠳᠤᠨ ᠭᠠᠶᠢᠯᠢ ᠪᠤᠴᠠᠭᠠᠬᠤ ᠶᠢ | ᠣᠷᠣᠯᠠᠨ ᠭᠦᠢᠴᠡᠳᠬᠡᠬᠦ ᠲᠦᠭᠰᠢᠭᠦᠷᠢ ᠶᠢ ᠨᠠᠮᠳᠠᠭᠠᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ | ᠠᠵᠤ ᠠᠬᠤᠶᠢᠯᠠᠯ ᠤᠨ ᠵᠢᠷᠤᠮᠵᠢᠯ ᠲᠠᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ | ᠠᠯᠪᠠᠨ ᠵᠠᠷ︾ ᠲᠤ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ | ᠦᠢᠯᠡᠴᠢᠯᠡᠬᠦ ᠠᠵᠤ ᠠᠬᠤᠶᠢᠯᠠᠯ ᠢ ᠵᠢᠯᠣᠭᠤᠳᠤᠨ ᠳᠣᠲᠣᠭᠠᠳᠤ ᠶᠢᠨ ᠲᠦᠭᠰᠢᠭᠦᠷᠢ ᠪᠠᠨ ᠬᠠᠮᠢᠶᠠᠷᠤᠨ ᠡᠵᠡᠮᠳᠡᠬᠦ | ᠳᠦᠷᠢᠮ ᠢ ᠪᠠᠶᠢᠭᠤᠯᠵᠤ᠂ ᠳᠣᠲᠣᠭᠠᠳᠤ ᠶᠢᠨ ᠲᠦᠭᠰᠢᠭᠦᠷᠢ ᠪᠠᠨ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠶᠢᠨ | ᠰᠢᠰᠲ᠋ᠧᠮ ᠢ ᠪᠠᠶᠢᠭᠤᠯᠤᠨ᠂ ᠭᠠᠶᠢᠯᠢ ᠪᠤᠴᠠᠭᠠᠬᠤ ᠶᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠭᠡᠵᠦ ᠲᠣᠳᠣᠷᠬᠠᠶᠢᠯᠠᠪᠠ᠃ | ︵ᠳᠥᠷᠪᠡ︶ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠢᠯᠡᠴᠢᠯᠡᠭᠡ ᠶᠢ | ᠢᠳᠡᠪᠬᠢᠲᠡᠢ ᠪᠠᠷ ᠰᠠᠶᠢᠲᠤᠷ ᠬᠢᠪᠡ | ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠠᠴᠠ ᠡᠳ᠋ ᠪᠠᠷᠠᠭ᠎ᠠ ᠪᠠᠨ ᠪᠣᠭᠤᠮᠲᠠ ᠳᠤ ᠮᠡᠳᠡᠭᠦᠯᠵᠦ | ᠭᠠᠳᠠᠭᠠᠳᠤ ᠳᠤ ᠭᠠᠷᠭᠠᠭᠰᠠᠨ ᠤ ᠳᠠᠷᠠᠭ᠎ᠠ᠂ ᠠᠵᠤ ᠠᠬᠤᠶᠢᠯᠠᠯ ᠠᠴᠠ ᠬᠠᠭᠤᠳᠠᠰᠤ ᠪᠠᠷᠢᠮᠲᠠ ᠪᠠᠨ ᠪᠦᠷᠢᠨ ᠬᠤᠷᠢᠶᠠᠵᠤ | ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠬᠦᠷᠲᠡᠯᠡᠬᠢ ᠴᠠᠭ ᠨᠢ ᠨᠡᠯᠢᠶᠡᠳ ᠤᠷᠲᠤ᠂ ᠠᠵᠤ ᠠᠬᠤᠶᠢᠯᠠᠯ ᠤᠨ | ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠨᠥᠯᠥᠭᠡᠯᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ︽ | ᠠᠯᠪᠠᠨ ᠵᠠᠷ︾ ᠲᠤ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠥᠷᠥ ᠶᠢᠨ ᠪᠣᠳᠣᠯᠭ᠎ᠠ ᠶᠢᠨ | ᠤᠬᠠᠭᠤᠯᠵᠤ ᠬᠠᠪᠰᠤᠷᠤᠨ ᠵᠢᠯᠣᠭᠤᠳᠬᠤ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢ᠂ ᠰᠦᠯᠵᠢᠶ᠎ᠡ᠂ | ᠣᠬᠤᠷ ᠮᠡᠳᠡᠭᠡᠨ ᠤ ᠲᠠᠪᠴᠠᠩ᠂ ᠢᠮᠧᠯ᠂ ᠸᠢᠴᠠᠲ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ | ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠴᠠᠭ ᠲᠤᠬᠠᠢ ᠳᠤ ᠨᠢ ᠬᠠᠭᠤᠳᠠᠰᠤ ᠪᠠᠷᠢᠮᠲᠠ ᠪᠠᠨ ᠴᠤᠭᠯᠠᠭᠤᠯᠵᠤ᠂ | ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠨᠥᠬᠦᠴᠡᠯ ᠢ ᠠᠯᠢ ᠲᠦᠷᠭᠡᠨ ᠢᠶᠠᠷ ᠬᠠᠩᠭᠠᠬᠤ ᠬᠡᠷᠡᠭᠲᠡᠢ ᠭᠡᠵᠦ | ᠱᠠᠭᠠᠷᠳᠠᠵᠠᠢ᠃ | ᠡᠭᠦᠨ ᠠᠴᠠ ᠭᠠᠳᠠᠨ᠎ᠠ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠲᠣᠭᠲᠠᠭᠰᠠᠨ ᠴᠠᠭ | ᠬᠤᠭᠤᠴᠠᠭ᠎ᠠ ᠶᠣᠰᠣᠭᠠᠷ ᠭᠠᠶᠢᠯᠢ ᠪᠤᠴᠠᠭᠠᠬᠤ ᠶᠢ ᠭᠦᠢᠴᠡᠳᠬᠡᠭᠰᠡᠨ ᠦᠭᠡᠢ ᠠᠴᠠ ᠪᠣᠯᠵᠤ ᠪᠣᠢ ᠪᠣᠯᠭᠠᠭᠰᠠᠨ | ᠬᠤᠬᠢᠷᠠᠯ ᠢ ᠪᠠᠭᠠᠰᠬᠠᠬᠤ ᠶᠢᠨ ᠲᠥᠯᠥᠭᠡ᠂ ︽ᠠᠯᠪᠠᠨ ᠵᠠᠷ︾ ᠲᠤ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ | ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠥᠮᠥᠷᠭᠡ ᠳᠤ ᠪᠤᠴᠠᠭᠠᠬᠤ ᠠᠬᠢᠴᠠ ᠵᠢᠴᠢ ᠭᠠᠶᠢᠯᠢ | ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠴᠠᠭ ᠤᠨ ᠬᠢᠵᠠᠭᠠᠷ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠠᠩᠬᠠᠷᠤᠭᠤᠯᠤᠨ ᠰᠠᠨᠠᠭᠤᠯᠵᠤ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ | ᠪᠤᠴᠠᠭᠠᠭᠰᠠᠨ ᠭᠠᠶᠢᠯᠢ ᠶᠢ ᠴᠠᠭ ᠲᠤᠬᠠᠢ ᠳᠤ ᠨᠢ᠂ ᠭᠦᠢᠴᠡᠳ ᠬᠡᠮᠵᠢᠶ᠎ᠡ ᠪᠠᠷ ᠣᠯᠬᠤ ᠳᠤ ᠳᠥᠭᠦᠮ ᠦᠵᠡᠭᠦᠯᠬᠦ | ᠬᠡᠷᠡᠭᠲᠡᠢ ᠭᠡᠵᠦ ᠱᠠᠭᠠᠷᠳᠠᠵᠠᠢ᠃ | ︵ᠲᠠᠪᠤ︶ ᠬᠡᠷᠡᠭᠵᠢᠭᠦᠯᠬᠦ ᠴᠠᠭ ᠢ ᠲᠣᠳᠣᠷᠬᠠᠶᠢᠯᠠᠪᠠ | ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠠᠷᠭ᠎ᠠ︾ ᠶᠢᠨ | ᠲᠠᠪᠤᠳᠤᠭᠠᠷ ᠵᠤᠷᠪᠤᠰ ᠤᠨ ᠨᠢᠭᠡᠳᠦᠭᠡᠷ ᠵᠦᠢᠯ ᠤᠨ 3 ᠳ᠋ᠤᠭᠠᠷ ᠲᠥᠷᠥᠯ᠂ ᠵᠢᠷᠭᠤᠳᠤᠭᠠᠷ ᠵᠤᠷᠪᠤᠰ ᠤᠨ ᠭᠤᠷᠪᠠᠳᠤᠭᠠᠷ | ᠵᠦᠢᠯ᠂ ᠶᠢᠰᠦᠳᠦᠭᠡᠷ ᠵᠤᠷᠪᠤᠰ ᠤᠨ ︽ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠲᠥᠷᠥᠯ ᠢᠯᠭᠠᠯ ᠢ ᠦᠨᠡᠯᠡᠨ ᠲᠣᠭᠲᠠᠭᠠᠬᠤ ᠠᠵᠢᠯ ᠢ ᠵᠢᠯ ᠪᠦᠷᠢ 1 ᠤᠳᠠᠭ᠎ᠠ ᠶᠠᠪᠤᠭᠤᠯᠵᠤ᠂ ᠠᠵᠤ ᠠᠬᠤᠶᠢᠯᠠᠯ ᠤᠨ | ᠭᠠᠶᠢᠯᠢ ᠲᠤᠰᠢᠶᠠᠭᠰᠠᠨ ᠢᠲᠡᠭᠡᠮᠵᠢ ᠶᠢᠨ ᠵᠡᠷᠭᠡ ᠳᠡᠰ ᠢ ᠦᠨᠡᠯᠡᠭᠰᠡᠨ ᠦᠷ᠎ᠡ ᠳ᠋ᠦᠩ ᠢ ᠲᠣᠭᠲᠠᠭᠠᠭᠰᠠᠨ ᠤ ᠳᠠᠷᠠᠭ᠎ᠠ | 1 ᠰᠠᠷ᠎ᠠ ᠶᠢᠨ ᠳᠣᠲᠣᠷ᠎ᠠ ᠪᠡᠶᠡᠯᠡᠭᠦᠯᠬᠦ ᠬᠡᠷᠡᠭᠲᠡᠢ︾ ᠭᠡᠰᠡᠨ ᠲᠣᠭᠲᠠᠭᠠᠯ ᠢ ᠵᠡᠷᠭᠡ ᠳᠤ ᠨᠢ ᠬᠦᠴᠦᠨ ᠦᠭᠡᠢ | ᠪᠣᠯᠭᠠᠵᠠᠢ᠃ |