【 ᠡᠷᠬᠡ ᠰᠦᠷᠲᠦ ᠲᠠᠶᠢᠯᠤᠮᠵᠢ 】ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠤ ᠪᠠᠨ ᠪᠣᠳᠠᠲᠠᠢ ᠳᠤ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2018/10/29
     ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠶᠢ ᠵᠥᠪᠰᠢᠶᠡᠷᠡᠪᠡ᠃ ︽ᠲᠥᠰᠥᠯ︾ ᠳᠤ᠂ ᠮᠠᠨ ᠤ ᠣᠷᠣᠨ ᠤ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ᠂ ᠪᠠᠶᠢᠭᠤᠯᠤᠮᠵᠢ ᠶᠢᠨ ᠲᠣᠬᠢᠷᠠᠭᠤᠯᠤᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠢ ᠵᠡᠷᠭᠡ ᠶᠢᠨ ᠡᠯ᠎ᠡ ᠵᠦᠢᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠵᠠᠢ᠃      60 ᠨᠠᠮ ᠵᠠᠰᠠᠭ ᠤᠨ ᠪᠠᠶᠢᠭᠤᠯᠤᠮᠵᠢ ᠲᠣᠬᠢᠷᠠᠭᠤᠯᠪᠠ      ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠤ ᠨᠡᠶᠢᠲᠡ 60 ᠨᠠᠮ ᠵᠠᠰᠠᠭ ᠤᠨ ᠪᠠᠶᠢᠭᠤᠯᠤᠮᠵᠢ ᠲᠣᠬᠢᠷᠠᠭᠤᠯᠪᠠ᠃ ᠲᠡᠭᠦᠨ ᠤ ᠳᠣᠲᠣᠷ᠎ᠠ᠂ ᠨᠠᠮ ᠤᠨ ᠬᠤᠷᠢᠶ᠎ᠠ ᠶᠢᠨ ᠪᠠᠶᠢᠭᠤᠯᠤᠮᠵᠢ 17᠂ ᠵᠠᠰᠠᠭ ᠤᠨ ᠣᠷᠳᠣᠨ ᠤ ᠪᠠᠶᠢᠭᠤᠯᠤᠮᠵᠢ 43 ᠪᠠᠶᠢᠳᠠᠭ᠃ ︽ᠲᠥᠰᠥᠯ︾ ᠳᠤ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠲᠣᠳᠣᠷᠬᠠᠶᠢᠯᠠᠪᠠ᠃      ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠨ᠂ ᠠᠷᠠᠳ ᠲᠦᠮᠡᠨ ᠢᠶᠠᠷ ᠲᠥᠪ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠰᠢᠯᠢᠳᠡᠭᠵᠢᠭᠦᠯᠦᠨ ᠵᠣᠬᠢᠴᠠᠭᠤᠯᠵᠤ ᠦᠷ᠎ᠡ ᠪᠦᠲᠦᠮᠵᠢ ᠰᠠᠶᠢᠲᠠᠢ ᠪᠠᠶᠢᠬᠤ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠲᠥᠪ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠣᠷᠣᠨ ᠨᠤᠲᠤᠭ ᠤᠨ ᠬᠢᠨ ᠤ ᠢᠳᠡᠪᠬᠢᠵᠢᠯ ᠢ ᠭᠦᠢᠴᠡᠳ ᠪᠠᠳᠠᠷᠠᠭᠤᠯᠬᠤ ᠶᠢ ᠪᠠᠷᠢᠮᠲᠠᠯᠠᠨ᠎ᠠ᠃      ᠬᠤᠶᠠᠷ ᠲᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠯᠳᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠢ ᠬᠥᠲᠥᠯᠥᠭᠴᠢ ᠪᠣᠯᠭᠠᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠠᠷ ᠤᠳᠤᠷᠢᠳᠤᠮᠵᠢ ᠪᠣᠯᠭᠠᠵᠤ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠦᠨ ᠵᠣᠬᠢᠴᠠᠭᠤᠯᠵᠤ ᠦᠷ᠎ᠡ ᠪᠦᠲᠦᠮᠵᠢ ᠰᠠᠶᠢᠲᠠᠢ ᠪᠣᠯᠭᠠᠬᠤ ᠪᠠᠷ ᠬᠦᠴᠦᠯᠡᠬᠦ ᠴᠡᠭ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠦᠨ᠂ ᠪᠠᠶᠢᠭᠤᠯᠤᠮᠵᠢ ᠶᠢᠨ ᠲᠣᠬᠢᠷᠠᠭᠤᠯᠤᠯᠲᠠ ᠳᠤ ᠥᠭᠡᠷᠡᠴᠢᠯᠡᠯᠲᠡ ᠬᠢᠵᠦ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠎ᠠ᠃      ᠭᠤᠷᠪᠠ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠨ᠂ ᠡᠯ᠎ᠡ ᠱᠠᠲᠤ ᠳᠡᠰ᠂ ᠨᠠᠮ ᠵᠠᠰᠠᠭ ᠪᠦᠯᠬᠦᠮ ᠨᠡᠶᠢᠲᠡ ᠶᠢᠨ ᠡᠯ᠎ᠡ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠴᠢ ᠪᠥᠭᠡᠳ ᠵᠢᠷᠤᠮᠵᠢᠯ ᠲᠠᠢ᠂ ᠠᠵᠢᠯᠯᠠᠭᠠᠨ ᠨᠢ ᠪᠦᠲᠦᠮᠵᠢᠲᠡᠢ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠢᠳᠡᠪᠬᠢᠲᠡᠢ ᠪᠠᠷ ᠪᠠᠶᠢᠭᠤᠯᠵᠤ᠂ ᠡᠯ᠎ᠡ ᠲᠠᠯ᠎ᠠ ᠶᠢᠨ ᠬᠢᠨ ᠤ ᠥᠭᠡᠷᠡᠴᠢᠯᠡᠯᠲᠡ ᠶᠢ ᠣᠷᠭᠠᠨᠢᠭ ᠢᠶᠠᠷ ᠵᠣᠯᠭᠠᠯᠳᠤᠭᠤᠯᠤᠨ᠂ ᠵᠣᠬᠢᠴᠠᠭᠤᠯᠤᠨ ᠬᠥᠳᠡᠯᠦᠯᠴᠡᠬᠦ ᠶᠢ ᠠᠬᠢᠭᠤᠯᠵᠤ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠦᠷ᠎ᠡ ᠨᠥᠯᠥᠭᠡ ᠶᠢ ᠪᠠᠳᠠᠷᠠᠭᠤᠯᠤᠨ᠎ᠠ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠠᠭᠤᠤ ᠶᠡᠭᠡ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠬᠦᠴᠦᠨ ᠪᠦᠬᠦᠢ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠬᠠᠩᠭᠠᠨ᠎ᠠ᠃      ᠥᠭᠡᠷᠡᠴᠢᠯᠡᠯᠲᠡ ᠶᠢᠨ ᠣᠨᠴᠠᠯᠢᠭ ᠨᠢ ᠢᠯᠡ ᠲᠣᠳᠣ      ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠪᠠ᠃ ᠲᠤᠭ ᠲᠡᠮᠳᠡᠭ ᠢᠯᠡ ᠲᠣᠳᠣ ᠪᠠᠷ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠᠷ ᠥᠭᠡᠷᠡᠴᠢᠯᠡᠯᠲᠡ ᠶᠢᠨ ᠤᠯᠤᠰ ᠲᠥᠷᠥ ᠶᠢᠨ ᠭᠤᠣᠯ ᠰᠡᠳᠦᠪ ᠪᠠ ᠲᠡᠷᠢᠭᠦᠨ ᠴᠢᠬᠤᠯᠠ ᠡᠭᠦᠷᠭᠡ ᠪᠣᠯᠭᠠᠨ᠂ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠳᠤ ᠳᠦᠷᠢᠮ ᠤᠨ ᠲᠣᠬᠢᠷᠠᠭᠤᠯᠤᠯᠲᠠ ᠬᠢᠵᠦ᠂ ᠡᠯ᠎ᠡ ᠬᠦᠷᠢᠶ᠎ᠡ ᠴᠠᠷᠠᠭᠠᠨ ᠤ ᠡᠯ᠎ᠡ ᠲᠠᠯ᠎ᠠ ᠳᠠᠬᠢ ᠨᠠᠮ ᠤᠨ ᠤᠳᠤᠷᠢᠳᠤᠯᠭ᠎ᠠ ᠶᠢ ᠬᠦᠴᠦᠲᠡᠢ ᠴᠢᠩᠭᠠᠳᠬᠠᠪᠠ᠃ ᠵᠢᠱᠢᠶᠡᠯᠡᠪᠡᠯ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠣᠷᠣᠨ ᠢᠶᠠᠨ ᠪᠦᠬᠦ ᠲᠠᠯ᠎ᠠ ᠪᠠᠷ ᠵᠠᠰᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠣᠳᠣᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠵᠡᠷᠭᠡ ᠶᠢ ᠵᠣᠬᠢᠶᠠᠨ ᠪᠠᠶᠢᠭᠤᠯᠵᠠᠢ᠃      ᠬᠤᠶᠠᠷ ᠲᠤ᠂ ᠨᠢᠭᠡᠳᠦᠯᠲᠡᠢ ᠪᠠᠷ ᠰᠢᠰᠲ᠋ᠧᠮᠵᠢᠭᠦᠯᠵᠦ ᠵᠣᠬᠢᠴᠠᠭᠤᠯᠤᠨ ᠬᠠᠮᠢᠶᠠᠷᠬᠤ ᠡᠭᠦᠷᠭᠡ ᠴᠢᠳᠠᠪᠤᠷᠢ ᠶᠢ ᠬᠦᠴᠦᠲᠡᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠲᠤᠰ ᠰᠢᠰᠲ᠋ᠧᠮ᠂ ᠲᠤᠰ ᠬᠦᠷᠢᠶ᠎ᠡ ᠴᠠᠷᠠᠭ᠎ᠠ ᠶᠢᠨ ᠠᠵᠢᠯ ᠢᠶᠠᠨ ᠰᠢᠰᠲ᠋ᠧᠮᠵᠢᠭᠦᠯᠦᠨ ᠵᠣᠬᠢᠴᠠᠭᠤᠯᠵᠤ ᠬᠠᠮᠢᠶᠠᠷᠬᠤ ᠡᠭᠦᠷᠭᠡ ᠴᠢᠳᠠᠪᠤᠷᠢ ᠶᠢ ᠨᠢ ᠴᠢᠩᠭᠠᠳᠬᠠᠪᠠ᠃ ᠵᠢᠱᠢᠶᠡᠯᠡᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠢ ᠨᠢᠭᠡᠳᠦᠯᠲᠡᠢ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠠᠰ ᠠᠴᠠ ᠠᠯᠪᠠᠲᠠᠨ ᠤ ᠠᠵᠢᠯ ᠢ ᠨᠢᠭᠡᠳᠦᠯᠲᠡᠢ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠰᠣᠨᠢᠨ ᠮᠡᠳᠡᠭᠡ ᠬᠡᠪᠯᠡᠯ ᠪᠠ ᠺᠢᠨᠣ᠋ ᠲᠧᠯᠸᠢᠰ ᠤᠨ ᠠᠵᠢᠯ ᠢ ᠨᠢᠭᠡᠳᠦᠯᠲᠡᠢ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠢ ᠨᠢᠭᠡᠳᠦᠯᠲᠡᠢ ᠤᠳᠤᠷᠢᠳᠬᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠠᠴᠠ ᠱᠠᠰᠢᠨ ᠰᠤᠷᠲᠠᠬᠤᠨ ᠤ ᠠᠵᠢᠯ ᠪᠠ ᠬᠠᠷᠢᠶᠠᠲᠤ ᠶᠢᠨ ᠶᠠᠪᠤᠳᠠᠯ ᠤᠨ ᠠᠵᠢᠯ ᠢ ᠨᠢᠭᠡᠳᠦᠯᠲᠡᠢ ᠬᠠᠮᠢᠶᠠᠷᠤᠨ᠎ᠠ᠃      ᠭᠤᠷᠪᠠ ᠳᠤ᠂ ᠠᠷᠠᠳ ᠲᠦᠮᠡᠨ ᠢᠶᠠᠷ ᠲᠥᠪ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠪᠠ᠃ ᠡᠨᠡ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠨᠢ᠂ ᠠᠷᠠᠳ ᠤᠨ ᠠᠮᠢᠳᠤᠷᠠᠯ ᠪᠠ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠡᠩ ᠴᠢᠬᠤᠯᠠᠴᠢᠯᠠᠨ ᠦᠵᠡᠬᠦ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠠᠶᠢᠭᠤᠯᠤᠮᠵᠢ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠤᠨ᠂ ᠨᠢᠭᠡ ᠪᠦᠯᠦᠭ ᠰᠢᠨ᠎ᠡ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠰᠢᠨ᠎ᠡ ᠡᠭᠦᠷᠭᠡ ᠴᠢᠳᠠᠪᠤᠷᠢ ᠶᠢ ᠪᠦᠷᠢᠨᠰᠢᠭᠦᠯᠵᠦ᠂ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠬᠦ ᠳᠤ ᠠᠰᠢᠭᠲᠠᠢ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠵᠢᠱᠢᠶᠡᠯᠡᠪᠡᠯ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠶᠢ ᠵᠣᠬᠢᠶᠠᠨ ᠪᠠᠶᠢᠭᠤᠯᠵᠤ᠂ ᠠᠮᠢ ᠠᠬᠤᠢ ᠶᠢ ᠬᠠᠮᠠᠭᠠᠯᠠᠬᠤ᠂ ᠠᠵᠤ ᠠᠬᠤᠢ ᠶᠢ ᠬᠥᠭᠵᠢᠭᠦᠯᠬᠦ᠂ ᠨᠡᠶᠢᠭᠡᠮ ᠢ ᠬᠠᠮᠢᠶᠠᠷᠬᠤ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠡᠷᠭᠡ ᠡᠭᠦᠷᠭᠡ ᠴᠢᠳᠠᠪᠤᠷᠢ ᠶᠢ ᠴᠢᠩᠭᠠᠳᠬᠠᠵᠤ᠂ ᠡᠯ᠎ᠡ ᠲᠥᠷᠥᠯ ᠤᠨ ᠪᠠᠶᠢᠭᠤᠯᠤᠮᠵᠢ ᠶᠢᠨ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ ᠴᠢᠳᠠᠬᠤ ᠪᠣᠯᠭᠠᠪᠠ᠃      ᠳᠥᠷᠪᠡ ᠳᠤ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠵᠦ᠂ ᠬᠡᠷᠡᠭᠵᠢᠭᠦᠯᠦᠯᠲᠡ ᠨᠢ ᠬᠦᠴᠦᠲᠡᠢ ᠪᠠᠶᠢᠬᠤ ᠶᠢ ᠪᠠᠲᠤᠯᠠᠪᠠ᠃ ᠲᠥᠪ ᠠᠴᠠ ︽ᠲᠣᠭᠲᠠᠭᠠᠭᠰᠠᠨ ᠠᠵᠢᠯᠯᠠᠭ᠎ᠠ︾ ᠶᠢ ᠲᠡᠷᠡ ᠶᠣᠰᠣᠭᠠᠷ ᠨᠢ᠂ ᠤᠯᠠᠷᠢᠭᠤᠯᠤᠨ ᠬᠤᠪᠢᠷᠠᠭᠤᠯᠬᠤ ᠦᠭᠡᠢ ᠪᠠᠷ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠠ ᠤᠯᠤᠰ ᠤᠨ ᠬᠠᠤᠯᠢ ᠳᠦᠷᠢᠮ ᠨᠢᠭᠡᠳᠦᠯᠲᠡᠢ᠂ ᠵᠠᠰᠠᠭ ᠵᠠᠷᠯᠢᠭ ᠨᠢᠭᠡᠳᠦᠯᠲᠡᠢ᠂ ᠵᠠᠬ᠎ᠠ ᠳᠡᠯᠭᠡᠭᠦᠷ ᠨᠢᠭᠡᠳᠦᠯᠲᠡᠢ ᠪᠠᠶᠢᠬᠤ ᠶᠢ ᠡᠷᠡᠰ ᠬᠠᠮᠠᠭᠠᠯᠠᠵᠤ᠂ ᠪᠠᠶᠢᠭᠤᠯᠤᠮᠵᠢ ᠶᠢ ᠲᠣᠬᠢᠷᠠᠭᠤᠯᠬᠤ ᠪᠠ ᠡᠭᠦᠷᠭᠡ ᠴᠢᠳᠠᠪᠤᠷᠢ ᠶᠢ ᠬᠤᠪᠢᠶᠠᠷᠢᠯᠠᠬᠤ ᠲᠠᠯ᠎ᠠ ᠪᠠᠷ᠂ ᠲᠥᠪ ᠪᠠ ᠤᠯᠤᠰ ᠤᠨ ᠪᠠᠶᠢᠭᠤᠯᠭ᠎ᠠ ᠲᠠᠢ ᠦᠨᠳᠦᠰᠦᠨ ᠳᠤ ᠪᠠᠨ ᠬᠠᠷᠠᠭᠠᠯᠵᠠᠵᠤ ᠳᠡᠶᠢᠯᠬᠦ ᠶᠢ ᠪᠠᠲᠤᠯᠠᠪᠠ᠃      ᠲᠠᠪᠤ ᠳᠤ᠂ ᠥᠪᠥᠷ ᠮᠣᠩᠭᠤᠯ ᠤᠨ ᠥᠪᠡᠷᠮᠢᠴᠡ ᠣᠨᠴᠠᠯᠢᠭ ᠢ ᠢᠯᠡᠷᠡᠭᠦᠯᠪᠡ᠃ ᠲᠥᠪ ᠠᠴᠠ ᠣᠷᠣᠨ ᠨᠤᠲᠤᠭ ᠲᠤ ᠣᠯᠭᠤᠭᠰᠠᠨ ᠡᠵᠡᠨ ᠮᠡᠳᠡᠬᠦ ᠡᠷᠬᠡ ᠶᠢ ᠭᠦᠢᠴᠡᠳ ᠪᠠᠳᠠᠷᠠᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ᠂ ᠤᠮᠠᠷᠠᠰᠢ ᠨᠡᠭᠡᠭᠡᠯᠲᠡ ᠬᠢᠭᠰᠡᠨ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠭᠠᠵᠠᠷ ᠣᠷᠣᠨ ᠤ ᠪᠠᠨ ᠪᠠᠶᠢᠳᠠᠯ ᠳᠤ ᠨᠢ ᠲᠣᠬᠢᠷᠠᠭᠤᠯᠤᠨ ᠡᠨᠧᠷᠭᠢ ᠶᠢᠨ ᠲᠣᠪᠴᠢᠶ᠎ᠠ᠂ ᠣᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠢ ᠲᠣᠬᠢᠷᠠᠭᠤᠯᠵᠤ᠂ ᠪᠠᠶᠢᠭᠠᠯᠢ ᠶᠢᠨ ᠡᠬᠢ  ᠪᠠᠶᠠᠯᠢᠭ ᠤᠨ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠤᠯᠭᠠᠭᠤᠷᠢᠯᠠᠯ ᠪᠠ ᠪᠠᠲᠤᠯᠠᠭ᠎ᠠ ᠶᠢ ᠴᠢᠩᠭᠠᠳᠬᠠᠪᠠ᠃ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ ᠤ ᠪᠠᠶᠢᠳᠠᠯ ᠪᠠ ᠣᠨᠴᠠᠯᠢᠭ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠠᠴᠠ ᠡᠭᠦᠰᠴᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠣᠷᠣᠨ ᠬᠡᠪᠴᠢᠶᠡᠨ ᠤ ᠵᠣᠬᠢᠴᠠᠩᠭᠤᠢ ᠬᠥᠭᠵᠢᠯᠲᠡ᠂ ᠬᠤᠳᠠᠯᠳᠤᠭᠠᠯᠠᠨ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠭᠤᠯᠤᠮᠵᠢ ᠪᠠ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠪᠡ᠃      ᠡᠯ᠎ᠡ ᠵᠦᠢᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠠᠵᠢᠯ ᠳᠠᠬᠢ ᠭᠤᠣᠯᠯᠠᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠥᠪ ᠤᠨ ᠲᠠᠰᠤᠯᠤᠨ ᠪᠣᠳᠣᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠲᠠᠯ᠎ᠠ ᠳᠠᠬᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠨᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠠᠵᠢᠯ ᠤᠨ ᠳᠦᠷᠢᠮ ᠢ ᠪᠦᠷᠢᠨᠰᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠲᠡᠭᠦᠨ ᠤ ᠡᠭᠦᠷᠭᠡ ᠴᠢᠳᠠᠪᠤᠷᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠬᠠᠮᠢᠶ᠎ᠠ ᠪᠦᠬᠦᠢ ᠲᠤᠰᠬᠠᠢ ᠵᠥᠪᠯᠡᠯ ᠤᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠲᠤᠰᠬᠠᠢ ᠵᠥᠪᠯᠡᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠡᠭᠦᠨ ᠤ ᠲᠤᠰᠬᠠᠶᠢᠯᠠᠨ ᠵᠥᠪᠳᠡᠯᠴᠡᠭᠡᠷ ᠬᠢᠬᠦ ᠪᠠᠶᠢᠭᠤᠯᠤᠮᠵᠢ ᠪᠣᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠲᠠᠷᠢᠶᠠᠯᠠᠩ ᠮᠠᠯᠵᠢᠯ ᠤᠨ ᠵᠥᠪᠯᠡᠯ ᠪᠣᠯᠭᠠᠨ ᠥᠭᠡᠷᠡᠴᠢᠯᠡᠨ ᠨᠡᠷᠡᠶᠢᠳᠦᠨ᠎ᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠰᠣᠶᠣᠯ ᠲᠡᠦᠬᠡ ᠶᠢᠨ ᠮᠠᠲ᠋ᠧᠷᠢᠶᠠᠯ ᠤᠨ ᠵᠥᠪᠯᠡᠯ ᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠰᠣᠶᠣᠯ ᠲᠡᠦᠬᠡ ᠪᠠ ᠰᠤᠷᠤᠯᠴᠠᠯᠭ᠎ᠠ ᠶᠢᠨ ᠵᠥᠪᠯᠡᠯ ᠪᠣᠯᠭᠠᠨ ᠥᠭᠡᠷᠡᠴᠢᠯᠡᠨ ᠨᠡᠷᠡᠶᠢᠳᠦᠨ᠎ᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠪᠣᠯᠭᠠᠨ ᠥᠭᠡᠷᠡᠴᠢᠯᠡᠨ ᠨᠡᠷᠡᠶᠢᠳᠦᠨ᠎ᠡ᠃      ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠢ ᠴᠢᠩᠭᠠᠷᠠᠭᠤᠯᠬᠤ ᠶᠢ ᠠᠬᠢᠭᠤᠯᠤᠨ᠂ ︽ᠪᠠᠶᠢᠭᠤᠯᠭ᠎ᠠ ᠶᠢᠨ ᠪᠣᠯᠭᠠᠬᠤ᠂ ᠵᠠᠰᠠᠭ ᠵᠠᠬᠢᠷᠭᠠᠨ ᠤ ᠪᠣᠯᠭᠠᠬᠤ᠂ ᠢᠵᠠᠭᠤᠷᠲᠠᠨ ᠤ ᠪᠣᠯᠭᠠᠬᠤ᠂ ᠵᠤᠭ᠎ᠠ ᠲᠣᠭᠯᠠᠭᠠᠮ ᠤᠨ ᠪᠣᠯᠭᠠᠬᠤ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠢ ᠰᠢᠯᠢᠳᠡᠭᠵᠢᠭᠦᠯᠦᠨ᠂ ᠬᠠᠮᠢᠶᠠᠷᠤᠯᠲᠠ ᠶᠢᠨ ᠵᠠᠭᠪᠤᠷ ᠢ ᠨᠢ ᠲᠡᠭᠦᠯᠳᠡᠷᠵᠢᠭᠦᠯᠵᠦ᠂ ᠠᠵᠢᠯᠯᠠᠭᠠᠨ ᠤ ᠲᠣᠭᠲᠠᠴᠠ ᠳᠤ ᠨᠢ ᠰᠢᠨ᠎ᠡ ᠶᠢ ᠡᠭᠦᠳᠴᠦ᠂ ᠬᠠᠷᠠᠭᠠᠰᠤ ᠪᠠᠨ ᠳᠣᠷᠣᠭᠰᠢᠯᠠᠭᠤᠯᠬᠤ᠂ ᠦᠨᠳᠦᠰᠦᠨ ᠱᠠᠲᠤᠨ ᠳᠤ ᠬᠠᠨᠳᠤᠭᠤᠯᠬᠤ ᠶᠢ ᠪᠠᠷᠢᠮᠲᠠᠯᠠᠨ᠂ ᠬᠦᠴᠦᠨ ᠤ ᠬᠤᠪᠢᠶᠠᠷᠢᠯᠠᠯᠲᠠ ᠪᠠ ᠦᠢᠯᠡᠴᠢᠯᠡᠭᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠲᠡᠶᠢᠰᠢ ᠬᠡᠯᠪᠡᠶᠢᠯᠭᠡᠵᠦ᠂ ᠨᠠᠮ ᠵᠠᠰᠠᠭ ᠤᠨ ᠪᠠᠶᠢᠭᠤᠯᠤᠮᠵᠢ ᠶᠢ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠮᠵᠢ  ᠲᠠᠢ ᠣᠷᠭᠠᠨᠢᠭ ᠢᠶᠠᠷ ᠵᠣᠯᠭᠠᠯᠳᠤᠭᠤᠯᠬᠤ ᠶᠢ ᠠᠬᠢᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠠᠴᠠ ᠲᠡᠭᠦᠨ ᠤ ᠳᠠᠭᠠᠭᠠᠨ ᠡᠭᠦᠷᠭᠡᠯᠡᠬᠦ ᠳᠤ ᠲᠣᠬᠢᠷᠠᠬᠤ ᠣᠯᠠᠨ ᠨᠡᠶᠢᠲᠡ ᠶᠢᠨ ᠦᠢᠯᠡᠴᠢᠯᠡᠭᠡ ᠶᠢᠨ ᠡᠭᠦᠷᠭᠡ ᠴᠢᠳᠠᠪᠤᠷᠢ ᠶᠢ ᠡᠭᠦᠷᠭᠡᠯᠡᠬᠦ ᠶᠢ ᠳᠠᠮᠵᠢᠨ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠦᠯᠬᠦᠮᠳᠡᠭᠦᠯᠦᠨ ᠬᠥᠮᠥᠵᠢᠭᠦᠯᠬᠦ᠂ ᠡᠷᠬᠡ ᠠᠰᠢᠭ ᠢ ᠬᠠᠮᠠᠭᠠᠯᠠᠬᠤ᠂ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠴᠢᠳᠠᠮᠵᠢ ᠶᠢ ᠴᠢᠩᠭᠠᠷᠠᠭᠤᠯᠤᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠨᠠᠮ ᠪᠠ ᠵᠠᠰᠠᠭ ᠤᠨ ᠣᠷᠳᠣᠨ ᠠᠴᠠ ᠠᠷᠠᠳ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠣᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠭᠠᠳᠠᠨ᠎ᠠ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠪᠦᠷᠢᠮᠦᠰᠦᠨ᠂ ᠭᠤᠣᠯᠳᠠᠭᠤ ᠪᠠ ᠬᠡᠰᠡᠭ ᠲᠠᠯ᠎ᠠ ᠪᠠᠷ ᠳᠠᠭᠠᠭᠠᠨ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢ ᠪᠦᠬᠦᠨ ᠢ ᠥᠭᠡᠷᠡᠴᠢᠯᠡᠯᠲᠡ ᠬᠢᠬᠦ ᠬᠡᠪᠴᠢᠶᠡᠨ ᠳᠤ ᠣᠷᠣᠭᠤᠯᠤᠨ᠂ ᠠᠵᠢᠯ ᠦᠢᠯᠡᠰ ᠤᠨ ᠨᠢᠭᠡᠴᠢ ᠶᠢᠨ ᠳᠠᠭᠠᠭᠠᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠵᠦ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠪᠢᠶᠠᠷᠢᠯᠠᠨ ᠡᠭᠡᠭᠦᠯᠦᠨ᠎ᠡ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠭᠠᠳᠠᠨ᠎ᠠ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠬᠦ ᠠᠵᠢᠯ ᠦᠢᠯᠡᠰ ᠤᠨ ᠨᠢᠭᠡᠴᠢ ᠶᠢ ᠳᠠᠬᠢᠵᠤ ᠦᠯᠡᠳᠡᠭᠡᠬᠦ ᠦᠭᠡᠢ ᠪᠤᠶᠤ ᠰᠢᠨ᠎ᠡ ᠪᠠᠷ ᠨᠡᠮᠡᠵᠦ ᠲᠣᠬᠢᠷᠠᠭᠤᠯᠬᠤ ᠦᠭᠡᠢ᠃      ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠪᠠ      ᠲᠤᠰ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠤ᠂ ︽ᠤᠷᠢᠳ ᠢᠶᠠᠷ ᠪᠠᠶᠢᠭᠤᠯᠤᠨ ᠳᠠᠷᠠᠭ᠎ᠠ ᠳᠤ ᠨᠢ ᠬᠦᠴᠦᠨ ᠦᠭᠡᠢ ᠪᠣᠯᠭᠠᠬᠤ᠂ ᠪᠠᠶᠢᠭᠤᠯᠬᠤ ᠦᠭᠡᠢ ᠪᠣᠯ ᠥᠯᠥ ᠬᠦᠴᠦᠨ ᠦᠭᠡᠢ ᠪᠣᠯᠭᠠᠬᠤ︾ ᠪᠠ ︽ᠤᠷᠢᠳ ᠢᠶᠠᠷ ᠰᠢᠯᠵᠢᠭᠦᠯᠦᠨ ᠬᠠᠷᠢᠶᠠᠯᠠᠭᠤᠯᠵᠤ᠂ ᠳᠠᠷᠠᠭ᠎ᠠ ᠳᠤ ᠨᠢ ᠭᠤᠷᠪᠠ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠲᠠᠢ᠂ ᠰᠠᠬᠢᠯᠭ᠎ᠠ ᠪᠠᠲᠤ ᠲᠠᠢ᠂ ᠠᠯᠬᠤᠮ ᠳᠠᠷᠠᠭ᠎ᠠ ᠲᠠᠢ ᠪᠠᠷ ᠠᠬᠢᠭᠤᠯᠤᠨ᠎ᠠ᠃ ᠰᠢᠨ᠎ᠡ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠠᠵᠢᠯᠯᠠᠬᠤ ᠲᠠᠯᠠᠪᠤᠷ ᠭᠠᠵᠠᠷ ᠢ ᠲᠣᠬᠢᠷᠠᠭᠤᠯᠬᠤ᠂ ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠬᠤ᠂ ᠡᠭᠦᠷᠭᠡ ᠴᠢᠳᠠᠪᠤᠷᠢ ᠶᠢ ᠲᠤᠰᠢᠶᠠᠬᠤ ᠪᠠ ᠬᠦᠯᠢᠶᠡᠨ ᠠᠪᠬᠤ ᠵᠡᠷᠭᠡ ᠠᠵᠢᠯ ᠢ ᠳᠡᠰ ᠳᠠᠷᠠᠭᠠᠯᠠᠯ ᠲᠠᠢ ᠪᠠᠷ ᠰᠠᠶᠢᠲᠤᠷ ᠬᠢᠨ᠎ᠡ᠃ ᠲᠡᠭᠦᠨ ᠤ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ 11 ᠳ᠋ᠦ᠋ᠭᠡᠷ ᠰᠠᠷ᠎ᠠ ᠳᠤ ᠰᠢᠨ᠎ᠡ ᠪᠠᠷ ᠵᠣᠬᠢᠶᠠᠨ ᠪᠠᠶᠢᠭᠤᠯᠤᠭᠰᠠᠨ ᠰᠠᠯᠠᠭ᠎ᠠ ᠮᠥᠴᠢᠷ ᠲᠤ ᠪᠠᠨ ᠫᠠᠶᠢᠰᠠ ᠡᠯᠭᠦᠬᠦ᠂ ᠠᠵᠢᠯᠲᠠᠳ ᠢᠶᠠᠨ ᠰᠢᠯᠵᠢᠭᠦᠯᠦᠨ ᠬᠠᠷᠢᠶᠠᠯᠠᠭᠤᠯᠬᠤ ︵ᠠᠵᠢᠯ ᠦᠢᠯᠡᠰ ᠤᠨ ᠨᠢᠭᠡᠴᠢ ᠪᠠᠭᠲᠠᠨ᠎ᠠ︶᠂ ︽ᠭᠤᠷᠪᠠ ᠶᠢ ᠲᠣᠭᠲᠠᠭᠠᠬᠤ︾ ᠲᠣᠭᠲᠠᠭᠠᠯ ︵ᠡᠬᠡ ᠨᠣᠣᠷᠠᠭ︶ ᠢ ᠮᠡᠳᠡᠭᠦᠯᠦᠨ ᠬᠦᠷᠭᠡᠬᠦ ᠵᠡᠷᠭᠡ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠤ ᠪᠠᠨ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ 2019 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠤ ᠪᠠᠨ ᠪᠡᠶᠡᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ