【 ᠡᠷᠬᠡ ᠰᠦᠷᠲᠦ ᠲᠠᠶᠢᠯᠤᠮᠵᠢ 】ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ︽ᠵᠠᠮ ᠤᠨ ᠱᠤᠭᠤᠮ︾ ᠢ ᠬᠤᠪᠢᠶᠠᠷᠢᠯᠠᠨ ᠲᠣᠭᠲᠠᠭᠠᠪᠠ
ᠨᠡᠶᠢᠲᠡᠯᠡᠭᠰᠡᠨ ᠴᠠᠭ᠄
2018/10/29
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠳᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠬᠡᠪᠴᠢᠶ᠎ᠡ᠂ ᠠᠭᠤᠯᠭ᠎ᠠ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠬᠤ ᠬᠡᠷᠡᠭᠲᠡᠢ ᠭᠡᠵᠦ ᠲᠣᠳᠣᠷᠬᠠᠶᠢᠯᠠᠵᠠᠢ᠃      ᠥᠭᠡᠷᠡᠴᠢᠯᠡᠯᠲᠡ ᠶᠢᠨ ᠬᠡᠪᠴᠢᠶ᠎ᠡ ᠶᠢ ᠲᠣᠳᠣᠷᠬᠠᠶᠢᠯᠠᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠮ  ᠬᠠᠷᠢᠯᠴᠠᠭ᠎ᠠ  ᠲᠡᠭᠡᠭᠡᠪᠦᠷᠢ᠂ ᠲᠠᠷᠢᠶᠠᠯᠠᠩ ᠵᠡᠷᠭᠡ 5 ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠲᠥᠪ ᠤᠨ ᠱᠠᠭᠠᠷᠳᠠᠯᠭ᠎ᠠ ᠶᠣᠰᠣᠭᠠᠷ ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠰᠠᠨᠠᠯ ᠢ ᠨᠢᠭᠡᠳᠦᠯᠲᠡᠢ ᠲᠥᠯᠥᠪᠵᠢᠭᠦᠯᠦᠨ ᠲᠣᠭᠲᠠᠭᠠᠵᠤ᠂ ᠥᠭᠡᠷᠡᠴᠢᠯᠡᠯᠲᠡ ᠶᠢ ᠪᠦᠬᠦᠯᠢ ᠴᠣᠭᠴᠠ ᠪᠠᠷ  ᠨᠢ ᠠᠬᠢᠭᠤᠯᠤᠨ᠂ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠠᠯᠤᠰᠯᠠᠭᠰᠠᠨ ᠪᠤᠰᠤᠳ ᠰᠠᠯᠠᠭ᠎ᠠ ᠮᠥᠴᠢᠷ ᠤᠨ ᠬᠢᠨ ᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠥᠭᠡᠷᠡᠴᠢᠯᠡᠯᠲᠡ ᠶᠢᠨ ᠰᠦᠪᠡᠭᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠦᠢᠯᠡᠰ ᠢ ᠡᠬᠢ ᠢᠷᠡᠯᠲᠡ ᠠᠴᠠ ᠨᠢ ᠪᠦᠬᠦ ᠲᠠᠯ᠎ᠠ ᠪᠠᠷ ᠡᠮᠬᠢᠯᠡᠨ ᠳᠢᠭᠯᠡᠬᠦ᠂ ᠵᠢᠷᠤᠮᠵᠢᠭᠤᠯᠬᠤ ᠪᠠ ᠴᠣᠮᠬᠠᠳᠬᠠᠵᠤ᠂ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ᠃      ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠣᠭᠲᠠᠭᠠᠬᠤ᠂ ᠬᠢᠨᠠᠯᠲᠠ ᠲᠠᠯᠪᠢᠵᠤ ᠵᠢᠯᠣᠭᠤᠳᠬᠤ᠂ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠣᠷᠣᠨ ᠬᠡᠪᠴᠢᠶ᠎ᠡ ᠠᠯᠤᠰᠯᠠᠨ ᠬᠠᠤᠯᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠵᠤ᠂ ᠵᠠᠷᠴᠢᠮ ᠳᠡᠭᠡᠷ᠎ᠡ ᠪᠠᠨ ᠬᠠᠤᠯᠢ ᠬᠡᠷᠡᠭᠵᠢᠭᠦᠯᠬᠦ ᠡᠩᠨᠡᠭᠡ ᠲᠣᠬᠢᠷᠠᠭᠤᠯᠬᠤ ᠦᠭᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠴᠢᠩᠭᠠᠷᠠᠭᠤᠯᠬᠤ ᠳᠤ᠂ ᠪᠣᠳᠠᠲᠤ ᠪᠠᠶᠢᠳᠠᠯ ᠠᠴᠠ ᠡᠭᠦᠰᠦᠨ᠂ ᠡᠮᠬᠢᠯᠡᠨ ᠨᠡᠶᠢᠯᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠩ ᠶᠡᠭᠡ ᠬᠡᠪᠴᠢᠶᠡᠨ ᠳᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠨ᠂ ᠲᠣᠭᠤᠷᠢᠭ ᠲᠣᠬᠢᠷᠠᠭᠤᠯᠤᠭᠰᠠᠨ ᠬᠤᠲᠠ ᠪᠠ ᠬᠤᠲᠠ ᠶᠢᠨ ᠬᠠᠷᠢᠶ᠎ᠠ ᠲᠣᠭᠤᠷᠢᠭ ᠲᠤ ᠵᠠᠷᠴᠢᠮ ᠳᠡᠭᠡᠷ᠎ᠡ ᠪᠠᠨ ᠵᠥᠪᠬᠡᠨ ᠨᠢᠭᠡ ᠯᠡ ᠬᠠᠤᠯᠢ ᠬᠡᠷᠡᠭᠵᠢᠭᠦᠯᠬᠦ ᠱᠠᠲᠤ ᠳᠡᠰ ᠲᠣᠬᠢᠷᠠᠭᠤᠯᠵᠤ ᠪᠣᠯᠣᠨ᠎ᠠ᠃ ᠰᠤᠮᠤ ᠰᠢᠶᠠᠩ ᠪᠠᠯᠭᠠᠰᠤ ᠶᠢᠨ ᠡᠯ᠎ᠡ ᠲᠥᠷᠥᠯ ᠤᠨ ᠥᠷᠲᠡᠭᠡ ᠲᠠᠰᠤᠭ ᠤᠨ ᠬᠦᠴᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡ ᠯᠡ ᠰᠠᠯᠠᠭ᠎ᠠ ᠡᠩᠨᠡᠭᠡ ᠬᠠᠤᠯᠢ ᠬᠡᠷᠡᠭᠵᠢᠭᠦᠯᠬᠦ ᠶᠢ ᠬᠠᠮᠢᠶᠠᠷᠬᠤ ᠶᠢ ᠬᠡᠷᠡᠭᠵᠢᠭᠦᠯᠦᠨ᠎ᠡ᠃ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠬᠤᠭᠤᠷᠣᠨᠳᠤ ᠪᠠᠨ ᠵᠣᠬᠢᠴᠠᠭᠤᠯᠤᠨ ᠬᠠᠮᠵᠢᠯᠴᠠᠬᠤ᠂ ᠮᠡᠳᠡᠭᠡ ᠵᠠᠩᠭᠢ ᠪᠠᠨ ᠬᠠᠮᠲᠤ ᠳᠤ ᠪᠠᠨ ᠬᠦᠷᠲᠡᠬᠦ ᠲᠣᠭᠲᠠᠴᠠ ᠪᠠ ᠰᠠᠯᠠᠭ᠎ᠠ ᠮᠥᠴᠢᠷ ᠠᠯᠤᠰᠯᠠᠨ ᠣᠷᠣᠨ ᠬᠡᠪᠴᠢᠶ᠎ᠡ ᠠᠯᠤᠰᠯᠠᠵᠤ ᠬᠠᠤᠯᠢ ᠬᠡᠷᠡᠭᠵᠢᠭᠦᠯᠦᠨ ᠬᠠᠮᠵᠢᠯᠴᠠᠨ ᠠᠵᠢᠯᠯᠠᠬᠤ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠬᠠᠤᠯᠢ ᠬᠡᠷᠡᠭᠵᠢᠭᠦᠯᠬᠦ ᠬᠦᠴᠦᠨ ᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠪᠠ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠡᠩᠨᠡᠭᠡ ᠶᠢᠨ ᠲᠥᠷᠥᠯ ᠵᠦᠢᠯ ᠢ ᠪᠠᠭᠠᠰᠬᠠᠨ᠂ ᠬᠠᠤᠯᠢ ᠬᠡᠷᠡᠭᠵᠢᠭᠦᠯᠬᠦ ᠱᠠᠲᠤ ᠳᠡᠰ ᠢ ᠬᠠᠰᠤᠨ ᠪᠠᠭᠠᠰᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ ᠪᠠᠭᠤᠯᠭᠠᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠳᠤ ᠬᠤᠯᠪᠣᠭᠳᠠᠭᠰᠠᠨ ᠪᠠᠶᠢᠭᠤᠯᠤᠮᠵᠢ ᠣᠷᠣᠨ ᠲᠣᠭᠠᠨ ᠤ ᠵᠦᠢᠯᠡᠰ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ ᠬᠠᠤᠯᠢ ᠬᠡᠷᠡᠭᠵᠢᠭᠦᠯᠬᠦ ᠠᠵᠢᠯᠲᠠᠳ ᠤᠨ ᠣᠷᠣᠨ ᠲᠣᠭᠠᠨ ᠤ ᠰᠠᠭᠤᠷᠢ ᠲᠤᠭ᠎ᠠ ᠶᠢ ᠪᠠᠲᠤᠲᠠᠢ ᠡᠵᠡᠮᠳᠡᠵᠦ᠂ ᠣᠳᠣᠬᠢ ᠪᠠᠶᠢᠳᠠᠯ ᠢ ᠨᠢ ᠬᠤᠪᠢᠷᠠᠭᠤᠯᠬᠤ ᠦᠭᠡᠢ ᠪᠠᠷ ᠲᠦᠷ ᠪᠠᠲᠤᠯᠠᠵᠤ᠂ ᠲᠥᠪ ᠠᠴᠠ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠣᠳᠣᠷᠬᠠᠶᠢᠯᠠᠭᠰᠠᠨ ᠤ ᠳᠠᠷᠠᠭ᠎ᠠ ᠠᠯᠬᠤᠮ ᠠᠯᠬᠤᠮ ᠢᠶᠠᠷ ᠵᠢᠷᠤᠮᠵᠢᠭᠤᠯᠤᠨ᠎ᠠ᠃ ᠬᠠᠮᠢᠶᠠᠷᠤᠯᠲᠠ ᠶᠢᠨ ᠴᠢᠭᠯᠡᠯ ᠢ ᠨᠢᠭᠡᠳᠦᠯᠲᠡᠢ ᠵᠢᠷᠤᠮᠵᠢᠭᠤᠯᠬᠤ ᠶᠣᠰᠣᠭᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨᠴᠠᠯᠢᠭ ᠢ ᠢᠯᠡᠷᠡᠭᠦᠯᠦᠭᠰᠡᠨ ᠣᠷᠣᠨ ᠲᠤᠭ᠎ᠠ ᠪᠠ ᠠᠵᠢᠯᠲᠠᠳ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ