ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠦᠯᠦᠭᠡ᠂ | ᠮᠠᠨ ᠤ ᠣᠷᠣᠨ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠴᠦᠯᠡᠨ ᠬᠤᠪᠢᠷᠠᠭᠤᠯᠵᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ ᠨᠡᠯᠢᠶᠡᠳ ᠲᠦᠷᠭᠡᠨ ᠪᠤᠯᠪᠠ᠃ ᠡᠨᠡ | ᠵᠢᠯ ᠤᠨ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ | ᠬᠤᠷᠳᠤᠴᠠ ᠠᠴᠠ ᠬᠤᠯᠠ ᠳᠠᠪᠠᠭᠰᠠᠨ ᠪᠠᠶᠢᠨ᠎ᠠ᠃ ᠡᠭᠦᠨ ᠳᠤ᠂ ᠬᠤᠪᠣᠷ ᠰᠢᠷᠣᠶ ᠶᠢᠨ ᠠᠵᠤ ᠦᠶᠯᠡᠰ ᠤᠨ ᠨᠡᠮᠡᠭᠳᠡᠯ | ᠥᠷᠲᠡᠭ ᠨᠢ 25.3% ᠪᠠᠷ ᠨᠡᠮᠡᠭᠳᠡᠵᠦ᠂ ᠡᠯᠧᠺᠲᠷᠣᠨ ᠺᠣᠮᠫᠢᠦ᠋ᠲ᠋ᠧᠷ ᠵᠢᠴᠢ ᠴᠢᠮᠡᠭᠡ ᠨᠡᠪᠲᠡᠷᠡᠯᠭᠡ ᠶᠢᠨ ᠦᠢᠯᠡᠰ ᠤᠨ | ᠨᠡᠮᠡᠭᠳᠡᠯ ᠦᠷᠳᠡᠭ ᠨᠢ 13.7% ᠪᠠᠷ ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠦᠷᠲᠡᠭ | ᠨᠢ 10.9% ᠪᠠᠷ ᠨᠡᠮᠡᠭᠳᠡᠪᠡ᠃ ᠡᠭᠦᠨ ᠤ ᠬᠠᠮᠲᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠠᠪᠠᠭᠤᠯᠢᠭ ᠠᠵᠤ ᠦᠢᠯᠡᠰ ᠤᠨ ᠳᠠᠶᠢᠴᠢᠯᠠᠯᠲᠠ ᠳᠣᠣᠷ᠎ᠠ᠂ 1 — 8 | ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ 99.4% ᠶᠢᠨ ᠥᠨᠳᠥᠷ ᠬᠡᠮᠵᠢᠶᠡᠨ ᠳᠤ ᠬᠦᠷᠴᠦ᠂ | 1 —7 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠳᠡᠭᠡᠭᠰᠢᠯᠡᠪᠡ︔ 1 — 7 ᠳ᠋ᠤᠭᠠᠷ ᠰᠠᠷ᠎ᠠ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠰᠢᠭ | ᠬᠤᠨᠵᠢᠪᠣᠷᠢ ᠶᠢᠨ ᠪᠥᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10.8 ᠵᠠᠭᠤᠨ ᠤ | ᠴᠡᠭ ᠲᠦᠷᠭᠡᠨ ᠪᠤᠯᠪᠠ᠃ |