ᠪᠠᠶᠢᠭᠠᠯᠢ ᠶᠢᠨ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ︵ᠳᠣᠷᠣᠭᠰᠢ ︽ | ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠭᠡᠵᠦ ᠳᠦᠬᠦᠮᠴᠢᠯᠡᠨ᠎ᠡ︾︶ ᠮᠠᠨ ᠤ ᠤᠷᠤᠨ ᠳᠤ | ᠬᠡᠷᠡᠭᠵᠢᠭᠦᠯᠦᠭᠳᠡᠭᠰᠡᠨ 20 ᠵᠢᠯ ᠤᠨ ᠲᠤᠷᠰᠢ᠂ ᠲᠥᠪ ᠠᠴᠠ ᠨᠡᠶᠢᠲᠡ 486.76 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠵᠤ᠂ ᠤᠢ ᠰᠢᠭᠤᠶ ᠶᠢᠨ ᠡᠬᠢ ᠪᠠᠶᠠᠯᠢᠭ ᠢ ᠠᠮᠤᠷᠵᠢᠭᠤᠯᠤᠨ ᠲᠡᠩᠬᠡᠷᠡᠭᠦᠯᠬᠦ ᠪᠠ ᠰᠡᠷᠭᠦᠭᠡᠨ | ᠬᠦᠭᠵᠢᠭᠦᠯᠬᠦ ᠪᠠᠷ ᠭᠤᠣᠯ ᠰᠡᠳᠦᠪ ᠪᠣᠯᠭᠠᠵᠤ᠂ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠣᠶ ᠰᠢᠭᠤᠢ ᠶᠢᠨ | ᠪᠤᠶᠢᠵᠢᠯᠲᠠ ᠶᠢ ᠲᠦᠷᠭᠡᠳᠬᠡᠬᠦ᠂ ᠦᠯᠡᠭᠦᠳᠡᠯ ᠠᠵᠢᠯᠳᠠᠨ ᠠᠵᠢᠯᠴᠢᠨ ᠢ ᠰᠢᠯᠵᠢᠭᠦᠯᠦᠨ ᠲᠥᠪᠬᠢᠨᠡᠭᠦᠯᠬᠦ ᠪᠠ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠠᠷᠠᠳ ᠢ ᠪᠠᠶᠠᠵᠢᠭᠤᠯᠬᠤ᠂ | ᠤᠷᠤᠨ ᠢ ᠬᠦᠴᠦᠷᠬᠡᠭᠵᠢᠭᠦᠯᠬᠦ ᠪᠠ ᠡᠭᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ | ᠣᠶᠢᠯᠠᠭᠠᠭᠰᠠᠨ ᠢᠶᠠᠷ᠂ ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠨᠢ ᠮᠠᠨ ᠤ ᠣᠷᠣᠨ ᠳᠤ ᠭᠤᠷᠪᠠᠨ | ᠢᠨᠵᠧᠨᠧᠷᠢᠩ ᠤᠨ ᠣᠷᠣᠨ ᠲᠠᠢ᠂ ᠲᠤᠬᠠᠶᠢᠯᠠᠪᠠᠯ ᠦᠪᠦᠷ ᠮᠤᠩᠭᠤᠯ ᠤᠨ ᠤᠢ ᠰᠢᠭᠤᠶ ᠶᠢᠨ ᠠᠵᠤ ᠦᠢᠯᠡᠳᠪᠦᠷᠢ ᠶᠢᠨ | ᠪᠦᠯᠦᠭᠯᠡᠯ ᠤᠨ ᠢᠨᠵᠧᠨᠧᠷᠢᠩ ᠤᠨ ᠣᠷᠣᠨ᠂ ᠯᠢᠩ ᠨᠠᠨ ᠤ ᠨᠠᠢᠮᠠᠳᠤᠭᠠᠷ ᠲᠣᠪᠴᠢᠶ᠎ᠠ ᠵᠢᠴᠢ ᠭᠤᠷᠪᠠᠨ ᠬᠤᠰᠢᠭᠤ | ᠬᠤᠲᠠ ᠶᠢᠨ ᠢᠨᠵᠧᠨᠧᠷᠢᠩ ᠤᠨ ᠣᠷᠣᠨ ᠪᠠ ᠬᠠᠳᠤᠨ ᠭᠤᠣᠯ ᠤᠨ ᠳᠡᠭᠡᠳᠦ ᠳᠤᠮᠳᠠ ᠰᠠᠪᠠ ᠭᠠᠵᠠᠷ ᠤᠨ | ᠢᠨᠵᠧᠨᠧᠷᠢᠩ ᠤᠨ ᠣᠷᠣᠨ ᠪᠤᠯᠤᠨ᠎ᠠ᠂ ᠶᠡᠷᠦᠩᠬᠡᠶ ᠲᠠᠯᠠᠪᠠᠶ ᠨᠢ 6.1 ᠳ᠋ᠦᠩᠰᠢᠭᠤᠷ ᠮᠦ ᠪᠠᠶᠢᠵᠤ᠂ ᠪᠥᠬᠦ ᠣᠷᠣᠨ ᠤ | ᠶᠡᠷᠦᠩᠬᠡᠶ ᠭᠠᠵᠠᠷ ᠨᠤᠲᠤᠭ ᠤᠨ ᠲᠠᠯᠠᠪᠠᠢ ᠶᠢᠨ 34.5% ᠶᠢ ᠡᠵᠡᠯᠡᠵᠦ ᠪᠤᠢ᠃ 1998 ᠣᠨ ~ 2010 ᠣᠨ | ᠬᠦᠷᠲᠡᠯ᠎ᠡ ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠤᠨ ᠨᠢᠭᠡᠳᠦᠭᠡᠷ ᠨᠢᠭᠡ ᠬᠤᠭᠤᠴᠠᠭ᠎ᠠ᠂ 2010 ᠣᠨ | ~ 2020 ᠣᠨ ᠬᠦᠷᠲᠡᠯ᠎ᠡ ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭ᠎ᠠ | ᠪᠤᠯᠤᠨ᠎ᠠ᠃ ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠮᠠᠨ ᠤ ᠣᠷᠣᠨ ᠳᠤ ᠬᠡᠷᠡᠭᠵᠢᠭᠦᠯᠦᠭᠳᠡᠭᠰᠡᠨ 20 | ᠵᠢᠯ ᠤᠨ ᠲᠤᠷᠰᠢ᠂ ᠢᠨᠵᠧᠨᠧᠷᠢᠩ ᠤᠨ ᠤᠢ ᠰᠢᠭᠤᠶ ᠶᠢᠨ ᠡᠬᠢ ᠪᠠᠶᠠᠯᠢᠭ ᠤᠨ ᠲᠠᠯᠠᠪᠠᠶ᠂ ᠬᠠᠳᠠᠭᠠᠯᠠᠭᠳᠠᠴᠠ ᠶᠢᠨ | ᠬᠡᠮᠵᠢᠶ᠎ᠡ ᠴᠦᠮ ᠨᠡᠮᠡᠭᠳᠡᠭᠰᠡᠨ ᠪᠠᠶᠢᠨ᠎ᠠ᠃ ᠤᠳᠤᠬᠠᠨ ᠳᠤ᠂ ᠮᠠᠨ ᠤ ᠣᠷᠣᠨ ᠪᠠᠶᠢᠭᠠᠯᠢ ᠶᠢᠨ ᠤᠢ ᠶᠢ | ᠬᠤᠳᠠᠯᠳᠤᠭᠠᠨ ᠤ ᠴᠢᠨᠠᠷᠲᠠᠶ ᠪᠠᠷ ᠣᠭᠲᠣᠯᠬᠤ ᠶᠢ ᠨᠢᠭᠡᠨᠲᠡ ᠪᠦᠬᠦ ᠲᠠᠯ᠎ᠠ ᠪᠠᠷ ᠵᠣᠭᠰᠣᠭᠠᠵᠤ᠂ ᠤᠢ ᠰᠢᠭᠤᠢ ᠶᠢ | ᠬᠠᠮᠢᠶᠠᠷᠴᠤ ᠬᠠᠮᠠᠭᠠᠯᠠᠬᠤ᠂ ᠨᠡᠶᠢᠲᠡ ᠶᠢᠨ ᠠᠰᠠᠷᠠᠮᠵᠢ ᠶᠢᠨ ᠤᠢ ᠶᠢᠨ ᠪᠥᠳᠥᠭᠡᠨ ᠪᠠᠶᠢᠭᠤᠯᠬᠤ ᠪᠠ ᠨᠦᠭᠡᠴᠡ ᠡᠬᠢ | ᠪᠠᠶᠠᠯᠢᠭ ᠢ ᠪᠤᠶᠢᠵᠢᠭᠤᠯᠬᠤ ᠵᠡᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠨᠵᠧᠨᠧᠷᠢᠩ ᠤᠨ | ᠤᠷᠤᠨ ᠤ ᠤᠢ ᠰᠢᠭᠤᠶ ᠶᠢᠨ ᠲᠠᠯᠠᠪᠠᠢ ᠪᠠ ᠬᠡᠮᠵᠢᠶ᠎ᠡ ᠨᠢ ᠦᠷᠭᠦᠯᠵᠢᠯᠡᠨ ᠨᠡᠮᠡᠭᠳᠡᠵᠡᠢ︔ ᠠᠮᠢ ᠠᠬᠤᠶ ᠶᠢᠨ ᠪᠠᠶᠢᠳᠠᠯ | ᠨᠢ ᠰᠢᠰᠲ᠋ᠧᠮᠲᠦ ᠴᠢᠨᠠᠷᠲᠠᠶ ᠰᠡᠯᠪᠢᠯᠲᠡ ᠶᠢ ᠪᠡᠶᠡᠯᠡᠭᠦᠯᠪᠡ᠃ ᠬᠠᠳᠤᠨ ᠭᠤᠣᠯ ᠤᠨ ᠳᠡᠭᠡᠳᠦ ᠳᠤᠮᠳᠠ ᠤᠷᠤᠰᠬᠠᠯ ᠤᠨ | ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠠᠮᠢ ᠠᠬᠤᠢ ᠶᠢᠨ ᠪᠠᠶᠢᠳᠠᠯ ᠠᠯᠬᠤᠮ | ᠠᠯᠬᠤᠮ ᠢᠶᠠᠷ ᠰᠠᠶᠢᠵᠢᠷᠠᠵᠤ᠂ ᠡᠯᠡᠰᠦᠷᠬᠡᠭ ᠣᠷᠣᠨ ᠤ ᠤᠷᠭᠤᠮᠠᠯ ᠤᠨ ᠪᠦᠷᠬᠦᠴᠡ ᠶᠢᠨ ᠬᠡᠮᠵᠢᠶ᠎ᠡ᠂ ᠥᠨᠳᠥᠷ ᠤᠨ | ᠬᠡᠮᠵᠢᠶ᠎ᠡ᠂ ᠠᠮᠢᠳᠤ ᠪᠣᠳᠠᠰ ᠤᠨ ᠬᠡᠮᠵᠢᠶ᠎ᠡ ᠢᠯᠡᠳᠲᠡ ᠳᠡᠭᠡᠭᠰᠢᠯᠡᠵᠦ᠂ ᠤᠯᠠᠭᠠᠨ ᠪᠤᠬ᠎ᠠ᠂ ᠬᠥᠪᠴᠢ᠂ ᠲᠩᠷᠢ | ᠡᠯᠡᠰᠦ ᠶᠢᠨ ᠠᠭᠤᠯᠵᠠᠷ ᠤᠨ ᠤᠢ ᠶᠢᠨ ᠪᠦᠰᠡ ᠠᠯᠬᠤᠮ ᠠᠯᠬᠤᠮ ᠢᠶᠠᠷ ᠪᠦᠷᠢᠨᠰᠢᠪᠡ᠃ ᠴᠦᠯᠵᠢᠬᠦ᠂ ᠡᠯᠡᠰᠦᠵᠢᠬᠦ | ᠭᠠᠵᠠᠷ ᠰᠢᠷᠣᠶ ᠶᠢᠨ ᠲᠠᠯ᠎ᠠ ᠪᠠᠷ ᠦᠷᠭᠦᠯᠵᠢᠯᠡᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃ ᠪᠠᠶᠢᠭᠠᠯᠢ ᠶᠢᠨ | ᠣᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠪᠦᠲᠦᠮᠵᠢᠲᠡᠢ ᠬᠠᠮᠠᠭᠠᠯᠠᠯᠲᠠ | ᠲᠠᠢ ᠪᠤᠯᠵᠤ᠂ ᠲᠤᠭ᠎ᠠ ᠬᠡᠮᠵᠢᠶ᠎ᠡ ᠪᠠ ᠲᠥᠷᠥᠯ ᠵᠦᠢᠯ ᠨᠢ ᠢᠯᠡᠳᠲᠡ ᠨᠡᠮᠡᠭᠳᠡᠵᠦ᠂ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠪᠣᠯᠤᠨ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢᠯᠡᠳᠲᠡ ᠨᠡᠮᠡᠭᠳᠡᠵᠡᠢ︔ | ᠢᠨᠵᠧᠨᠧᠷᠢᠩ ᠤᠨ ᠣᠷᠣᠨ ᠠᠵᠤ ᠠᠬᠤᠶ ᠶᠢᠨ ᠬᠡᠯᠪᠡᠷᠢ ᠶᠢᠨ ᠬᠤᠪᠢᠷᠠᠯᠲᠠ ᠶᠢ ᠪᠡᠶᠡᠯᠡᠭᠦᠯᠵᠦ᠂ ᠠᠵᠢᠯᠳᠠᠨ | ᠠᠵᠢᠯᠴᠢᠨ ᠤ ᠠᠮᠢᠳᠤᠷᠠᠯ ᠤᠨ ᠬᠢᠷᠢ ᠬᠡᠮᠵᠢᠶ᠎ᠡ ᠨᠢ ᠢᠯᠡᠳᠲᠡ ᠳᠡᠭᠡᠭᠰᠢᠯᠡᠪᠡ᠃ ᠪᠠᠶᠢᠭᠠᠯᠢ ᠶᠢᠨ ᠣᠢ ᠶᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠠᠳ᠂ ᠥᠩᠭᠡᠷᠡᠭᠰᠡᠨ ᠤ ︽ᠮᠤᠳᠤ ᠴᠠᠪᠴᠢᠬᠤ ᠬᠦᠮᠦᠨ︾ ᠨᠢ ᠡᠳᠦᠭᠡ ︽ | ᠮᠤᠳᠤ ᠬᠠᠷᠠᠬᠤ︾ ᠪᠠ ︽ᠨᠡᠶᠢᠲᠡ ᠶᠢᠨ ᠠᠰᠠᠷᠠᠮᠵᠢ ᠶᠢᠨ ᠣᠶ ᠶᠢᠨ ᠪᠥᠲᠥᠭᠡᠨ ᠪᠠᠢᠭᠤᠯᠤᠭᠴᠢ︾ ᠪᠤᠯᠵᠠᠢ᠃ ᠲᠤᠭ᠎ᠠ | ᠪᠦᠷᠢᠳᠬᠡᠯ ᠠᠴᠠ ᠦᠵᠡᠪᠡᠯ᠂ 2017 ᠣᠨ ᠳᠤ ᠬᠠᠲᠤᠨ ᠭᠤᠣᠯ ᠤᠨ ᠳᠡᠭᠡᠳᠦ ᠳᠤᠮᠳᠠ ᠤᠷᠤᠰᠬᠠᠯ ᠪᠠ ᠯᠢᠩ ᠨᠠᠨ | ᠨᠠᠢᠮᠠᠳᠤᠭᠠᠷ ᠲᠣᠪᠴᠢᠶᠠᠨ ᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯ ᠤᠨ ᠤᠢ ᠰᠢᠭᠤᠶ ᠶᠢᠨ | ᠦᠢᠯᠡᠰ ᠤᠨ ᠠᠵᠢᠯᠲᠠᠨ ᠠᠵᠢᠯᠴᠢᠳ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ 56652.9 ᠲᠥᠭᠦᠷᠢᠭ ᠲᠤ | ᠬᠦᠷᠴᠦ᠂ 1997 ᠣᠨ ᠤ ᠬᠢ ᠠᠴᠠ 12.6 ᠳᠠᠬᠢᠨ ᠪᠤᠯᠵᠤ᠂ ᠥᠪᠥᠷ ᠮᠣᠩᠭᠤᠯ ᠤᠨ ᠣᠶ ᠰᠢᠭᠤᠶ ᠶᠢᠨ ᠠᠵᠤ | ᠦᠢᠯᠡᠳᠪᠦᠷᠢ ᠶᠢᠨ ᠪᠦᠯᠦᠭᠯᠡᠯ ᠤᠨ 2017 ᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ | ᠳᠤᠮᠳᠠᠴᠢ ᠴᠠᠯᠢᠩ 50003 ᠲᠥᠭᠦᠷᠢᠭ ᠲᠤ ᠬᠦᠷᠴᠦ᠂ 1997 ᠣᠨ ᠤ ᠬᠢ ᠠᠴᠠ 12.8 ᠳᠠᠬᠢᠨ ᠪᠤᠯᠵᠠᠢ᠃ | ᠲᠡᠷᠠᠭ᠎ᠠ ᠠᠯᠬᠤᠮ ᠳᠤ᠂ ᠮᠠᠨ ᠤ ᠣᠷᠣᠨ ︽ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠤᠨ ᠬᠤᠶᠠᠳᠤᠭᠠᠷ | ᠬᠤᠭᠤᠴᠠᠭᠠᠨ ᠤ ᠲᠥᠰᠦᠯ︾ ᠪᠣᠯᠤᠨ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶᠠᠨ ᠤ ᠪᠣᠳᠠᠲᠠᠶ | ᠪᠠᠶᠢᠷᠢᠯᠠᠭᠤᠯᠤᠯᠲᠠ ᠶᠤᠰᠤᠭᠠᠷ᠂ ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠤᠨ ᠬᠤᠶᠠᠳᠤᠭᠠᠷ | ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ |