ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠶᠢᠨ ᠲᠣᠤᠷ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠬᠤᠴᠣᠷᠤᠩᠭᠤᠶ ᠳᠦᠷᠰᠦ ᠪᠠᠶᠢᠳᠠᠯ ᠢ ᠲᠦᠢᠯᠪᠤᠷᠢᠲᠠᠶ ᠬᠤᠪᠢᠷᠠᠭᠤᠯᠪᠠ
ᠨᠡᠶᠢᠲᠡᠯᠡᠭᠰᠡᠨ ᠴᠠᠭ᠄
2018/10/31
     ᠣᠳᠣᠬᠠᠨ ᠳᠤ ᠪᠥᠬᠦ ᠣᠷᠣᠨ ᠤ 98%᠎ ᠠᠴᠠ ᠳᠡᠭᠡᠭᠰᠢᠬᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠨᠢᠭᠡᠨᠲᠡ ᠭᠡᠷᠡᠯᠯᠢᠭ ᠰᠢᠷᠬᠡᠭ ᠢ ᠵᠠᠯᠭᠠᠨ ᠣᠷᠣᠭᠤᠯᠵᠤ᠂ ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠴᠢᠮᠡᠭᠡ ᠬᠤᠯᠪᠣᠭ᠎ᠠ ᠶᠢᠨ ᠲᠣᠤᠷ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠬᠤᠴᠣᠷᠤᠩᠭᠤᠶ ᠳᠦᠷᠰᠦ ᠪᠠᠶᠢᠳᠠᠯ ᠢ ᠨᠢᠭᠡᠨᠲᠡ ᠲᠦᠢᠯᠪᠤᠷᠢᠲᠠᠶ ᠬᠤᠪᠢᠷᠠᠭᠤᠯᠪᠠ᠃      ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠮᠡᠳᠡᠭᠡ ᠵᠠᠩᠭᠢ ᠴᠢᠮᠡᠭᠡ ᠬᠤᠯᠪᠣᠭᠠᠨ ᠤ ᠦᠢᠯᠡᠰ ᠨᠢ ᠲᠣᠣᠷ ᠰᠦᠯᠵᠢᠶᠡᠨ ᠤ ᠬᠠᠩᠭᠠᠯᠭ᠎ᠠ ᠶᠢᠨ ᠴᠢᠳᠠᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠲᠤᠷᠰᠢᠯᠲᠠ ᠶᠢᠨ ᠠᠵᠢᠯ ᠢ ᠬᠡᠷᠡᠭᠵᠢᠭᠦᠯᠦᠭᠰᠡᠨ ᠪᠦᠭᠡᠳ ᠲᠣᠣᠷ ᠰᠦᠯᠵᠢᠶᠡᠨ ᠤ ᠮᠡᠳᠡᠭᠡ ᠵᠠᠩᠭᠢ ᠪᠠᠷ ᠶᠠᠳᠠᠭᠤ ᠶᠢ ᠲᠡᠳᠬᠦᠬᠦ ᠡᠷᠴᠢᠮ ᠢᠶᠠᠨ ᠤᠯᠠᠮ ᠴᠢᠩᠭᠠᠷᠠᠭᠤᠯᠪᠠ᠃ ᠣᠳᠣᠬᠠᠨ ᠳᠤ 98%᠎ ᠠᠴᠠ ᠳᠡᠭᠡᠭᠰᠢᠬᠢ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠭᠡᠷᠡᠯᠯᠢᠭ ᠰᠢᠷᠬᠡᠭ ᠢ ᠵᠠᠯᠭᠠᠨ ᠣᠷᠣᠭᠤᠯᠵᠤ᠂ ᠡᠭᠦᠨ ᠳᠤ ᠲᠤᠷᠰᠢᠯᠲᠠ ᠶᠢᠨ ᠴᠡᠭ ᠤᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠲᠣᠣᠷ ᠰᠦᠯᠵᠢᠶ᠎ᠡ ᠶᠢᠨ ᠳᠤᠮᠳᠠᠴᠢ ᠪᠠᠭᠤᠯᠭᠠᠯᠲᠠ ᠶᠢᠨ ᠬᠤᠷᠳᠤᠴᠠ ᠨᠢ ᠬᠤᠲᠠ ᠶᠢᠨ ᠬᠢ ᠲᠠᠢ ᠠᠳᠠᠯᠢ ᠬᠢᠷᠢ ᠲᠥᠪᠰᠢᠨ ᠳᠤ ᠬᠦᠷᠦᠭᠰᠡᠨ ᠪᠠᠶᠢᠨ᠎ᠠ᠃ ᠡᠭᠦᠨ ᠤ ᠬᠠᠮᠲᠤ᠂ 2016 ᠣᠨ ᠠᠴᠠ ᠡᠬᠢᠯᠡᠨ᠂ ᠥᠪᠥᠷ ᠮᠣᠩᠭᠤᠯ 12 ᠠᠶᠢᠮᠠᠭ ᠬᠤᠲᠠ ᠶᠢ ᠵᠣᠬᠢᠶᠠᠨ ᠪᠠᠶᠢᠭᠤᠯᠵᠤ ᠪᠠᠶᠢᠭᠠᠳ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠲᠤᠷᠰᠢᠯᠲᠠ ᠶᠢᠨ ᠴᠡᠭ ᠤᠨ ᠬᠡᠪᠴᠢᠶᠡᠨ ᠳᠤ ᠭᠤᠶᠤᠴᠢᠯᠠᠨ ᠣᠷᠣᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ 6637 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠭᠡᠷᠡᠯᠯᠢᠭ ᠰᠢᠷᠬᠡᠭ ᠨᠡᠪᠲᠡᠷᠡᠭᠦᠯᠬᠦ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠪᠡ᠂ ᠡᠭᠦᠨ ᠳᠤ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠨᠢ 1980 ᠪᠠᠶᠢᠨ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠲᠤᠷᠰᠢᠯᠲᠠ ᠶᠢ ᠬᠡᠷᠡᠭᠵᠢᠭᠦᠯᠦᠭᠰᠡᠨ ᠨᠢ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠡᠲᠦ ᠲᠣᠣᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ ᠪᠠᠰᠠ 9 ᠠᠶᠢᠮᠠᠭ ᠬᠤᠲᠠ ᠶᠢᠨ 679 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠵᠢᠴᠢ 3 ᠬᠢᠯᠢ ᠶᠢᠨ ᠦᠷᠳᠡᠭᠡ ᠴᠡᠭ ᠢ 2018 ᠣᠨ ᠤ ᠴᠠᠬᠢᠯᠭᠠᠨ ᠬᠤᠯᠪᠣᠭᠠᠨ ᠤ ᠲᠦᠭᠡᠮᠡᠯ ᠦᠶᠯᠡᠴᠢᠯᠡᠭᠡ ᠶᠢᠨ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠤᠭᠤᠯᠬᠤ ᠪᠠᠷ ᠪᠣᠢ᠃ ᠡᠨᠡ ᠤᠳᠠᠭ᠎ᠠ ᠶᠢᠨ ᠲᠤᠷᠰᠢᠯᠲᠠ ᠶᠢᠨ ᠠᠵᠢᠯ ᠳᠠᠭᠤᠰᠤᠭᠰᠠᠨ ᠤ ᠲᠠᠷᠠᠭ᠎ᠠ᠂ ᠪᠦᠬᠦ ᠣᠷᠣᠨ ᠤ ᠵᠠᠰᠠᠭ ᠵᠠᠬᠢᠷᠭᠠᠨ ᠤ ᠲᠣᠰᠬᠤᠨ ᠳᠠᠬᠢ 4 G ᠲᠣᠣᠷ ᠰᠦᠯᠵᠢᠶ᠎ᠡ ᠶᠢ ᠴᠤ 98%᠎ ᠠᠴᠠ ᠳᠡᠭᠡᠭᠰᠢ ᠳᠤ ᠬᠦᠷᠦᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号